ᠥᠪᠦᠷ ᠮᠣᠩᠭᠤᠯ ᠤᠨ ᠵᠢᠯᠣᠭᠤᠴᠢ ᠶᠢᠨ ᠦᠨᠡᠮᠯᠡᠯ ᠠᠪᠬᠤ ᠰᠢᠯᠭᠠᠯᠲᠠ ᠶᠢᠨ ᠰᠢᠨ᠎ᠡ ᠪᠠᠷᠢᠮᠵᠢᠶ᠎ᠠ ᠶᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2017-10-10
      9 ᠳ᠋ᠦ᠋ᠭᠡᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠬᠤᠷᠠᠯᠳᠤᠪᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠮᠠᠰᠢᠨ ᠲᠡᠷᠭᠡᠨ ᠤ ᠵᠢᠯᠣᠭᠤᠴᠢ ᠶᠢᠨ ᠰᠢᠯᠭᠠᠯᠲᠠ ᠶᠢᠨ ᠰᠢᠨ᠎ᠡ ᠪᠠᠷᠢᠮᠵᠢᠶ᠎ᠠ ᠶᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠥᠨᠥ᠂ ᠪᠦᠬᠦ ᠣᠷᠣᠨ ᠤ 12 ᠠᠶᠢᠮᠠᠭ ᠬᠤᠲᠠ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠵᠢᠯᠣᠭᠤᠴᠢ ᠰᠢᠯᠭᠠᠬᠤ ᠲᠠᠯᠠᠪᠤᠷ ᠤᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠨ᠂ ᠰᠢᠯᠭᠠᠯᠲᠠ ᠶᠢᠨ ᠰᠢᠰᠲ᠋ᠧᠮ ᠢ ᠵᠡᠷᠭᠡ ᠳᠤᠨᠢ ᠳᠡᠰ ᠳᠡᠪᠰᠢᠭᠦᠯᠵᠦ᠂ ᠰᠢᠯᠭᠠᠯᠲᠠ ᠶᠢᠨ ᠠᠵᠢᠯ ᠤᠨ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠪ ᠤᠨ ᠪᠠᠶᠢᠳᠠᠯ ᠢᠶᠠᠷ ᠥᠷᠨᠢᠭᠳᠡᠬᠦ ᠶᠢ ᠪᠠᠲᠤᠯᠠᠵᠤ ᠪᠠᠶᠢᠨ᠎ᠠ᠃      ᠡᠮᠦᠨᠡᠬᠢ ᠲᠡᠷᠭᠡ ᠠᠴᠠ ᠲᠡᠷᠢᠭᠦᠯᠡᠬᠦ ᠰᠢᠯᠭᠠᠯᠲᠠ ᠶᠢᠨ ᠲᠥᠷᠥᠯ ᠵᠦᠢᠯ ᠳᠤ ︽ᠡᠷᠬᠢᠨ ᠬᠠᠷᠠᠵᠤ ᠠᠵᠢᠭᠯᠠᠬᠤ︾ ᠠᠵᠢᠯᠯᠠᠭ᠎ᠠ ᠶᠢ ᠨᠡᠮᠡᠪᠡ      ᠲᠠᠨᠢᠯᠴᠠᠭᠤᠯᠤᠭᠰᠠᠨ ᠢᠶᠠᠷ᠂ ᠤᠤᠯ ᠤᠨ ᠰᠢᠯᠭᠠᠯᠲᠠ ᠨᠢᠭᠡ ᠳᠠᠬᠢ ᠠᠮᠤᠷ ᠲᠦᠪᠰᠢᠨ ᠪᠦᠭᠡᠳ ᠪᠣᠯᠪᠠᠰᠤᠨ ᠢᠶᠠᠷ ᠲᠡᠷᠭᠡ ᠵᠢᠯᠣᠭᠤᠳᠬᠤ ᠶᠡᠷᠦ ᠶᠢᠨ ᠮᠡᠳᠡᠯᠭᠡ ᠳᠤ ᠬᠤᠯᠪᠣᠭᠳᠠᠬᠤ ᠪᠦᠬᠦ ᠠᠭᠤᠯᠭ᠎ᠠ ᠶᠢ ᠰᠢᠯᠭᠠᠯᠲᠠ ᠭᠤᠷᠪᠠ ᠶᠢᠨ ᠠᠮᠤᠷ ᠲᠦᠪᠰᠢᠨ ᠪᠦᠭᠡᠳ ᠪᠣᠯᠪᠠᠰᠤᠨ ᠢᠶᠠᠷ ᠲᠡᠷᠭᠡ ᠵᠢᠯᠣᠭᠤᠳᠬᠤ ᠶᠡᠷᠦ ᠶᠢᠨ ᠮᠡᠳᠡᠯᠭᠡ ᠶᠢᠨ ᠰᠢᠯᠭᠠᠯᠲᠠ ᠶᠢᠨ ᠲᠥᠷᠥᠯ ᠵᠦᠶᠯ ᠳᠤ ᠲᠣᠬᠢᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ ᠲᠥᠪᠰᠢᠨ ᠪᠦᠭᠡᠳ ᠪᠣᠯᠪᠠᠰᠤᠨ ᠢᠶᠠᠷ ᠲᠡᠷᠭᠡ ᠵᠢᠯᠣᠭᠤᠳᠬᠤ ᠰᠢᠯᠭᠠᠯᠲᠠ ᠶᠢᠨ ᠰᠡᠳᠥᠪ ᠤᠨ ᠬᠠᠷᠢᠴᠠᠯ ᠢ ᠳᠡᠭᠡᠭᠰᠢᠯᠡᠭᠦᠯᠪᠡ᠃ ᠰᠢᠯᠭᠠᠯᠲᠠ ᠶᠢᠨ ᠬᠡᠰᠡᠭ ᠠᠵᠢᠯᠯᠠᠭᠠᠨ ᠳᠤ ᠲᠣᠬᠢᠷᠠᠭᠤᠯᠤᠯᠲᠠ ᠬᠢᠪᠡ᠂ ᠵᠢᠱᠢᠶᠡᠯᠡᠪᠡᠯ ᠰᠢᠯᠭᠠᠯᠲᠠ ᠭᠤᠷᠪᠠ ᠶᠢᠨ ᠲᠡᠷᠭᠡ ᠬᠥᠳᠡᠯᠬᠦ᠂ ᠲᠡᠷᠭᠡᠨ ᠵᠠᠮ ᠰᠣᠯᠢᠬᠤ᠂ ᠬᠠᠵᠠᠭᠤ ᠲᠡᠰᠢ ᠪᠠᠨ ᠲᠡᠷᠭᠡ ᠵᠣᠭᠰᠤᠭᠠᠬᠤ᠂ ᠡᠮᠦᠨᠡᠬᠢ ᠲᠡᠷᠭᠡ ᠠᠴᠠ ᠲᠡᠷᠢᠭᠦᠯᠡᠬᠦ ᠰᠢᠯᠭᠠᠯᠲᠠ ᠶᠢᠨ ᠲᠥᠷᠥᠯ ᠵᠦᠢᠯ ᠳᠤ ︽ᠡᠷᠬᠢᠨ ᠬᠠᠷᠠᠵᠤ ᠠᠵᠢᠭᠯᠠᠬᠤ︾ ᠠᠵᠢᠯᠯᠠᠭ᠎ᠠ ᠶᠢ ᠨᠡᠮᠡᠵᠦ᠂ ᠵᠠᠮ ᠤᠨ ᠠᠭᠤᠯᠵᠠᠷ ᠢᠶᠠᠷ ᠥᠩᠭᠡᠷᠡᠬᠦ᠂ ᠵᠡᠭᠦᠨᠰᠢ ᠪᠠᠷᠠᠭᠤᠨᠰᠢ ᠮᠤᠷᠤᠶᠢᠬᠤ ᠵᠡᠷᠭᠡ ᠲᠦᠷᠦᠯ ᠵᠦᠢᠯ ᠳᠤ ᠤᠷᠢᠳᠠᠪᠠᠷ ᠨᠡᠪᠲᠡᠷᠡᠬᠦ ᠲᠡᠷᠭᠡ ᠬᠥᠰᠬᠡ᠂ ᠶᠠᠪᠠᠭᠠᠨ ᠬᠦᠮᠦᠨ᠂ ᠮᠠᠰᠢᠨᠲᠤ ᠪᠤᠰᠤ ᠲᠡᠷᠭᠡ ᠳᠤ ᠰᠠᠨᠠᠭᠠᠴᠢᠯᠠᠭ᠎ᠠ ᠠᠴᠠ ᠪᠠᠨ ᠵᠠᠮ ᠲᠠᠯᠪᠢᠵᠤ ᠥᠭᠬᠦ ᠦᠭᠡᠶ ᠪᠣᠯ ᠤᠭᠲᠤ ᠬᠢᠷᠢ ᠲᠡᠩᠴᠡᠭᠦᠯᠬᠦ ᠦᠭᠡᠢ᠃      ᠰᠢᠯᠭᠠᠯᠲᠠ ᠨᠢᠭᠡ ᠳᠤ ᠦᠵᠡᠮᠵᠢ ᠪᠠᠶᠢᠳᠠᠯ ᠤᠨ ᠲᠥᠷᠥᠯ ᠤᠨ ᠰᠡᠳᠥᠪ ᠢ ᠨᠡᠮᠡᠵᠦ   ᠵᠠᠮ ᠤᠨ ᠪᠣᠳᠠᠲᠤ ᠪᠠᠶᠢᠳᠠᠯ ᠢ ᠳᠠᠭᠤᠷᠢᠶᠠᠪᠠ      ᠣᠶᠢᠯᠠᠭᠠᠭᠰᠠᠨ ᠢᠶᠠᠷ᠂ ᠰᠢᠯᠭᠠᠯᠲᠠ ᠨᠢᠭᠡ ᠶᠢᠨ ᠠᠮᠤᠷ ᠲᠦᠪᠰᠢᠨ ᠪᠦᠭᠡᠳ ᠪᠣᠯᠪᠠᠰᠤᠨ ᠢᠶᠠᠷ ᠲᠡᠷᠭᠡ ᠵᠢᠯᠣᠭᠤᠳᠬᠤ ᠶᠡᠷᠦ ᠶᠢᠨ ᠮᠡᠳᠡᠯᠭᠡ ᠶᠢᠨ ᠰᠢᠯᠭᠠᠯᠲᠠ ᠳᠤ ᠦᠵᠡᠮᠵᠢ ᠪᠠᠶᠢᠳᠠᠯ ᠤᠨ ᠲᠥᠷᠥᠯ ᠤᠨ ᠰᠡᠳᠦᠪ ᠢ ᠨᠡᠮᠡᠵᠦ᠂ ᠦᠰᠦᠭ ᠪᠢᠴᠢᠭ ᠪᠤᠶᠤ ᠵᠢᠷᠤᠭ ᠰᠡᠭᠦᠳᠡᠷ᠂ ᠬᠠᠷᠠᠭᠠᠨ ᠳᠠᠪᠲᠠᠮᠵᠢ ᠵᠡᠷᠭᠡ ᠪᠠᠶᠢᠳᠠᠯ ᠳᠠᠬᠢ ᠵᠢᠯᠣᠭᠤᠳᠤᠯᠭ᠎ᠠ ᠪᠠᠷ ᠳᠠᠮᠵᠢᠭᠤᠯᠤᠨ ᠪᠣᠳᠠᠲᠤ ᠵᠠᠮ ᠤᠨ ᠪᠠᠶᠢᠳᠠᠯ ᠢ ᠳᠠᠭᠤᠷᠢᠶᠠᠵᠤ᠂ ᠰᠢᠯᠭᠠᠭᠤᠯᠤᠭᠴᠢ ᠶᠢᠨ ᠪᠣᠳᠠᠲᠠᠶ ᠵᠠᠮ ᠬᠠᠷᠢᠯᠴᠠᠭᠠᠨ ᠤ ᠪᠠᠶᠢᠳᠠᠯ ᠢ ᠲᠠᠨᠢᠵᠤ ᠮᠡᠳᠡᠬᠦ᠂ ᠮᠠᠭᠠᠳᠯᠠᠬᠤ ᠪᠠ ᠰᠢᠶᠳᠪᠦᠷᠢᠯᠡᠬᠦ ᠴᠢᠳᠠᠪᠤᠷᠢ ᠶᠢ ᠬᠢᠨᠠᠨ ᠰᠢᠯᠭᠠᠨ᠎ᠠ᠃ ᠲᠠᠯᠠᠪᠤᠷ ᠤᠨ ᠰᠢᠯᠭᠠᠯᠲᠠ ᠨᠢ ᠬᠡᠷᠡᠭᠴᠡᠭᠡᠲᠦ ᠴᠢᠨᠠᠷ ᠢ ᠳᠣᠪᠣᠶᠢᠯᠭᠠᠨ᠎ᠠ᠃ ᠠᠮᠤᠷ ᠲᠥᠪᠰᠢᠨ ᠢᠶᠠᠷ ᠵᠢᠯᠣᠭᠤᠳᠬᠤ ᠶᠢ ᠪᠠᠲᠤᠯᠠᠭᠰᠠᠨ ᠤᠷᠢᠲᠠᠯ ᠳᠣᠣᠷ᠎ᠠ᠂ ᠰᠢᠯᠭᠠᠯᠲᠠ ᠬᠤᠶᠠᠷ ᠤᠨ ᠲᠡᠷᠭᠡ ᠤᠬᠤᠷᠢᠭᠤᠯᠵᠤ ᠬᠥᠮᠦᠷᠭᠡᠯᠡᠬᠦ᠂ ᠪᠠᠭᠠᠨ᠎ᠠ ᠰᠢᠨᠵᠢᠬᠦ᠂ ᠭᠠᠭᠴᠠ ᠲᠠᠯ᠎ᠠ ᠶᠢᠨ ᠬᠥᠭᠦᠷᠭᠡ᠂ ᠡᠭᠴᠡ ᠪᠠᠷ ᠮᠤᠷᠦ᠋ᠢᠬᠤ᠂ ᠬᠠᠷᠰᠢ ᠰᠠᠭᠠᠳ ᠢ ᠳᠠᠷᠠᠭᠠᠯᠠᠨ ᠳᠠᠪᠠᠭ᠋ᠤ ᠵᠡᠷᠭᠡ ᠲᠦᠷᠦᠯ ᠵᠦᠢᠯ ᠳᠤ᠂ ᠵᠣᠬᠢᠬᠤ ᠬᠡᠮᠵᠢᠶ᠎ᠡ ᠪᠠᠷ ᠲᠡᠷᠭᠡ ᠪᠠᠨ ᠵᠣᠭᠰᠣᠭᠠᠨ ᠠᠵᠢᠭᠯᠠᠵᠤ ᠠᠮᠤᠷ ᠲᠥᠪᠰᠢᠨ ᠢ ᠨᠤᠲᠠᠯᠠᠭᠰᠠᠨ ᠤ ᠳᠠᠷᠠᠭ᠎ᠠ ᠠᠵᠢᠯᠯᠠᠭᠤᠯᠬᠤ ᠶᠢ ᠵᠥᠪᠰᠢᠶᠡᠷᠡᠨ᠎ᠡ᠃      ᠵᠠᠮ ᠳᠤᠮᠳᠠ ᠳᠠᠭᠠᠨ ᠲᠡᠷᠭᠡ ᠵᠤᠭᠰᠤᠭᠰᠠᠨ ᠢ ᠰᠢᠯᠭᠠᠯᠲᠠ ᠳᠤ ᠬᠢᠷᠢ ᠲᠡᠩᠴᠡᠬᠦ ᠦᠬᠡᠢ ᠠᠴᠠ ︽ᠤᠳᠠᠭ᠎ᠠ ᠪᠦᠷᠢ 5 ᠬᠤᠪᠢ ᠬᠠᠰᠤᠬᠤ︾ ᠪᠣᠯᠭᠠᠨ ᠲᠤᠬᠢᠷᠠᠭᠤᠯᠪᠠ᠃ ᠵᠠᠮ ᠢᠶᠠᠷ ᠲᠡᠷᠭᠡ ᠵᠢᠯᠤᠭᠤᠳᠬᠤ ᠮᠡᠷᠭᠡᠵᠢᠯ ᠴᠢᠳᠠᠪᠤᠷᠢ ᠶᠢᠨ ᠰᠢᠯᠭᠠᠯᠲᠠ   ᠨᠢ ᠳᠤ ᠠᠮᠤᠷ ᠲᠦᠪᠰᠢᠨ ᠪᠥᠭᠡᠳ ᠪᠣᠯᠪᠠᠰᠤᠨ ᠢᠶᠠᠷ ᠵᠢᠯᠣᠭᠤᠳᠬᠤ ᠶᠢ ᠴᠢᠬᠤᠯᠠᠴᠢᠯᠠᠨ᠎ᠠ᠃ ᠵᠢᠱᠢᠶᠡᠯᠡᠪᠡᠯ ᠲᠡᠷᠭᠡ ᠡᠷᠭᠢᠬᠦ ᠲᠥᠷᠥᠯ ᠵᠦᠢᠯ ᠳᠤ ︽ᠴᠢᠭᠯᠡᠯ ᠢᠶᠠᠨ ᠬᠤᠪᠢᠷᠠᠭᠤᠯᠬᠤ ᠳᠤ ᠴᠢᠭᠯᠡᠯ ᠢᠯᠡᠳᠬᠡᠬᠦ ᠳ᠋ᠧᠩ ᠢᠶᠠᠨ ᠤᠷᠢᠳᠴᠢᠯᠠᠨ ᠨᠡᠭᠡᠭᠡᠬᠦ︾ ᠵᠡᠷᠭᠡ ᠠᠵᠢᠯᠯᠠᠭ᠎ᠠ ᠪᠠ ᠬᠤᠪᠢ ᠬᠠᠰᠤᠬᠤ ᠶᠢ ᠨᠡᠮᠡᠭᠳᠡᠭᠦᠯᠵᠦ᠂ ᠪᠤᠲᠠᠲᠤ ᠵᠠᠮ ᠢᠶᠠᠷ ᠲᠡᠷᠭᠡ ᠵᠢᠯᠤᠭᠤᠳᠬᠤ ᠬᠡᠷᠡᠭᠴᠡᠭᠡ ᠶᠢ ᠳᠤᠪᠤᠶᠢᠯᠭᠠᠵᠤ᠂ ᠰᠢᠯᠭᠠᠭᠤᠯᠤᠭᠴᠢ ᠶᠢᠨ ᠰᠠᠶᠢᠨ ᠰᠠᠶᠢᠬᠠᠨ ᠲᠡᠷᠭᠡ ᠵᠢᠯᠣᠭᠤᠳᠬᠤ ᠳᠠᠳᠬᠠᠯ ᠢ ᠬᠦᠮᠦᠵᠢᠭᠦᠯᠦᠨ᠎ᠡ᠃      ᠰᠢᠯᠭᠠᠯᠲᠠ ᠨᠢᠭᠡ ᠳᠤ ᠬᠢᠷᠢ ᠲᠡᠩᠴᠡᠭᠰᠡᠨ ᠤ ᠳᠠᠷᠠᠭ᠎ᠠ   ᠪᠤᠰᠤᠳ ᠰᠢᠯᠭᠠᠯᠲᠠ ᠶᠢᠨ ᠲᠦᠷᠦᠯ ᠢ ᠪᠤᠯᠵᠤᠬᠤ ᠠᠵᠢᠯ ᠢ ᠨᠢᠭᠡ ᠯᠡ ᠤᠳᠠᠭ᠎ᠠ ᠳᠤ ᠬᠢᠵᠦ ᠳᠠᠭᠤᠰᠬᠠᠬᠤ ᠪᠠᠷ ᠭᠤᠶᠤᠴᠢᠯᠠᠵᠤ ᠪᠣᠯᠤᠨ᠎ᠠ      ᠰᠢᠨ᠎ᠡ ᠪᠠᠷᠢᠮᠵᠢᠶ᠎ᠠ ᠳᠤ ᠪᠠᠭ᠎ᠠ ᠬᠡᠯᠪᠡᠷᠢ ᠶᠢᠨ ᠮᠠᠰᠢᠨ ᠲᠡᠷᠭᠡᠨ ᠤ ᠰᠢᠯᠭᠠᠯᠲᠠ ᠭᠤᠷᠪᠠ ᠶᠢᠨ ᠰᠥᠨᠢ ᠶᠢᠨ ᠰᠢᠯᠭᠠᠯᠲᠠ ᠶᠢᠨ ᠬᠡᠯᠪᠡᠷᠢ ᠶᠢ ᠳᠠᠭᠤᠷᠢᠶᠠᠮᠠᠯ ᠰᠥᠨᠢ ᠶᠢᠨ ᠳ᠋ᠧᠩ ᠬᠡᠷᠡᠭᠯᠡᠬᠦ ᠰᠢᠯᠭᠠᠯᠲᠠ ᠶᠢᠨ ᠬᠡᠯᠪᠡᠷᠢ ᠪᠣᠯᠭᠠᠨ ᠲᠣᠬᠢᠷᠠᠭᠤᠯᠵᠤ ᠶᠠᠪᠤᠭᠳᠠᠭᠤᠯᠤᠨ᠎ᠠ᠃ ᠲᠤᠮᠤ ᠬᠡᠯᠪᠡᠷᠢ ᠶᠢᠨ ᠮᠠᠰᠢᠨ ᠲᠡᠷᠭᠡᠨ ᠤ ᠰᠢᠯᠭᠠᠯᠲᠠ ᠬᠤᠶᠠᠷ ᠤᠨ ᠰᠢᠯᠭᠠᠯᠲᠠ ᠳᠤ ᠬᠢᠷᠢ ᠲᠡᠩᠴᠡᠭᠰᠡᠨ ᠦᠬᠡᠢ ᠲᠡᠷᠡ ᠳᠣᠣᠷ᠎ᠠ ᠨᠢ ᠨᠥᠬᠦᠨ ᠰᠢᠯᠭᠠᠬᠤ ᠴᠢᠬᠤᠯᠠᠲᠠᠢ ᠰᠢᠯᠭᠠᠭᠤᠯᠤᠭᠴᠢ᠂ ᠬᠤᠪᠢ ᠬᠠᠰᠤᠭᠰᠠᠨ ᠦᠭᠡᠢ ᠨᠢᠭᠡᠨᠲᠡ ᠰᠢᠯᠭᠠᠭᠰᠠᠨ ᠲᠥᠷᠥᠯ ᠵᠦᠢᠯ ᠢᠶᠠᠨ ᠲᠠᠬᠢᠵᠤ ᠨᠥᠬᠦᠨ ᠰᠢᠯᠭᠠᠬᠤ ᠦᠭᠡᠢ ᠪᠠᠶᠢᠵᠤ ᠪᠤᠯᠤᠨ᠎ᠠ︔ ᠰᠢᠯᠭᠠᠯᠲᠠ ᠭᠤᠷᠪᠠ ᠶᠢᠨ ᠪᠤᠲᠠᠲᠤ ᠵᠠᠮ ᠳᠡᠭᠡᠷ᠎ᠡ ᠲᠡᠷᠭᠡ ᠵᠢᠯᠣᠭᠤᠳᠬᠤ ᠰᠢᠯᠭᠠᠯᠲᠠ ᠳᠤ ᠤᠷᠤᠯᠴᠠᠬᠤ ᠰᠢᠯᠭᠠᠭᠤᠯᠤᠭᠴᠢ᠂ ᠰᠥᠨᠢ ᠶᠢᠨ ᠰᠢᠯᠭᠠᠯᠲᠠ ᠳᠤ ᠬᠢᠷᠢ ᠲᠡᠩᠴᠡᠭᠰᠡᠨ ᠦᠬᠡᠢ ᠲᠡᠷᠡ ᠳᠣᠣᠷ᠎ᠠ ᠨᠢ ᠨᠥᠬᠦᠨ ᠰᠢᠯᠭᠠᠬᠤ ᠴᠢᠬᠤᠯᠠᠲᠠᠢ ᠪᠠᠶᠢᠪᠠᠯ᠂ ᠡᠳᠦᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠢ ᠦᠯᠡᠳᠡᠭᠡᠵᠦ ᠦᠭᠭᠦᠨ᠎ᠡ᠃  ᠰᠢᠨ᠎ᠡ ᠪᠠᠷᠢᠮᠵᠢᠶ᠎ᠠ ᠨᠢ ᠪᠠᠰᠠ ᠰᠢᠯᠭᠠᠯᠲᠠ ᠨᠢᠭᠡ ᠳᠤ ᠬᠢᠷᠢ ᠲᠡᠩᠴᠡᠭᠰᠡᠨ ᠤ ᠳᠠᠷᠠᠭ᠎ᠠ᠂ ᠰᠢᠯᠭᠠᠭᠤᠯᠤᠭᠴᠢ ᠪᠤᠰᠤᠳ ᠰᠢᠯᠭᠠᠯᠲᠠ ᠤᠨ ᠲᠦᠷᠦᠯ ᠢ ᠪᠤᠯᠵᠤᠬᠤ ᠠᠵᠢᠯ ᠢ ᠨᠢᠭᠡ ᠯᠡ ᠤᠳᠠᠭ᠎ᠠ ᠳᠤ ᠬᠢᠵᠦ ᠳᠠᠭᠤᠰᠬᠠᠬᠤ ᠪᠠᠷ ᠭᠤᠶᠤᠴᠢᠯᠠᠵᠤ ᠪᠤᠯᠬᠤ᠂ ᠰᠢᠯᠭᠠᠯᠲᠠ ᠬᠤᠶᠠᠷ ᠪᠤᠯᠤᠨ ᠰᠢᠯᠭᠠᠯᠲᠠ ᠭᠤᠷᠪᠠ ᠶᠢᠨ ᠵᠠᠮ ᠢᠶᠠᠷ ᠲᠡᠷᠭᠡ ᠵᠢᠯᠤᠭᠤᠳᠬᠤ ᠮᠡᠷᠭᠡᠵᠢᠯ ᠴᠢᠳᠠᠪᠤᠷᠢ ᠶᠢᠨ ᠰᠢᠯᠭᠠᠯᠲᠠ ᠶᠢ ᠨᠢᠭᠡ ᠤᠳᠠᠭ᠎ᠠ ᠤᠷᠢᠳᠴᠢᠯᠠᠨ ᠪᠤᠯᠵᠤᠵᠤ᠂  ᠳᠠᠷᠠᠭᠠᠯᠠᠨ ᠰᠢᠯᠭᠠᠬᠤ ᠵᠡᠷᠭᠡ ᠠᠷᠠᠳ ᠲᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠶᠢ ᠠᠪᠴᠤ᠂ ᠰᠤᠷᠤᠭᠴᠢᠳ ᠤᠨ ᠨᠠᠰᠢ ᠴᠠᠰᠢ ᠶᠠᠪᠤᠬᠤ ᠤᠳᠠᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠰᠤᠷᠤᠭᠴᠢᠳ ᠤᠨ ᠰᠢᠯᠭᠠᠵᠤ ᠦᠨᠡᠮᠯᠡᠯ ᠠᠪᠬᠤ ᠳᠤ ᠨᠡᠩ ᠳᠦᠭᠦᠮ ᠦᠵᠡᠭᠦᠯᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶᠠᠨ ᠤ ᠲᠡᠷᠭᠡ ᠬᠥᠰᠬᠡ ᠪᠣᠯᠤᠨ ᠵᠢᠯᠣᠭᠤᠴᠢ ᠶᠢᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠲᠢᠶᠠᠨ ᠯᠢ ᠴᠢᠩ ᠲᠠᠨᠢᠯᠴᠠᠭᠤᠯᠤᠭᠰᠠ ᠨᠢ᠂ ᠰᠢᠨ᠎ᠡ ᠰᠢᠯᠭᠠᠯᠲᠠ ᠶᠢᠨ ᠪᠠᠷᠢᠮᠵᠢᠶ᠎ᠠ ᠨᠢ ᠵᠠᠷᠢᠮ ᠰᠢᠯᠭᠠᠯᠲᠠ ᠶᠢᠨ ᠲᠦᠷᠦᠯ ᠵᠦᠢᠯ ᠤᠨ ᠬᠤᠪᠢ ᠬᠠᠰᠤᠬᠤ ᠶᠢ ᠪᠠᠭᠤᠷᠠᠭᠤᠯᠵᠤ᠂ ᠵᠠᠷᠢᠮ ᠰᠢᠯᠭᠠᠯᠲᠠ ᠶᠢᠨ ᠠᠭᠤᠯᠭ᠎ᠠ ᠳᠤ ᠰᠢᠯᠭᠠᠯᠲᠠ ᠶᠢᠨ ᠲᠥᠷᠥᠯ ᠤᠨ ᠲᠤᠬᠢᠷᠠᠭᠤᠯᠤᠯᠲᠠ ᠬᠢᠵᠦ᠂ ᠶᠡᠷᠦᠩᠬᠡᠶ ᠳᠤᠨᠢ ᠠᠪᠴᠤ ᠦᠵᠡᠪᠡᠯ ᠬᠦᠴᠢᠷ ᠤᠨ ᠬᠡᠮᠵᠢᠶ᠎ᠡ ᠮᠡᠳᠡᠭᠳᠡᠬᠦ᠋ᠢᠴᠡ ᠬᠤᠪᠢᠷᠠᠯᠲᠠ ᠪᠠᠶᠢᠬᠤ ᠦᠭᠡᠢ᠃ ᠰᠢᠨ᠎ᠡ ᠪᠠᠷᠢᠮᠵᠢᠶ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠬᠢᠷᠢ ᠲᠡᠩᠴᠡᠭᠰᠡᠨ ᠰᠢᠯᠭᠠᠯᠲᠠ ᠶᠢᠨ ᠲᠦᠷᠦᠯ ᠤᠨ ᠬᠢᠷᠢ ᠪᠦᠲᠦᠮᠵᠢ ᠨᠢ ᠮᠥᠨ ᠯᠡ ᠬᠦᠴᠦᠨ ᠲᠠᠢ᠂ ᠰᠤᠷᠤᠭᠴᠢᠳ ᠰᠢᠨ᠎ᠡ ᠪᠠᠷᠢᠮᠵᠢᠶ᠎ᠠ ᠬᠡᠷᠡᠭᠵᠢᠭᠦᠯᠦᠭᠳᠡᠬᠦ ᠠᠴᠠ ᠡᠮᠦᠨ᠎ᠡ ᠤᠷᠢᠳᠠᠵᠤ ᠰᠢᠯᠭᠠᠵᠤ ᠳᠠᠭᠤᠰᠬᠠᠬᠤ ᠪᠠᠷ ᠶᠠᠭᠠᠷᠠᠬᠤ ᠬᠡᠷᠡᠭ ᠦᠭᠡᠢ᠂ ᠰᠢᠨ᠎ᠡ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠬᠡᠪ ᠤᠨ ᠶᠠᠩᠵᠤ ᠪᠠᠷ ᠢᠶᠠᠨ ᠲᠡᠷᠭᠡ ᠪᠠᠨ ᠪᠤᠯᠪᠠᠰᠤᠷᠠᠵᠤ᠂ ᠯᠠᠪᠳᠠᠭᠤᠨ ᠪᠣᠯᠭᠤᠮᠵᠢᠲᠠᠶ ᠪᠠᠷ ᠰᠢᠯᠭᠠᠯᠲᠠ ᠳᠤ ᠤᠷᠤᠯᠴᠠᠪᠠᠯ ᠪᠣᠯᠴᠢᠬᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号