ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠪᠣᠯᠣᠨ ᠰᠠᠶᠢᠬᠠᠨ ᠲᠣᠭᠤᠷᠢᠭ  ᠲᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠠᠵᠢᠯᠯᠠᠭ᠎ᠠ ᠥᠷᠨᠢᠭᠦᠯᠬᠦ ᠠᠯᠪᠠᠨ ᠵᠠᠷ
ᠨᠡᠶᠢᠲᠡᠯᠡᠭᠰᠡᠨ ᠴᠠᠭ᠄
2017/10/11
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ  ᠨᠢ 2017 ᠣᠨ ᠤ 10 ᠳ᠋ᠤᠭᠠᠷ ᠰᠠᠷ᠎ᠠ ᠶᠢᠨ 9 ——11 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠰᠢᠨ᠎ᠡ ᠬᠤᠲᠠ ᠲᠣᠭᠤᠷᠢᠭ ᠪᠣᠯᠣᠨ ᠰᠠᠶᠢᠬᠠᠨ ᠲᠣᠭᠤᠷᠢᠭ ᠲᠤ ᠲᠣᠭᠤᠷᠢᠨ ᠪᠠᠶᠢᠴᠠᠭᠠᠵᠦ ᠬᠢᠨᠠᠯᠲᠠ ᠲᠠᠯᠪᠢᠬᠤ ᠠᠵᠢᠯᠯᠠᠭ᠎ᠠ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠲᠣᠭᠤᠷᠢᠨ ᠪᠠᠶᠢᠴᠠᠭᠠᠭᠳᠠᠬᠤ ᠡᠲᠡᠭᠡᠳ      ᠰᠢᠨ᠎ᠡ ᠬᠤᠲᠠ ᠲᠣᠭᠤᠷᠢᠭ ᠪᠣᠯᠣᠨ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ᠃       ᠬᠤᠶᠠᠷ᠂ ᠲᠣᠭᠤᠷᠢᠨ ᠪᠠᠶᠢᠴᠠᠭᠠᠬᠤ ᠠᠭᠤᠯᠭ᠎ᠠ      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠲᠣᠭᠤᠷᠢᠨ ᠪᠠᠶᠢᠴᠠᠭᠠᠭᠳᠠᠬᠤ ᠡᠲᠡᠭᠡᠳ ᠲᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠦᠨ᠂ ᠨᠠᠮ ᠤᠨ ᠰᠠᠬᠢᠯᠭ᠎ᠠ ᠪᠠᠲᠤ ᠶᠢ ᠰᠠᠬᠢᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠪᠠᠶᠢᠳᠠᠯ ᠳᠤ ᠬᠢᠨᠠᠯᠲᠠ ᠲᠠᠯᠪᠢᠵᠤ᠂ ᠨᠠᠮ ᠤᠨ ᠤᠳᠤᠷᠢᠳᠤᠯᠭ᠎ᠠ ᠰᠤᠯᠠᠷᠠᠬᠤ᠂ ᠨᠠᠮ ᠤᠨ ᠪᠠᠶᠢᠭᠤᠯᠤᠯᠲᠠ ᠳᠤᠲᠠᠭᠳᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠨᠢ ᠡᠷᠴᠢᠮᠲᠡᠢ ᠪᠣᠰᠤ᠂ ᠨᠠᠮ ᠤᠨ ᠣᠶᠢᠯᠠᠭᠠᠭᠳᠠᠬᠤᠨ ᠪᠠᠯᠠᠷᠬᠠᠶᠢᠰᠢᠨ᠂ ᠵᠣᠬᠢᠶᠠᠨ ᠪᠠᠶᠢᠭᠤᠯᠤᠯᠲᠠ ᠨᠢ ᠠᠯᠠᠩ ᠰᠠᠯᠠᠩ᠂ ᠰᠠᠬᠢᠯᠭ᠎ᠠ ᠪᠠᠲᠤ ᠰᠤᠯᠠ ᠵᠠᠳᠠᠭᠠᠢ᠂ ᠨᠠᠮ ᠢ ᠬᠠᠮᠢᠶᠠᠷᠬᠤ ᠨᠠᠮ ᠢ ᠵᠠᠰᠠᠬᠤ ᠳᠤ ᠠᠭᠤᠵᠢᠭᠤ ᠰᠤᠯᠠ ᠵᠥᠭᠡᠯᠡᠨ ᠪᠠᠶᠢᠬᠤ ᠵᠡᠷᠭᠡ ᠠᠰᠠᠭᠤᠳᠠᠯ ᠢ ᠬᠦᠴᠦᠯᠡᠨ ᠢᠯᠡᠷᠡᠭᠦᠯᠤᠨ᠎ᠠ᠃ ᠨᠢᠭᠡ ᠳᠤ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠵᠦᠷᠢᠴᠡᠨ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠵᠥᠷᠢᠴᠡᠭᠰᠡᠨ ᠦᠭᠡ ᠶᠠᠷᠢᠶ᠎ᠠ ᠦᠢᠯᠡ ᠠᠵᠢᠯᠯᠠᠭ᠎ᠠ ᠣᠷᠣᠰᠢᠵᠤ᠂ ᠵᠠᠷᠯᠢᠭ ᠪᠠᠶᠢᠪᠠᠴᠤ ᠭᠦᠢᠴᠡᠳᠬᠡᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ᠂ ᠠᠮᠠᠨ ᠳᠡᠭᠡᠷ᠎ᠡ ᠪᠠᠨ ᠳᠠᠭᠠᠵᠤ ᠠᠷᠤ ᠲᠠᠯ᠎ᠠ ᠳᠤᠨᠢ ᠵᠥᠷᠢᠴᠡᠬᠦ᠂ ᠨᠠᠮ ᠰᠦᠯᠪᠡᠭᠡ ᠪᠠᠶᠢᠭᠤᠯᠵᠤ ᠬᠤᠪᠢ ᠶᠢᠨ ᠬᠡᠷᠡᠭ ᠢ ᠦᠢᠯᠡᠳᠬᠦ᠂ ᠲᠡᠷᠡᠴᠢᠯᠡᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠵᠡᠷᠭᠡ ᠠᠰᠠᠭᠤᠳᠠᠯ  ᠤᠳ ᠪᠣᠯᠣᠨ᠎ᠠ︔ ᠬᠤᠶᠠᠷ ᠲᠤ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠵᠥᠷᠢᠴᠡᠨ᠂ ᠡᠷᠬᠡ ᠪᠠᠨ ᠠᠰᠢᠭᠯᠠᠨ ᠠᠮᠢ ᠪᠠᠨ ᠪᠣᠷᠳᠣᠬᠤ᠂ ᠬᠡᠭᠡᠯᠢ ᠢᠳᠡᠵᠦ ᠬᠠᠭ᠋ᠤᠤᠯᠢ ᠲᠦᠯᠬᠢᠨ᠂ ᠢᠯᠵᠠᠷᠠᠨ ᠳᠤᠷᠤᠶᠢᠲᠠᠬᠤ ᠵᠡᠷᠭᠡ ᠠᠰᠠᠭᠤᠳᠠᠯ ᠤᠳ ᠪᠣᠯᠣᠨ᠎ᠠ︔ ᠭᠤᠷᠪᠠ ᠳᠤ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠵᠥᠷᠢᠴᠡᠨ᠂ ᠲᠣᠭᠲᠠᠭᠠᠯ ᠢ ᠵᠥᠷᠢᠴᠡᠵᠦ ᠬᠦᠮᠦᠨ ᠬᠡᠷᠡᠭᠯᠡᠬᠦ᠂ ᠬᠠᠨᠢ ᠬᠠᠮᠰᠠᠭᠠᠲᠠᠨ ᠢᠶᠠᠨ ᠬᠡᠷᠡᠭᠯᠡᠬᠦ᠂ ᠨᠣᠶᠠᠨ ᠵᠡᠷᠭᠡ ᠬᠥᠭᠡᠭᠡᠴᠡᠯᠳᠦᠨ᠂ ᠨᠣᠶᠠᠨ ᠵᠡᠷᠭᠡ ᠰᠠᠷᠢᠭᠠᠯᠠᠬᠤ᠂ ᠰᠣᠩᠭᠤᠭᠤᠯᠢ ᠶᠢᠨ ᠪᠢᠯᠧᠲ ᠤᠯᠬᠤ ᠶᠢᠨ ᠲᠥᠯᠥᠭᠡ ᠬᠡᠭᠡᠯᠢ ᠲᠥᠯᠬᠢᠬᠦ᠂ ᠲᠡᠷᠡᠴᠢᠯᠡᠨ ᠡᠵᠡᠨ ᠮᠡᠳᠡᠵᠦ ᠳᠤᠷ᠎ᠠ ᠵᠣᠷᠢᠭ ᠢᠶᠠᠷ ᠢᠶᠠᠨ ᠶᠠᠪᠤᠬᠤ᠂ ᠲᠤᠷᠤᠢ ᠪᠠᠭᠤᠷᠠᠶ ᠰᠤᠯᠠ ᠵᠠᠳᠠᠭᠠᠶ᠂ ᠪᠦᠯᠬᠦᠮᠳᠡᠬᠦ ᠦᠭᠡᠢ ᠵᠡᠷᠭᠡ ᠠᠰᠠᠭᠤᠳᠠᠯ ᠤᠳ ᠪᠣᠯᠣᠨ᠎ᠠ︔ ᠲᠦᠷᠪᠡ ᠳᠤ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠨ᠂ ᠲᠥᠪ ᠬᠤᠷᠢᠶ᠎ᠠ ᠶᠢᠨ ᠨᠠᠢᠮᠠᠨ ᠵᠦᠶᠯ ᠤᠨ ᠲᠣᠭᠲᠠᠭᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ 28 ᠵᠦᠢᠯ ᠤᠨ ᠲᠥᠬᠦᠷ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠨᠢ ᠬᠦᠴᠦᠲᠡᠢ ᠪᠣᠰᠤ᠂ ᠬᠡᠯᠪᠡᠷᠢᠴᠢ ᠦᠵᠡᠯ᠂ ᠨᠣᠶᠠᠨᠴᠢ ᠦᠵᠡᠯ᠂ ᠵᠢᠷᠭᠠᠨ ᠴᠡᠩᠭᠡᠬᠦ ᠦᠵᠡᠯ ᠶᠠᠪᠤᠭᠤᠯᠬᠤ ᠪᠠ ᠱᠠᠯᠢᠨ ᠪᠦᠷᠢᠯᠭᠡᠬᠦ ᠰᠤᠷᠲᠠᠯ ᠵᠡᠷᠭᠡ ᠠᠰᠠᠭᠤᠳᠠᠯ ᠤᠳ ᠪᠣᠯᠣᠨ᠎ᠠ︔ ᠲᠠᠪᠤ ᠳᠤ ᠲᠣᠮᠢᠯᠠᠭᠰᠠᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠣᠶᠢᠯᠠᠭᠠᠬᠤ ᠪᠠᠷ ᠱᠠᠭᠠᠷᠳᠠᠭᠰᠠᠨ ᠪᠤᠰᠤᠳ ᠠᠰᠠᠭᠤᠳᠠᠯ ᠤᠳ ᠪᠣᠯᠤᠨ᠎ᠠ᠃ ᠡᠭᠦᠨ ᠤ ᠬᠠᠮᠲᠤ᠂ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠪᠤᠰᠤᠳ ᠲᠠᠯ᠎ᠠ ᠶᠢᠨ ᠴᠢᠬᠤᠯᠠ ᠶᠡᠭᠡ ᠠᠰᠠᠭᠤᠳᠠᠯ ᠤᠨ ᠰᠦᠪᠡᠭᠴᠢ ᠪᠣᠯᠤᠨ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠣᠯᠤᠨ ᠴᠢᠬᠤᠯᠠ ᠠᠵᠢᠯ ᠤᠨ ᠪᠠᠶᠢᠷᠢᠨ ᠳᠠᠬᠢ ᠨᠠᠮ ᠤᠨ ᠭᠡᠰᠢᠭᠦᠨ ᠺᠠᠳ᠋ᠷ ᠤᠨ ᠴᠢᠬᠤᠯᠠ ᠠᠰᠠᠭᠤᠳᠠᠯ ᠤᠳ ᠢ ᠣᠶᠢᠯᠠᠭᠠᠨ ᠢᠯᠡᠷᠡᠭᠦᠯᠦᠨ᠎ᠡ᠃      ᠭᠤᠷᠪᠠ᠂ ᠠᠰᠠᠭᠤᠳᠠᠯ ᠢ ᠲᠤᠰᠬᠠᠬᠤ ᠠᠷᠭ᠎ᠠ ᠬᠡᠯᠪᠡᠷᠢ      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠪᠠᠷᠠᠭᠤᠨ ᠭᠤᠳᠤᠮᠵᠢ ᠶᠢᠨ ᠰᠢᠨ ᠴᠧᠩ ᠺᠤᠮᠫᠠᠨᠢ ᠶᠢᠨ ᠨᠢᠭᠡᠳᠦᠭᠡᠷ ᠳᠠᠪᠬᠤᠷᠭ᠎ᠠ ︵ᠴᠢᠩᠭᠢᠰ ᠬᠠᠭᠠᠨ ᠶᠡᠭᠡ ᠵᠡᠭᠡᠯᠢ ᠪᠣᠯᠤᠨ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠷᠠᠭᠤᠨ ᠭᠤᠳᠤᠮᠵᠢ ᠶᠢᠨ ᠲᠢᠶᠠᠨ ᠵᠢᠶᠣᠣ ᠬᠦᠷᠢᠶᠡᠨ ᠤ ᠠᠰᠠᠷ ᠬᠤᠳᠠᠯᠳᠤᠬᠤ ᠭᠠᠵᠠᠷ ᠤᠨ ᠪᠠᠷᠠᠭᠤᠨ ᠲᠠᠯ᠎ᠠ︶ ᠳᠤ ᠵᠠᠬᠢᠳᠠᠯ ᠰᠤᠷᠪᠤᠯᠵᠢᠯᠠᠭ᠎ᠠ ᠶᠢᠨ ᠬᠦᠯᠢᠶᠡᠨ ᠠᠪᠬᠤ ᠴᠢᠭ᠋ ᠭᠠᠷᠭᠠᠵᠤ᠂ ᠰᠤᠷᠪᠤᠯᠵᠢᠯᠠᠭ᠎ᠠ ᠶᠢ ᠬᠦᠯᠢᠶᠡᠨ ᠠᠪᠬᠤ ᠴᠠᠭ᠄ ᠡᠷᠲᠡ 8 ᠄ 30 - 12᠄ 00᠂ ᠦᠳᠡ ᠶᠢᠨ ᠬᠤᠶᠢᠨ᠎ᠠ 2᠄ 30 — 5᠄ 30︔ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠷᠠᠭᠤᠨ ᠭᠤᠳᠤᠮᠵᠢ ᠶᠢᠨ ᠰᠢᠨ ᠴᠧᠩ ᠺᠤᠮᠫᠠᠨᠢ ᠶᠢᠨ ᠨᠢᠭᠡᠳᠦᠭᠡᠷ ᠳᠠᠪᠬᠤᠷᠭ᠎ᠠ ︵ᠴᠢᠩᠭᠢᠰ ᠬᠠᠭᠠᠨ ᠶᠡᠭᠡ ᠵᠡᠭᠡᠯᠢ ᠪᠣᠯᠤᠨ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠷᠠᠭᠤᠨ ᠭᠤᠳᠤᠮᠵᠢ ᠶᠢᠨ ᠲᠢᠶᠠᠨ ᠵᠢᠶᠣᠣ ᠬᠦᠷᠢᠶᠡᠨ ᠤ ᠠᠰᠠᠷ ᠬᠤᠳᠠᠯᠳᠤᠬᠤ ᠭᠠᠵᠠᠷ ᠤᠨ ᠵᠡᠭᠦᠨ ᠲᠠᠯ᠎ᠠ︶᠂ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠡᠭᠦᠨ ᠴᠢᠬᠢᠨ ᠠᠰᠠᠷ ᠤᠨ ᠬᠤᠲᠠ ᠶᠢᠨ ᠠᠷᠠᠳ ᠤᠨ ᠦᠶᠯᠡᠴᠢᠯᠡᠭᠡᠨ ᠤ ᠲᠥᠪ ᠤᠨ ᠭᠤᠤᠯ ᠡᠭᠦᠳᠡᠨ ᠤ ᠬᠤᠶᠢᠲᠤ ᠲᠠᠯ᠎ᠠ᠂ ᠴᠢᠩᠭᠢᠰ ᠬᠠᠭᠠᠨ ᠶᠡᠭᠡ ᠵᠡᠭᠡᠯᠢ ᠶᠢᠨ ᠵᠠᠮ ᠤᠨ ᠡᠮᠦᠨ᠎ᠡ ᠬᠥᠯᠥᠨ ᠪᠤᠶᠢᠷ ᠬᠤᠶᠢᠲᠤ ᠵᠠᠮ ᠤᠨ ᠪᠠᠷᠠᠭᠤᠨ ᠵᠢᠤᠢ ᠬᠤᠸᠠ ᠪᠠᠭᠤᠳᠠᠯ ᠤᠨ ᠭᠤᠣᠯ ᠡᠭᠦᠳᠡᠨ ᠤ ᠡᠮᠦᠨ᠎ᠡ ᠲᠠᠯ᠎ᠠ ᠳᠤ ᠲᠣᠭᠤᠷᠢᠨ ᠪᠠᠶᠢᠴᠠᠭᠠᠬᠤ ᠰᠠᠨᠠᠯ ᠤᠨ ᠬᠠᠶᠢᠷᠴᠠᠭ ᠭᠠᠷᠭᠠᠵᠠᠢ᠂ ᠬᠠᠷᠢᠯᠴᠠᠬᠤ ᠤᠲᠠᠰᠤ᠄ 0471 — 4924018᠂ 13015024011︔ ᠰᠢᠦᠳᠠᠨ ᠤ ᠵᠠᠬᠢᠳᠠᠯ ᠤᠨ ᠬᠠᠶᠢᠷᠴᠠᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠶᠡᠭᠡ ᠵᠡᠭᠡᠯᠢ ᠶᠢᠨ 20 ᠳ᠋ᠤᠭᠠᠷ ᠨᠣᠮᠧᠷ 2568 ᠵᠠᠬᠢᠳᠠᠯ ᠤᠨ ᠬᠠᠶᠢᠷᠴᠠᠭ ︵ᠴᠢᠩᠭᠢᠰ ᠬᠠᠭᠠᠨ ᠶᠡᠭᠡ ᠵᠡᠭᠡᠯᠢ ᠶᠢᠨ ᠵᠠᠮ ᠤᠨ ᠡᠮᠦᠨ᠎ᠡ ᠬᠥᠯᠥᠨ ᠪᠤᠶᠢᠷ ᠬᠤᠶᠢᠲᠤ ᠵᠠᠮ ᠤᠨ ᠵᠠᠮ ᠤᠨ ᠪᠠᠷᠠᠭᠤᠨ ᠵᠢᠤᠢ ᠬᠤᠸᠠ ᠪᠠᠭᠤᠳᠠᠯ︶︔ ᠡᠯᠧᠺᠲᠷᠣᠨ ᠰᠢᠦᠳᠠᠨ ᠬᠠᠶᠢᠷᠴᠠᠭ᠄ xshhhtsxcq@163.com      ᠰᠠᠶᠢᠬᠠᠨ ᠲᠣᠭᠤᠷᠢᠭ ᠤᠨ ᠪᠤᠭᠤᠲᠤ ᠶᠡᠭᠡ ᠵᠡᠭᠡᠯᠢ ᠶᠢᠨ ᠡᠮᠦᠨ᠎ᠡ 1 ᠨᠤᠮᠧᠷᠲᠤ ᠬᠦᠬᠡᠬᠤᠲᠠ ᠰᠢᠶᠣᠣ ᠨᠠᠨ ᠭᠦᠸᠧ ᠪᠠᠭᠤᠳᠠᠯ ᠤᠨ 502᠂ 503 ᠦᠷᠦᠭᠡᠨ ᠳᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠴᠢᠭ᠋ ᠪᠠᠶᠢᠭᠤᠯᠵᠤ᠂ ᠰᠤᠷᠪᠤᠯᠵᠢᠯᠠᠭ᠎ᠠ ᠶᠢ ᠬᠦᠯᠢᠶᠡᠨ ᠠᠪᠬᠤ ᠴᠠᠭ᠄ ᠡᠷᠲᠡ 8᠄ 30 - 12᠄ 00᠂ ᠦᠳᠡ ᠶᠢᠨ ᠬᠤᠶᠢᠨ᠎ᠠ 2᠄ 30 — 5᠄ 30︔ ᠰᠠᠶᠢᠬᠠᠨ ᠲᠣᠭᠤᠷᠢᠭ ᠤᠨ ᠪᠤᠭᠤᠲᠤ ᠶᠡᠭᠡ ᠵᠡᠭᠡᠯᠢ ᠶᠢᠨ ᠡᠮᠦᠨ᠎ᠡ 1 ᠨᠤᠮᠧᠷᠲᠤ ᠰᠢᠶᠣᠣ ᠨᠠᠨ ᠭᠦᠸᠧ ᠪᠠᠭᠤᠳᠠᠯ ᠤᠨ ᠬᠤᠶᠢᠲᠤ ᠡᠭᠦᠳᠡᠨ ᠤ ᠭᠠᠳᠠᠨ᠎ᠠ᠂ ᠪᠤᠭᠤᠲᠤ ᠶᠡᠭᠡ ᠵᠡᠭᠡᠯᠢ ᠶᠢᠨ ᠱᠢ ᠵᠢᠢ ᠪᠠᠭᠤᠳᠠᠯ ᠤᠨ ᠵᠡᠭᠦᠨ ᠡᠭᠦᠳᠡᠨ ᠤ ᠭᠠᠳᠠᠨ᠎ᠠ᠂ ᠵᠣᠣ ᠤᠳᠠ ᠵᠠᠮ ᠤᠨ 169 ᠨᠤᠮᠧᠷᠲᠤ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠡᠭᠦᠳᠡᠨ ᠤ ᠵᠡᠭᠦᠨ ᠲᠠᠯ᠎ᠠ᠂ ᠬᠥᠯᠥᠨ ᠡᠮᠦᠨ᠎ᠡ ᠵᠠᠮ ᠤᠨ ᠶᠢᠨ ᠳ᠋ᠢ ᠠᠭᠤᠳᠠᠮ ᠲᠠᠯᠠᠪᠠᠢ ᠶᠢᠨ ᠬᠤᠶᠢᠲᠤ ᠲᠠᠯ᠎ᠠ ᠶᠢᠨ ᠤᠬᠠᠭᠤᠯᠭ᠎ᠠ ᠶᠢᠨ ᠰᠠᠮᠪᠠᠷ᠎ᠠ ︵ᠷᠧᠨ ᠮᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠲᠣᠭᠤᠷᠢᠨ ᠪᠠᠶᠢᠴᠠᠭᠠᠬᠤ ᠰᠠᠨᠠᠯ ᠤᠨ ᠬᠠᠶᠢᠷᠴᠠᠭ ᠭᠠᠷᠭᠠᠵᠠᠢ᠂ ᠬᠠᠷᠢᠯᠴᠠᠬᠤ ᠤᠲᠠᠰᠤ ᠄ 0471 —3977216᠂ 18586067711︔ ᠰᠢᠦᠳᠠᠨ ᠤ ᠵᠠᠬᠢᠳᠠᠯ ᠤᠨ ᠬᠠᠶᠢᠷᠴᠠᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠪᠤᠭᠤᠲᠤ ᠶᠡᠭᠡ ᠵᠡᠭᠡᠯᠢ ᠶᠢᠨ 1 ᠨᠤᠮᠧᠷᠲᠤ 2569 ᠵᠠᠬᠢᠳᠠᠯ ᠤᠨ ᠬᠠᠶᠢᠷᠴᠠᠭ ︵ᠪᠤᠭᠤᠲᠤ ᠶᠡᠭᠡ ᠵᠡᠭᠡᠯᠢ ᠶᠢᠨ ᠵᠠᠮ ᠤᠨ ᠬᠤᠶᠢᠲᠤ ᠱᠢ ᠵᠢᠢ ᠪᠠᠭᠤᠳᠠᠯ︶︔ ᠡᠯᠧᠺᠲᠷᠣᠨ ᠰᠢᠦᠳᠠᠨ ᠬᠠᠶᠢᠷᠴᠠᠭ᠄xshhhtsshq@163.com      ᠥᠷᠭᠡᠨ ᠣᠯᠠᠨ ᠺᠠᠳ᠋ᠷ ᠣᠯᠠᠨ ᠲᠦᠮᠡᠨ ᠤ ᠴᠠᠬᠢᠯᠭᠠᠨ ᠮᠡᠳᠡᠭᠡ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠭ᠎ᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠬᠡᠷᠡᠭ ᠠᠴᠠ ᠵᠥᠪ ᠢ ᠡᠷᠢᠬᠦ ᠣᠪᠣᠷ ᠢᠶᠠᠷ ᠪᠠᠶᠢᠳᠠᠯ ᠢᠶᠠᠨ ᠲᠤᠰᠬᠠᠬᠤ ᠶᠢ ᠪᠠᠶᠠᠷᠯᠠᠨ ᠤᠭᠲᠤᠬᠤ ᠪᠤᠯᠤᠨ᠎ᠠ᠃                             ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ                             ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ                                      2017 ᠤᠨ ᠤ 10 ᠳ᠋ᠤᠭᠠᠷ ᠰᠠᠷ᠎ᠠ ᠶᠢᠨ 9 ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号