ᠡᠨᠡ ᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠳᠤ ᠨᠥᠬᠦᠪᠥᠷᠢ ᠥᠭᠬᠦ ᠦᠢᠯᠡᠳᠬᠦᠨ ᠢ ᠳᠠᠩᠰᠠᠨ ᠳᠤ ᠣᠷᠣᠭᠤᠯᠬᠤ ᠠᠵᠢᠯ ᠢ 9 ᠳ᠋ᠦ᠋ᠭᠡᠷ ᠰᠠᠷ᠎ᠠ ᠶᠢᠨ | ᠰᠡᠭᠦᠯᠴᠢ ᠪᠠᠷ ᠤᠷᠤᠭᠰᠢᠲᠠᠶ ᠪᠡᠶᠡᠯᠡᠭᠦᠯᠵᠦ᠂ ᠲᠣᠰ ᠠᠵᠢᠯ ᠨᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ | ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠤᠷᠤᠭᠰᠢᠲᠠᠶ ᠬᠡᠷᠡᠭᠵᠢᠭᠦᠯᠬᠦ ᠳᠤ ᠰᠠᠶᠢᠨ ᠰᠠᠭᠤᠷᠢ ᠶᠢ ᠲᠠᠯᠪᠢᠵᠤ | ᠥᠭᠪᠡ᠃ ᠲᠣᠰ ᠤᠳᠠᠭ᠎ᠠ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ | ᠦᠢᠯᠡᠳᠬᠦᠨ ᠢ ᠳᠠᠩᠰᠠᠨ ᠳᠤ ᠣᠷᠣᠭᠤᠯᠬᠤ ᠠᠵᠢᠯ ᠢ 3 ᠳ᠋ᠤᠭᠠᠷ ᠰᠠᠷ᠎ᠠ ᠠᠴᠠ ᠡᠬᠢᠯᠡᠭᠦᠯᠦᠨ 9 ᠳ᠋ᠦ᠋ᠭᠡᠷ ᠰᠠᠷ᠎ᠠ ᠶᠢᠨ | ᠰᠡᠭᠦᠯᠴᠢ ᠪᠠᠷ ᠳᠠᠭᠤᠰᠬᠠᠪᠠ᠂ ᠡᠨᠡ ᠬᠦ ᠬᠤᠭᠤᠴᠠᠭᠠᠨ ᠳᠤ᠂ ᠮᠠᠨ ᠤ ᠣᠷᠣᠨ ᠨᠡᠶᠢᠲᠡ ᠳᠥᠷᠪᠡᠨ ᠪᠦᠯᠦᠭ | ᠨᠥᠬᠦᠪᠥᠷᠢ ᠥᠭᠬᠦ ᠦᠢᠯᠡᠳᠬᠦᠨ ᠢ ᠳᠠᠩᠰᠠᠨ ᠳᠤ ᠣᠷᠣᠭᠤᠯᠬᠤ ᠠᠵᠢᠯ ᠢ ᠶᠠᠪᠤᠭᠳᠠᠭᠤᠯᠵᠤ᠂ ᠡᠭᠦᠨ ᠳᠤ ᠲᠥᠪ ᠤᠨ | ᠪᠡᠯᠡ ᠮᠥᠩᠭᠦᠨ ᠤ ᠨᠥᠬᠦᠪᠥᠷᠢ ᠬᠦᠷᠲᠡᠭᠰᠡᠨ ᠦᠢᠯᠡᠳᠬᠦᠨ ᠢ ᠭᠤᠷᠪᠠ ᠤᠳᠠᠭ᠎ᠠ ᠳᠠᠩᠰᠠᠨ ᠳᠤ ᠣᠷᠣᠭᠤᠯᠵᠦ᠂ | ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦᠨ ᠤ ᠨᠥᠬᠦᠪᠥᠷᠢ ᠬᠦᠷᠲᠡᠭᠰᠡᠨ ᠦᠢᠯᠡᠳᠬᠦᠨ ᠢ ᠨᠢᠭᠡ ᠤᠳᠠᠭ᠎ᠠ | ᠳᠠᠩᠰᠠᠨ ᠳᠤ ᠣᠷᠣᠭᠤᠯᠪᠡ᠃ ᠳᠥᠷᠪᠡ ᠤᠳᠠᠭ᠎ᠠ ᠶᠢᠨ ᠨᠥᠬᠦᠪᠥᠷᠢ ᠥᠭᠬᠦ ᠦᠢᠯᠡᠳᠬᠦᠨ ᠢ ᠳᠠᠩᠰᠠᠨ ᠳᠤ | ᠣᠷᠣᠭᠤᠯᠬᠤ ᠪᠠᠷ ᠳᠠᠮᠵᠢᠭᠠᠳ 1200 ᠰᠢᠬᠠᠮ ᠠᠵᠤ ᠠᠬᠤᠶᠢᠯᠠᠯ ᠮᠡᠳᠡᠭᠦᠯᠬᠦ ᠳᠤ ᠣᠷᠣᠯᠴᠠᠵᠤ᠂ ᠮᠡᠳᠡᠭᠦᠯᠦᠭᠰᠡᠨ | ᠦᠢᠯᠡᠳᠬᠦᠨ 10000 ᠰᠢᠬᠠᠮ ᠪᠠᠶᠢᠨ᠎ᠠ᠃ |