ᠬᠥᠬᠡᠬᠤᠲᠠ ᠶᠢᠨ ᠬᠢᠨ 5407 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠳᠤ ᠢᠯᠴᠢ ᠬᠠᠩᠭᠠᠵᠤ ᠡᠬᠢᠯᠡᠪᠡ
ᠨᠡᠶᠢᠲᠡᠯᠡᠭᠰᠡᠨ ᠴᠠᠭ᠄
2017/10/12
      ᠬᠤᠲᠠ ᠶᠢᠨ ᠪᠥᠳᠤᠭᠡᠨ ᠪᠠᠶᠢᠭᠤᠯᠤᠯᠲᠠ ᠶᠢᠨ ᠵᠥᠪᠯᠡᠯ ᠤᠨ ᠢᠯᠴᠢ ᠶᠢ ᠤᠷᠢᠳᠴᠢᠯᠠᠨ ᠬᠠᠩᠭᠠᠵᠤ ᠡᠬᠢᠯᠡᠭᠦᠯᠬᠦ ᠱᠠᠭᠠᠷᠳᠠᠯᠭ᠎ᠠ ᠶᠣᠰᠤᠭᠠᠷ᠂ ᠬᠥᠬᠡᠬᠤᠲᠠ ᠶᠢᠨ ᠢᠯᠴᠢ ᠬᠠᠩᠭᠠᠬᠤ ᠠᠵᠤ ᠠᠬᠤᠶᠢᠯᠠᠯ ᠤᠳ ᠢᠳᠡᠪᠬᠢᠲᠡᠶ ᠬᠥᠳᠡᠯᠦᠯᠴᠡᠵᠦ᠂ ᠢᠯᠴᠢ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ︽ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ︾ ᠰᠢᠲᠠᠭᠠᠯᠭ᠎ᠠ ᠶᠢᠨ ᠵᠤᠤᠬ᠎ᠠ᠂ ᠢᠯᠴᠢ ᠶᠢᠨ ᠡᠨᠧᠷᠬᠢ ᠶᠢᠨ ᠲᠤᠮᠤ ᠬᠡᠯᠪᠡᠷᠢ ᠶᠢᠨ ᠦᠢᠯᠡᠳᠪᠦᠷᠢ ᠪᠣᠯᠤᠨ ᠨᠡᠭᠦᠷᠡᠰᠦ ᠰᠢᠲᠠᠭᠠᠬᠤ ᠵᠤᠤᠬ᠎ᠠ ᠨᠤᠭᠤᠳ ᠢ ᠬᠠᠯᠠᠭᠠᠵᠤ ᠡᠬᠢᠯᠡᠪᠡ᠃ 10 ᠳ᠋ᠤᠭᠠᠷ ᠰᠠᠷ᠎ᠠ ᠶᠢᠨ 10᠎ ᠤ ᠤᠷᠤᠢ᠂ ᠵᠠᠷᠢᠮ ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠭᠡᠷ ᠡᠷᠦᠬᠡ ᠳᠤ ᠳᠤᠯᠠᠭᠠᠯᠠᠯᠭ᠎ᠠ ᠬᠠᠩᠭᠠᠪᠠ᠃ 11᠎ ᠤ ᠡᠳᠦᠷ ᠤᠨ 20 ᠴᠠᠭ ᠪᠣᠯᠬᠤ ᠳᠤ ᠂ ᠪᠥᠬᠦ ᠬᠤᠲᠠ ᠶᠢᠨ 5407 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠳᠤ ᠢᠯᠴᠢ ᠶᠢ ᠤᠷᠢᠳᠴᠢᠯᠠᠨ ᠬᠠᠩᠭᠠᠵᠤ ᠡᠬᠢᠯᠡᠭᠦᠯᠪᠡ᠃      ᠡᠨᠡ ᠵᠢᠯ ᠬᠥᠬᠡᠬᠤᠲᠠ ᠶᠢᠨ ᠬᠢᠨ 20 ᠲᠣᠨ ᠠᠴᠠ ᠳᠡᠭᠡᠭᠰᠢ ᠨᠡᠭᠦᠷᠡᠰᠦ ᠰᠢᠲᠠᠭᠠᠯᠭ᠎ᠠ ᠶᠢᠨ ᠵᠤᠤᠬ᠎ᠠ ᠶᠢ 65 ᠦᠭᠡᠷᠡᠴᠢᠯᠡᠨ ᠰᠠᠶᠢᠵᠢᠷᠠᠭᠤᠯᠵᠤ᠂ ᠬᠦᠬᠦᠷ ᠥᠬᠡᠶᠢᠳᠡᠭᠦᠯᠦᠨ ᠲᠣᠭᠤᠰᠣ ᠠᠷᠢᠯᠭᠠᠬᠤ ᠪᠡᠯᠡᠳᠬᠡᠮᠵᠢ ᠤᠭᠰᠠᠷᠠᠭᠰᠠᠨ ᠪᠠᠶᠢᠨ᠎ᠠ᠂ ᠡᠨᠡ ᠨᠢ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠤᠷᠠᠭᠤᠯᠤᠨ᠂ ᠠᠭᠠᠷ ᠮᠠᠨᠳᠠᠯ ᠤᠨ ᠣᠷᠴᠢᠨ ᠲᠣᠭᠤᠷᠢᠨ ᠤ ᠴᠢᠨᠠᠷ ᠢ ᠰᠠᠶᠢᠵᠢᠷᠠᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ ᠡᠨᠡ ᠵᠢᠯ᠂ ᠬᠥᠬᠡᠬᠤᠲᠠ ᠶᠢᠨ ᠢᠯᠴᠢ ᠬᠠᠩᠭᠠᠬᠤ ᠲᠠᠯᠠᠪᠠᠢ 1.3 ᠳ᠋ᠦᠩᠰᠢᠭᠤᠷ ᠲᠡᠭᠰᠢ ᠳᠥᠷᠪᠡᠯᠵᠢᠨ ᠮᠧᠲᠷ ᠪᠠᠶᠢᠵᠤ᠂ 11᠎ ᠤ ᠡᠳᠦᠷ ᠤᠨ 20 ᠴᠠᠭ ᠪᠣᠯᠬᠤ ᠳᠤ᠂ ᠢᠯᠴᠢ ᠤᠷᠢᠳᠴᠢᠯᠠᠨ ᠬᠠᠩᠭᠠᠵᠤ ᠡᠬᠢᠯᠡᠭᠦᠯᠦᠭᠰᠡᠨ ᠲᠠᠯᠠᠪᠠᠢ 5407 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 12 ᠪᠣᠯᠣᠨ 13᠎ ᠤ ᠡᠳᠦᠷ᠂ ᠪᠠᠰᠠ ᠨᠢᠭᠡ ᠪᠦᠯᠦᠭ ᠢᠯᠴᠢ ᠬᠠᠩᠭᠠᠬᠤ ᠠᠵᠤ ᠠᠬᠤᠶᠢᠯᠠᠯ ᠤᠳ ᠵᠠᠯᠭᠠᠭ᠎ᠠ ᠪᠠᠷ ᠠᠵᠢᠯᠯᠠᠵᠤ ᠡᠬᠢᠯᠡᠬᠦ ᠪᠣᠯᠣᠨ᠎ᠠ᠂ 15᠎ ᠤ ᠡᠳᠦᠷ ᠪᠣᠯᠬᠤ ᠳᠤ᠂ ᠵᠣᠩᠬᠢᠯᠠᠬᠤ ᠤᠯᠠᠨ ᠲᠣᠭᠠᠨ ᠤ ᠰᠠᠭᠤᠭᠠᠯᠢ ᠠᠷᠠᠳ ᠤᠨ ᠭᠡᠷ ᠡᠷᠦᠬᠡ ᠴᠥᠮ ᠳᠤᠯᠠᠭᠠᠯᠠᠯᠭ᠎ᠠ ᠬᠦᠷᠲᠡᠨ᠎ᠡ᠃ ᠡᠭᠦᠨ ᠠᠴᠠ ᠭᠠᠳᠠᠨ᠎ᠠ᠂ 10 ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢ ᠵᠠᠳᠠᠯᠤᠨ ᠨᠡᠶᠢᠯᠡᠭᠦᠯᠬᠦ ᠪᠤᠶᠤ ᠴᠡᠪᠡᠷ ᠡᠨᠧᠷᠬᠢ ᠶᠢᠨ ᠦᠭᠡᠷᠡᠴᠢᠯᠡᠨ ᠰᠠᠶᠢᠵᠢᠷᠠᠭᠤᠯᠤᠭᠰᠠᠨ ᠤ ᠨᠥᠯᠥᠭᠡᠯᠡᠯ ᠢᠶᠠᠷ᠂ ᠣᠳᠣᠬᠠᠨ ᠳᠤ ᠬᠥᠬᠡᠬᠤᠲᠠ ᠶᠢᠨ 230 ᠲᠦᠮᠨ ᠰᠢᠬᠠᠮ ᠲᠡᠭᠰᠢ ᠳᠥᠷᠪᠡᠯᠵᠢᠨ ᠮᠧᠲᠷ ᠲᠠᠯᠠᠪᠠᠢ ᠳᠤ ᠢᠯᠴᠢ ᠬᠠᠩᠭᠠᠬᠤ ᠶᠢ ᠤᠷᠢᠳᠴᠢᠯᠠᠨ ᠡᠬᠢᠯᠡᠭᠦᠯᠵᠦ ᠴᠢᠳᠠᠬᠤ ᠦᠭᠡᠢ᠂ ᠡᠨᠡᠬᠦ ᠬᠡᠰᠡᠭ ᠲᠠᠯᠠᠪᠠᠢ ᠶᠢᠨ ᠢᠯᠴᠢ ᠶᠢᠨ ᠬᠠᠩᠭᠠᠯᠭ᠎ᠠ ᠨᠢ ᠶᠡᠷᠦᠳᠡ ᠶᠢᠨ ᠲᠣᠭᠲᠠᠭᠠᠭᠰᠠᠨ ᠢᠯᠴᠢ ᠬᠠᠩᠭᠠᠬᠤ ᠬᠤᠭᠤᠴᠠᠭ᠎ᠠ ᠠᠴᠠ ᠨᠢᠭᠡ ᠭᠠᠷᠠᠭ ᠣᠷᠴᠢᠮ ᠬᠤᠶᠢᠰᠢᠯᠠᠭᠳᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号