ᠪᠠᠶᠠᠨᠨᠠᠭᠤᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ 15 ᠲᠦᠮᠡᠨ ᠬᠥᠳᠡᠯᠮᠦᠷᠢ ᠶᠢᠨ ᠬᠦᠴᠦᠨ ᠭᠠᠳᠠᠭᠰᠢ ᠭᠠᠷᠪᠠ
ᠨᠡᠶᠢᠲᠡᠯᠡᠭᠰᠡᠨ ᠴᠠᠭ᠄
2017/10/12
      ᠡᠨᠡ ᠵᠢᠯ ᠤᠨ 9 ᠳ᠋ᠤᠭᠡᠷ ᠰᠠᠷ᠎ᠠ ᠶᠢᠨ ᠡᠴᠦᠰ ᠪᠤᠯᠲᠠᠯ᠎ᠠ᠂ ᠪᠠᠶᠠᠨᠨᠠᠭᠤᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠭᠠᠳᠠᠭᠰᠢ ᠭᠠᠷᠤᠭᠰᠠᠨ ᠬᠥᠳᠡᠯᠮᠦᠷᠢ ᠶᠢᠨ ᠬᠦᠴᠦᠨ 154751᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 622 ᠬᠥᠮᠦᠨ ᠨᠡᠮᠡᠭᠳᠡᠵᠤ᠂ ᠬᠥᠳᠡᠯᠮᠦᠷᠢ ᠦᠢᠯᠡᠴᠢᠯᠡᠭᠡᠨ ᠤ ᠣᠷᠣᠯᠭ᠎ᠠ ᠨᠢ 17.32 ᠳ᠋ᠦᠡᠭᠰᠢᠭᠤᠷ ᠲᠥᠭᠦᠷᠢᠭ ᠢ ᠪᠡᠶᠡᠯᠡᠭᠦᠯᠵᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 1.64 ᠳ᠋ᠦᠡᠭᠰᠢᠭᠤᠷ ᠲᠥᠭᠦᠷᠢᠭ ᠨᠡᠮᠡᠭᠳᠡᠪᠡ᠃ ᠭᠠᠳᠠᠭᠰᠢ ᠭᠠᠷᠤᠭᠰᠠᠨ ᠬᠥᠳᠡᠯᠮᠦᠷᠢ ᠶᠢᠨ ᠬᠦᠴᠦᠨ ᠤ ᠠᠵᠢᠯ ᠲᠦᠷᠦᠯ ᠠᠴᠠ ᠎ ᠨᠢ ᠠᠪᠴᠤ ᠦᠵᠡᠪᠡᠯ᠂ ᠨᠢᠭᠡᠳᠦᠭᠡᠷ ᠠᠵᠤ ᠦᠢᠯᠡᠰ ᠢ ᠡᠷᠬᠢᠯᠡᠵᠤ ᠪᠠᠶᠢᠭ᠎ᠠ ᠬᠥᠮᠦᠨ ᠤ ᠲᠤᠭ᠎ᠠ 21054 ᠪᠠᠶᠢᠵᠤ᠂ ᠭᠠᠳᠠᠭᠰᠢ ᠭᠠᠷᠤᠭᠰᠠᠨ ᠪᠦᠬᠦ ᠲᠣᠭᠠᠨ ᠤ 13.6%᠎ ᠶᠢ ᠡᠵᠡᠯᠡᠪᠡ︔ ᠬᠤᠶᠠᠳᠤᠭᠠᠷ ᠠᠵᠤ ᠦᠢᠯᠡᠰ ᠢ ᠡᠷᠬᠢᠯᠡᠵᠤ ᠪᠠᠶᠢᠭ᠎ᠠ ᠬᠥᠮᠦᠨ ᠤ ᠲᠤᠭ᠎ᠠ 47877 ᠪᠠᠶᠢᠵᠤ᠂ ᠭᠠᠳᠠᠭᠰᠢ ᠭᠠᠷᠤᠭᠰᠠᠨ ᠪᠦᠬᠦ ᠲᠣᠭᠠᠨ ᠤ 30.9%᠎ ᠶᠢ ᠡᠵᠡᠯᠡᠪᠡ︔ ᠭᠤᠷᠪᠠᠳᠤᠭᠠᠷ ᠠᠵᠤ ᠦᠢᠯᠡᠰ ᠢ ᠡᠷᠬᠢᠯᠡᠵᠤ ᠪᠠᠶᠢᠭ᠎ᠠ ᠬᠥᠮᠦᠨ ᠤ ᠲᠤᠭ᠎ᠠ 85820 ᠪᠠᠶᠢᠵᠤ᠂ ᠭᠠᠳᠠᠭᠰᠢ ᠭᠠᠷᠤᠭᠰᠠᠨ ᠪᠦᠬᠦ ᠲᠣᠭᠠᠨ ᠤ 55.5%᠎ ᠶᠢ ᠡᠵᠡᠯᠡᠪᠡ᠃ ᠰᠣᠶᠣᠯ ᠤᠨ ᠬᠢᠷᠢ ᠬᠡᠮᠵᠢᠶ᠎ᠡ ᠠᠴᠠ ᠨᠢ ᠠᠪᠴᠤ ᠦᠵᠡᠪᠡᠯ᠂ ᠭᠠᠳᠠᠭᠰᠢ ᠭᠠᠷᠤᠭᠰᠠᠨ ᠬᠥᠳᠡᠯᠮᠦᠷᠢ ᠶᠢᠨ ᠬᠦᠴᠦᠨ ᠤ ᠰᠣᠶᠣᠯ ᠤᠨ ᠬᠢᠷᠢ ᠬᠡᠮᠵᠢᠶ᠎ᠡ ᠨᠢ ᠨᠡᠶᠢᠳᠡᠮ ᠳᠡᠭᠡᠨ ᠳᠡᠭᠡᠭᠰᠢᠯᠡᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠬᠥᠳᠡᠯᠮᠦᠷᠢ ᠶᠢᠨ ᠬᠦᠴᠦᠨ 117750᠎ ᠳᠤ ᠬᠦᠷᠴᠦ᠂ ᠭᠠᠳᠠᠭᠰᠢ ᠭᠠᠷᠤᠭᠰᠠᠨ ᠪᠦᠬᠦ ᠲᠣᠭᠠᠨ ᠤ 76.1%᠎ ᠶᠢ ᠡᠵᠡᠯᠡᠪᠡ᠃ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠭᠠᠵᠠᠷ ᠤᠷᠤᠨ ᠠᠴᠠ ᠨᠢ ᠠᠪᠴᠤ ᠦᠵᠡᠪᠡᠯ᠂ ᠲᠤᠰ ᠰᠢᠶᠠᠩ ᠤᠨ ᠭᠠᠳᠠᠨ᠎ᠠ ᠰᠢᠶᠠᠨ ᠤ ᠳᠤᠲᠤᠷ᠎ᠠ ᠭᠠᠳᠠᠭᠰᠢ ᠭᠠᠷᠤᠭᠰᠠᠨ ᠬᠥᠳᠡᠯᠮᠦᠷᠢ ᠶᠢᠨ ᠬᠦᠴᠦᠨ 73384 ᠪᠠᠶᠢᠵᠤ᠂ ᠭᠠᠳᠠᠭᠰᠢ ᠭᠠᠷᠤᠭᠰᠠᠨ ᠪᠦᠬᠦ ᠲᠣᠭᠠᠨ ᠤ 47.4%᠎ ᠶᠢ ᠡᠵᠡᠯᠡᠵᠦ᠂ ᠥᠢᠷ᠎ᠠ ᠬᠠᠪᠢ ᠶᠢᠨ ᠬᠢ ᠪᠠᠨ ᠭᠠᠵᠠᠷ ᠤᠷᠤᠨ ᠳᠤ ᠰᠢᠯᠵᠢᠵᠦ ᠠᠵᠢᠯ ᠤᠯᠬᠤ ᠨᠢ ᠠᠯᠬᠤᠮ ᠠᠯᠬᠤᠮ ᠢᠶᠠᠷ ᠪᠠᠶᠠᠨᠨᠠᠭᠤᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠤ ᠰᠢᠯᠵᠢᠵᠦ ᠠᠵᠢᠯ ᠤᠯᠬᠤ ᠶᠡᠭᠡ ᠬᠠᠨᠳᠤᠰᠢ ᠪᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号