| | | 10 ᠳ᠋ᠤᠭᠠᠷ ᠰᠠᠷ᠎ᠠ ᠶᠢᠨ 11 ᠤ ᠡᠳᠦᠷ ᠠᠴᠠ 12 ᠤᠨ ᠡᠳᠦᠷ ᠪᠤᠯᠲᠠᠯ᠎ᠠ᠂ ᠪᠦᠬᠦ ᠤᠷᠤᠨ ᠤ ᠰᠤᠶᠤᠯ | ᠪᠤᠯᠤᠨ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠬᠦ ᠵᠢᠴᠢ ᠵᠢᠭᠤᠯᠴᠢᠯᠠᠯ ᠢ ᠠᠬᠢᠭᠤᠯᠬᠤ ᠠᠵᠢᠯ ᠤᠨ ᠬᠤᠷᠠᠯ | ᠠᠯᠠᠱᠠ ᠳᠤ ᠬᠤᠷᠠᠯᠳᠤᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ | ᠤᠨ ᠳᠠᠷᠤᠭ᠎ᠠ ᠪᠠᠢ ᠢᠤᠢ ᠭᠠᠩ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠤ᠂ ᠦᠪᠡᠷᠲᠡᠭᠡᠨ ᠵᠠᠰᠠᠬᠤ | ᠤᠷᠤᠨ ᠤ ᠳᠡᠳ᠋ ᠲᠡᠷᠢᠭᠦᠯᠡᠭᠴᠢ ᠠᠢ ᠯᠢ ᠬᠤᠸᠠ ᠬᠤᠷᠠᠯ ᠡᠷᠬᠢᠯᠡᠵᠤ ᠵᠢᠭᠤᠯᠴᠢᠯᠠᠯ ᠤᠨ ᠠᠵᠢᠯ ᠳᠤ ᠪᠤᠳᠠᠳᠠᠢ | ᠪᠠᠶᠢᠷᠢᠯᠠᠭᠤᠯᠤᠯᠲᠠ ᠬᠢᠵᠠᠢ᠃ | ᠪᠠᠢ ᠢᠤᠢ ᠭᠠᠩ᠂ ᠰᠤᠶᠤᠯ ᠪᠤᠯ ᠵᠢᠭᠤᠯᠴᠢᠯᠠᠯ ᠤᠨ ᠰᠦᠭ ᠰᠦᠨᠡᠰᠤ ᠪᠤᠯᠤᠨ᠎ᠠ᠂ ᠵᠢᠭᠤᠯᠴᠢᠯᠠᠯ ᠪᠤᠯ ᠰᠤᠶᠤᠯ | ᠤᠨ ᠠᠴᠢᠶᠠᠯᠠᠪᠤᠷᠢ ᠪᠤᠯᠤᠨ᠎ᠠ᠃ ᠰᠤᠶᠤᠯ ᠪᠤᠯᠤᠨ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠬᠦ ᠳᠤ᠂ | ᠬᠤᠶᠢᠰᠢᠳᠠ ᠳᠤᠤᠷᠠᠬᠢ ᠭᠡᠳᠤᠨ ᠲᠠᠯ᠎ᠠ ᠪᠠᠷ ᠠᠭᠤᠰᠤᠯᠴᠠᠭᠤᠯᠬᠤ ᠶᠢ ᠭᠤᠤᠯᠳᠠᠯᠭ᠎ᠠ ᠲᠠᠢ ᠠᠳᠬᠤᠬᠤ ᠬᠡᠷᠡᠭᠲᠠᠢ᠃ | ᠣᠨᠣᠯᠵᠢᠬᠤᠨ ᠢ ᠠᠭᠤᠰᠤᠯᠴᠠᠭᠤᠯᠵᠤ᠂ ︽ᠨᠢᠭᠡ ᠬᠦᠯᠦᠭ ᠰᠢᠳᠠᠷ᠎ᠠ︾ ᠶᠢᠨ ᠦᠵᠡᠯ ᠰᠠᠨᠠᠭ᠎ᠠ ᠪᠠᠷ ᠰᠤᠶᠤᠯ ᠪᠠ | ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠬᠦ ᠠᠵᠢᠯ ᠢ ᠬᠦᠳᠦᠯᠦᠨ ᠳᠠᠭᠠᠭᠤᠯᠬᠤ ᠬᠡᠷᠡᠭᠲᠠᠢ︔ ᠡᠬᠢ ᠪᠠᠶᠠᠯᠢᠭ ᠢ | ᠠᠭᠤᠰᠤᠯᠴᠠᠭᠤᠯᠵᠤ᠂ ᠰᠤᠶᠤᠯ ᠤᠨ ᠵᠢᠭᠤᠯᠴᠢᠯᠠᠯ ᠤᠨ ᠠᠭᠤᠯᠤᠭᠳᠠᠬᠤᠨ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠬᠡᠷᠡᠭᠲᠠᠢ︔ ᠲᠦᠷᠦᠯ ᠵᠦᠢᠯ ᠢ ᠠᠭᠤᠰᠤᠯᠴᠠᠭᠤᠯᠵᠤ᠂ ︽ᠰᠦᠷᠯᠢᠭ ᠰᠠᠶᠢᠬᠠᠨ ᠦᠪᠦᠷ ᠮᠤᠩᠭᠤᠯ · ᠦᠵᠡᠰᠬᠦᠯᠡᠩᠲᠤ | ᠰᠠᠶᠢᠬᠠᠨ ᠦᠵᠡᠮᠵᠢ ᠶᠢᠨ ᠤᠷᠤᠨ︾ ᠤ ᠨᠡᠷᠡᠲᠤ ᠲᠦᠷᠦᠯ ᠲᠡᠮᠳᠡᠭ ᠢ ᠬᠦᠴᠦᠯᠡᠨ ᠴᠤᠬᠴᠠᠯᠠᠨ ᠪᠠᠶᠢᠭᠤᠯᠬᠤ ᠬᠡᠷᠡᠭᠲᠠᠢ︔ | ᠠᠵᠤ ᠠᠬᠤᠢᠢᠯᠠᠯ ᠢ ᠠᠭᠤᠰᠤᠯᠴᠠᠭᠤᠯᠵᠤ᠂ ᠰᠤᠶᠤᠯ ᠵᠢᠭᠤᠯᠴᠢᠯᠠᠯ ᠤᠨ ᠬᠢᠷᠢ ᠲᠡᠩᠴᠡᠭᠰᠡᠨ ᠵᠠᠬ᠎ᠠ ᠳᠡᠯᠭᠡᠭᠦᠷ ᠤᠨ | ᠭᠤᠤᠯ ᠴᠤᠬᠴᠠ ᠶᠢ ᠬᠦᠴᠦᠯᠡᠨ ᠪᠤᠶᠢᠵᠢᠭᠤᠯᠬᠤ ᠬᠡᠷᠡᠭᠲᠠᠢ︔ ᠲᠠᠪᠴᠠᠩ ᠢ ᠠᠭᠤᠰᠤᠯᠴᠠᠭᠤᠯᠵᠤ᠂ ᠰᠤᠶᠤᠯ | ᠵᠢᠭᠤᠯᠴᠢᠯᠠᠯ ᠤᠨ ᠦᠢᠯᠡᠰ ᠤᠨ ᠡᠷᠡᠭᠦᠯ ᠬᠦᠭᠵᠢᠯᠲᠡ ᠳᠤ ᠰᠠᠶᠢᠨ ᠰᠠᠶᠢᠬᠠᠨ ᠤᠷᠴᠢᠨ ᠢ ᠪᠤᠢ ᠪᠤᠯᠭᠠᠵᠤ ᠦᠭᠬᠦ | ᠬᠡᠷᠡᠭᠲᠠᠢ ᠭᠡᠵᠤ ᠵᠢᠭᠠᠵᠤ ᠭᠠᠷᠭᠠᠪᠠ᠃ | ᠠᠢ ᠯᠢ ᠬᠤᠸᠠ᠂ ᠪᠠᠶᠢᠳᠠᠯ ᠤᠨ ᠬᠠᠨᠳᠤᠰᠢ ᠶᠢ ᠤᠨᠤᠪᠴᠢᠲᠠᠢ ᠡᠵᠡᠮᠰᠢᠵᠦ᠂ ᠪᠦᠬᠦ ᠤᠷᠤᠨ ᠤ | ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢ ᠰᠠᠶᠢᠳᠤᠷ ᠬᠢᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ | ᠤᠯᠠᠮ ᠴᠢᠨᠠᠬᠰᠢᠲᠠ ᠴᠢᠩᠭᠠᠳᠬᠠᠬᠤ ᠬᠡᠷᠡᠭᠲᠡᠢ︔ ᠠᠵᠢᠯ ᠤᠨ ᠭᠤᠤᠯᠳᠠᠯᠭ᠎ᠠ ᠶᠢ ᠳᠤᠪᠤᠶᠢᠯᠭᠠᠵᠤ᠂ ᠵᠢᠭᠤᠯᠴᠢᠯᠠᠯ ᠤᠨ | ᠬᠦᠭᠵᠢᠯᠲᠡ ᠶᠢᠨ ᠰᠢᠨ᠎ᠡ ᠰᠢᠪᠲᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ︔ ᠨᠢᠭᠡᠳᠦᠯᠲᠡᠢ ᠲᠦᠯᠦᠪᠵᠢᠭᠦᠯᠦᠨ | ᠵᠤᠬᠢᠴᠠᠭᠤᠯᠬᠤ ᠶᠢ ᠴᠢᠩᠭᠠᠳᠬᠠᠵᠤ᠂ ᠵᠡᠷᠭᠡᠪᠡᠷ ᠠᠳᠬᠤᠵᠤ ᠬᠠᠮᠲᠤᠪᠡᠷ ᠬᠠᠮᠢᠶᠠᠷᠬᠤ ᠬᠦᠴᠦᠷᠬᠡᠭ ᠶᠡᠭᠡ ᠨᠡᠶᠢᠯᠡᠯ | ᠬᠦᠴᠦᠨ ᠢ ᠨᠡᠶᠢᠳᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠯᠲᠡ ᠶᠢᠨ ᠵᠦᠪᠯᠡᠯ᠂ ᠠᠯᠠᠱᠠ | ᠠᠶᠢᠮᠠᠬ᠂ ᠪᠦᠷᠢᠶ᠎ᠠ ᠮᠠᠩᠬ᠎ᠠ ᠶᠢᠨ ᠵᠢᠭᠤᠯᠴᠢᠯᠠᠯ ᠤᠨ ᠪᠦᠯᠦᠭᠯᠡᠯ ᠵᠡᠷᠭᠡ ᠠᠶᠢᠮᠠᠬ ᠬᠤᠲᠠ ᠵᠢᠴᠢ ᠠᠵᠤ ᠠᠬᠤᠢᠢᠯᠠᠯ ᠤᠨ | ᠲᠦᠯᠦᠭᠡᠯᠡᠭᠴᠢᠳ ᠰᠠᠨᠠᠯ ᠢᠶᠠᠨ ᠰᠤᠯᠢᠯᠴᠠᠵᠠᠢ᠃ | |