10 ᠳ᠋ᠤᠭᠠᠷ ᠰᠠᠷ᠎ᠠ ᠶᠢᠨ 13 ᠤ ᠡᠳᠦᠷ᠂ ︽ᠬᠥᠷᠰᠢ ᠵᠡᠷᠭᠡᠯᠡᠳᠡᠭᠡ ᠪᠠᠨ ᠬᠠᠷᠠᠵᠤ ᠬᠠᠶᠢᠷᠠᠯᠠᠬᠤ ᠬᠤᠨᠳᠠᠭᠠᠲᠤ | ︾ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠢᠨᠲ᠋ᠧᠷ ᠰᠦᠯᠵᠢᠶ᠎ᠡ + ᠢᠳᠡᠭᠡᠨ ᠤᠮᠳᠠᠭᠠᠨ ᠤ ᠠᠵᠤ | ᠦᠢᠯᠡᠰ ᠤᠨ ᠶᠠᠷᠢᠯᠴᠠᠭᠠᠨ ᠤ ᠲᠠᠪᠴᠠᠩ ᠵᠢᠴᠢ ᠥᠪᠥᠷ ᠮᠣᠩᠭᠤᠯ ᠤᠨ ᠢᠳᠡᠭᠡᠨ ᠤ ᠬᠤᠳᠠᠯᠳᠤᠭᠠᠴᠢᠳ ᠤᠨ | ᠡᠪᠯᠡᠯ ᠤᠨ ᠮᠠᠭᠲᠠᠭᠠᠯᠲᠤ ᠢᠳᠡᠭᠡᠨ ᠤᠮᠳᠠᠭᠠᠨ ᠤ ᠬᠤᠯᠪᠣᠭ᠎ᠠ ᠡᠬᠢᠯᠡᠭᠦᠯᠬᠦ ᠶᠣᠰᠣᠯᠠᠯ︾ ᠬᠥᠬᠡᠬᠤᠲᠠ ᠳᠤ ᠶᠠᠪᠤᠭᠳᠠᠵᠤ᠂ | ᠢᠳᠡᠭᠡᠨ ᠤᠮᠳᠠᠭᠠᠨ ᠤ ᠠᠵᠤ ᠠᠬᠤᠶᠢᠯᠠᠯ ᠤᠨ 240 ᠭᠠᠷᠤᠶ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠶᠠᠷᠢᠯᠴᠠᠭᠠᠨ ᠤ ᠲᠠᠪᠴᠠᠩ ᠢ ᠥᠪᠥᠷ ᠮᠣᠩᠭᠤᠯ ᠤᠨ ᠢᠳᠡᠭᠡᠨ ᠤ ᠬᠤᠳᠠᠯᠳᠤᠭᠠᠴᠢᠨ ᠤ ᠡᠪᠯᠡᠯ᠂ ᠥᠪᠥᠷ | ᠮᠣᠩᠭᠤᠯ ᠤᠨ ᠨᠡᠷᠡᠳᠦ ᠰᠢᠯᠢᠳᠡᠭ ᠪᠦᠲᠦᠭᠡᠭᠳᠡᠬᠦᠨ ᠢ ᠠᠬᠢᠭᠤᠯᠬᠤ ᠵᠥᠪᠯᠡᠯ᠂ ᠥᠪᠥᠷ ᠮᠣᠩᠭᠤᠯ ᠤᠨ ᠢᠳᠡᠭᠡᠨ ᠤ | ᠠᠵᠤ ᠠᠬᠤᠶ ᠶᠢᠨ ᠰᠤᠳᠤᠯᠭᠠᠨ ᠤ ᠬᠤᠷᠠᠯ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠬᠥᠷᠰᠢ ᠵᠡᠷᠭᠡᠯᠡᠳᠡᠭᠡ ᠪᠠᠨ | ᠬᠠᠷᠠᠵᠤ ᠬᠠᠶᠢᠷᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠨᠡᠷ᠎ᠡ ᠵᠡᠭᠦᠵᠦ᠂ ᠥᠪᠥᠷ ᠮᠣᠩᠭᠤᠯ ᠤᠨ ᠷᠦᠢ | ᠳ᠋ᠢᠩ ᠰᠣᠶᠣᠯ ᠤᠨ ᠺᠤᠮᠫᠠᠨᠢ ᠳᠠᠭᠠᠭᠠᠴᠢᠯᠠᠨ ᠡᠷᠬᠢᠯᠡᠪᠡ᠃ ᠶᠠᠷᠢᠶᠠᠨ ᠤ ᠲᠠᠪᠴᠠᠩ ᠤᠨ ᠬᠤᠷᠠᠯ ᠳᠡᠭᠡᠷ᠎ᠡ᠂ ᠬᠤᠷᠠᠯ ᠳᠤ | ᠣᠷᠣᠯᠴᠠᠭᠰᠠᠨ ᠵᠤᠴᠢᠳ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠤᠶᠤᠨᠴᠢᠯᠠᠯᠲᠠ ᠵᠡᠷᠭᠡ ᠰᠢᠨ᠎ᠡ ᠮᠡᠷᠭᠡᠵᠢᠯ ᠳᠤ | ᠲᠦᠰᠢᠭᠯᠡᠨ᠂ ᠢᠳᠡᠭᠡᠨ ᠤᠮᠳᠠᠭᠠᠨ ᠤ ᠦᠢᠯᠡᠰ ᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠬᠡᠷᠬᠢᠨ | ᠭᠦᠨᠵᠡᠭᠡᠶ ᠤᠶᠠᠯᠳᠠᠭᠤᠯᠵᠤ᠂ ᠡᠭᠦᠨ ᠤ ᠤᠯᠠᠮ ᠢᠶᠠᠷ ᠢᠳᠡᠭᠡᠨ ᠤᠮᠳᠠᠭᠠᠨ ᠤ ᠡᠵᠡᠩᠨᠡᠯᠲᠡ ᠶᠢᠨ ᠪᠠᠶᠢᠳᠠᠯ ᠤᠨ | ᠪᠦᠲᠦᠴᠡ ᠪᠣᠯᠤᠨ ᠠᠮᠢ ᠠᠬᠤᠶ ᠶᠢᠨ ᠲᠤᠭᠤᠷᠢᠭ ᠢ ᠲᠠᠬᠢᠨ ᠪᠦᠲᠦᠭᠡᠬᠦ ᠪᠠ ᠦᠭᠡᠷᠡᠴᠢᠯᠡᠬᠦ ᠡᠨᠡ ᠬᠦ ᠰᠡᠳᠦᠪ ᠤᠨ | ᠲᠤᠭᠤᠷᠢᠨ ᠳᠤ ᠲᠤᠷᠰᠢᠯᠭ᠎ᠠ ᠪᠠᠨ ᠰᠣᠯᠢᠯᠴᠠᠨ ᠦᠭᠡ ᠬᠡᠯᠡᠵᠡᠶ᠃ | ᠬᠤᠷᠠᠯ ᠳᠡᠭᠡᠷ᠎ᠡ᠂ ᠪᠠᠰᠠ ᠥᠪᠥᠷ ᠮᠣᠩᠭᠤᠯ ᠤᠨ ᠢᠳᠡᠭᠡᠨ ᠤ ᠬᠤᠳᠠᠯᠳᠤᠭᠠᠨ ᠤ ᠡᠪᠯᠡᠯ ᠤᠨ ᠮᠠᠭᠲᠠᠭᠠᠯᠲᠤ | ᠢᠳᠡᠭᠡᠨ ᠤᠮᠳᠠᠭᠠᠨ ᠤ ᠬᠤᠯᠪᠣᠭᠠᠨ ᠤ ᠡᠬᠢᠯᠡᠯᠲᠡ ᠶᠢᠨ ᠶᠤᠰᠤᠯᠠᠯ ᠢ ᠶᠠᠪᠤᠭᠤᠯᠵᠤ᠂ ᠨᠢᠤᠢ ᠱᠧᠨ ᠪᠠᠭᠤᠳᠠᠯ᠂ ᠯᠠ | ᠶᠤᠸᠠᠨ ᠸᠠᠢ ᠭᠤᠱᠤᠭᠤᠨ ᠬᠠᠯᠠᠭᠤᠨ ᠲᠣᠭᠤᠭ᠎ᠠ᠂ ᠳ᠋ᠧ ᠱᠦᠨ ᠶᠤᠸᠠᠨ ᠵᠡᠷᠭᠡ 100 ᠭᠠᠷᠤᠶ ᠢᠳᠡᠭᠡᠨ | ᠤᠮᠳᠠᠭᠠᠨ ᠤ ᠠᠵᠤ ᠠᠬᠤᠶᠢᠯᠠᠯ ᠬᠤᠯᠪᠤᠭᠠᠨ ᠳᠤ ᠡᠯᠰᠡᠭᠳᠡᠪᠡ᠃ |