10 ᠳ᠋ᠤᠭᠠᠷ ᠰᠠᠷ᠎ᠠ ᠶᠢᠨ 12 ᠤ ᠡᠳᠦᠷ᠂ ᠪᠦᠬᠦ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠠᠵᠢᠯ ᠤᠨ ᠬᠥᠬᠢᠭᠦᠯᠦᠨ ᠰᠠᠶᠢᠰᠢᠶᠠᠬᠤ ᠬᠤᠷᠠᠯ ᠵᠢᠴᠢ 2017 ᠣᠨ ᠤ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠲᠥᠩᠯᠢᠶᠥᠥ ᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠠᠵᠢᠯ ᠤᠨ ᠵᠥᠪᠯᠡᠯ ᠤᠨ ᠡᠷᠬᠢᠯᠡᠭᠴᠢ ᠯᠢᠦ ᠰᠢᠨ ᠯᠧ ᠬᠤᠷᠠᠯ ᠳᠤ ᠣᠷᠤᠯᠴᠠᠨ ᠶᠠᠷᠢᠶ᠎ᠠ ᠲᠠᠯᠪᠢᠪᠠ᠃ | ᠯᠢᠦ ᠰᠢᠨ ᠯᠧ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠲᠤᠷᠰᠢᠯᠭ᠎ᠠ ᠪᠠᠨ | ᠳ᠋ᠥᠩᠨᠡᠵᠦ᠂ ᠳᠤᠲᠠᠭᠳᠠᠯ ᠢᠶᠠᠨ ᠡᠷᠢᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠡᠭᠦᠷᠭᠡ | ᠬᠠᠷᠢᠭᠤᠴᠠᠯᠭᠠᠲᠤ ᠰᠡᠳᠭᠢᠯᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠡᠷᠡᠭᠦᠯ ᠬᠠᠮᠠᠭᠠᠯᠠᠯ ᠤᠨ ᠬᠤᠲᠠ | ᠪᠠᠯᠭᠠᠰᠤ ᠶᠢ ᠡᠭᠦᠳᠦᠨ ᠪᠠᠶᠢᠭᠤᠯᠬᠤ᠂ ᠡᠷᠡᠭᠦᠯ ᠡᠩᠬᠡ ᠬᠤᠲᠠ ᠡᠷᠡᠭᠦᠯ ᠡᠩᠬᠡ ᠲᠤᠰᠬᠤᠨ ᠪᠠᠯᠭᠠᠰᠤ ᠶᠢ ᠪᠦᠲᠦᠭᠡᠨ | ᠪᠠᠶᠢᠭᠤᠯᠬᠤ ᠵᠢᠯ ᠢᠶᠠᠷ ᠭᠠᠷᠳᠠᠴᠠ ᠪᠣᠯᠭᠠᠵᠤ᠂ ᠬᠤᠲᠠ ᠪᠠᠯᠭᠠᠰᠤᠨ ᠤ ᠣᠷᠴᠢᠨ ᠲᠣᠭᠤᠷᠢᠨ ᠡᠷᠡᠭᠦᠯ ᠬᠠᠮᠠᠭᠠᠯᠠᠯ ᠤᠨ | ᠶᠠᠰᠤ ᠴᠢᠨᠠᠷ᠂ ᠣᠯᠠᠨ ᠲᠦᠮᠡᠨ ᠤ ᠡᠷᠡᠭᠦᠯ ᠬᠠᠮᠠᠭᠠᠯᠠᠯ ᠤᠨ ᠬᠡᠪ ᠪᠣᠯᠪᠠᠰᠤᠷᠠᠯ᠂ ᠪᠦᠬᠦ ᠠᠷᠠᠳ ᠤᠨ ᠪᠡᠶ᠎ᠡ | ᠪᠣᠯᠪᠠᠰᠤᠷᠠᠬᠤ ᠲᠥᠪᠰᠢᠨ ᠢ ᠪᠦᠬᠦ ᠲᠠᠯ᠎ᠠ ᠪᠠᠷ ᠳᠡᠰ ᠳᠡᠪᠰᠢᠭᠦᠯᠬᠦ ᠬᠡᠷᠡᠭᠲᠡᠢ ᠭᠡᠪᠡ᠃ | ᠬᠤᠷᠠᠯ ᠳᠡᠭᠡᠷ᠎ᠡ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠷ ᠨᠡᠷᠡᠶᠢᠳᠦᠭᠳᠡᠭᠰᠡᠨ ᠲᠥᠩᠯᠢᠶᠥᠥ | ᠬᠤᠲᠠ᠂ ᠤᠯᠠᠭᠠᠨᠴᠠᠪ ᠬᠤᠲᠠ᠂ ᠰᠢᠯᠢᠩᠬᠤᠲᠠ ᠪᠣᠯᠣᠨ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ︵ | ᠰᠢᠶᠠᠩ ᠪᠠᠯᠭᠠᠰᠤ︶ ᠤ ᠢᠷᠠᠭᠤ ᠠᠯᠳᠠᠷ ᠢ ᠬᠦᠷᠲᠡᠭᠰᠡᠨ ᠲᠦᠮᠡᠳ ᠵᠡᠭᠦᠨ ᠬᠤᠰᠢᠭᠤ ᠵᠡᠷᠭᠡ 13 ᠬᠤᠰᠢᠭᠤ ᠰᠢᠶᠠᠨ | ᠰᠢᠶᠠᠩ ᠪᠠᠯᠭᠠᠰᠤᠨ ᠳᠤ ᠫᠠᠶᠢᠰᠠ ᠣᠯᠭᠤᠵᠣ᠂ ᠪᠦᠬᠦ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠠᠵᠢᠯ ᠤᠨ ᠲᠡᠷᠢᠭᠦᠨ ᠤ ᠬᠠᠮᠲᠤ ᠨᠡᠶᠢᠲᠡ ᠪᠠ ᠬᠤᠪᠢ ᠬᠦᠮᠦᠨ ᠢ ᠬᠥᠬᠢᠭᠦᠯᠦᠨ ᠰᠠᠶᠢᠰᠢᠶᠠᠪᠠ᠃ ᠪᠦᠬᠦ ᠣᠷᠣᠨ ᠤ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠡᠷᠢᠭᠦᠨ ᠤ ᠭᠠᠵᠠᠷ ᠣᠷᠣᠨ᠂ ᠲᠡᠷᠢᠭᠦᠨ ᠤ ᠬᠠᠮᠲᠤ | ᠨᠡᠶᠢᠲᠡ ᠪᠠ ᠲᠡᠷᠢᠭᠦᠨ ᠤ ᠬᠤᠪᠢ ᠬᠦᠮᠦᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ | ᠲᠡᠷᠢᠭᠦᠨ ᠤ ᠲᠤᠷᠰᠢᠯᠭ᠎ᠠ ᠶᠢ ᠳ᠋ᠥᠩᠨᠡᠨ ᠰᠣᠯᠢᠯᠴᠠᠵᠠᠢ᠃ |