ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ | ᠪᠠ ᠨᠡᠶᠢᠲᠡ ᠶᠢᠨ ᠢᠲᠡᠭᠡᠮᠵᠢ ᠶᠢᠨ ᠬᠡᠮᠵᠢᠶ᠎ᠡ ᠶᠢ ᠴᠢᠩᠭᠠᠳᠬᠠᠬᠤ ᠪᠠᠷ ᠣᠨᠴᠠᠭᠠᠶᠢᠯᠠᠨ ᠭᠤᠶᠤᠴᠢᠯᠠᠭᠰᠠᠨ ᠪᠦᠬᠦ | ᠤᠯᠤᠰ ᠤᠨ ᠨᠢᠭᠡᠳᠦᠯᠲᠡᠶ ᠨᠤᠮᠧᠷᠲᠦ ︽12340︾ ᠤᠲᠠᠰᠤ ᠶᠢ ᠪᠣᠯ ᠤᠯᠤᠰ ᠤᠨ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠶᠠᠮᠤᠨ ᠭᠤᠣᠯᠯᠠᠨ ᠲᠣᠬᠢᠷᠠᠭᠤᠯᠵᠤ᠂ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ | ᠮᠥᠴᠢᠷ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠠᠶᠢᠴᠠᠭᠠᠬᠤ ᠪᠠᠶᠢᠭᠤᠯᠤᠮᠵᠢ ᠨᠤᠭᠤᠳ ᠪᠦᠬᠦ ᠤᠯᠤᠰ ᠤᠨ | ᠬᠡᠪᠴᠢᠶᠡᠨ ᠳᠤ ᠬᠡᠷᠡᠭᠯᠡᠬᠦ ᠤᠲᠠᠰᠤ ᠪᠣᠯᠣᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2016 ᠣᠨ ᠤ 10 ᠳ᠋ᠤᠭᠠᠷ ᠰᠠᠷ᠎ᠠ ᠳᠤ 12 | ᠠᠶᠢᠮᠠᠭ ᠬᠤᠲᠠ ᠳᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠠᠶᠢᠴᠠᠭᠠᠬᠤ ᠪᠠᠶᠢᠭᠤᠯᠤᠮᠵᠢ ᠪᠠ ᠰᠢᠭᠤᠳ | ᠤᠲᠠᠰᠤ ᠶᠢ ᠴᠥᠮ ᠪᠦᠷᠬᠦᠭᠦᠯᠪᠡ᠃ ᠲᠤᠰ ᠲᠥᠪ ᠨᠢ ᠵᠢᠯ ᠪᠦᠷᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ | ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠠᠶᠢᠳᠠᠭᠰᠠᠨ ᠴᠢᠬᠤᠯᠠ ᠶᠡᠭᠡ ᠣᠯᠠᠨ ᠳᠥᠷᠤᠯ ᠵᠦᠢᠯ ᠢ ᠬᠦᠯᠢᠶᠡᠨ | ᠠᠪᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠷᠠᠳ ᠣᠯᠠᠨ ᠤ ᠰᠡᠳᠬᠢᠯ ᠲᠠᠯᠪᠢᠵᠤ ᠪᠠᠶᠢᠭ᠎ᠠ | ᠬᠠᠯᠠᠮᠰᠢᠯ ᠠᠰᠠᠭᠤᠳᠠᠯ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠲᠥᠷᠥᠯ | ᠵᠦᠢᠯ ᠤᠨ ᠪᠠᠶᠢᠴᠠᠭᠠᠯᠲᠠ ᠶᠢ ᠢᠳᠡᠪᠬᠢᠲᠡᠶ ᠪᠡᠶ᠎ᠡ ᠪᠠᠨ ᠳᠠᠭᠠᠭᠠᠨ ᠥᠷᠨᠢᠭᠦᠯᠬᠦ ᠪᠣᠯᠣᠨ᠎ᠠ᠃ ᠤᠳᠤ ᠤᠯᠤᠰ ᠠᠴᠠ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠤᠯᠠᠮ ᠠᠴᠠ ᠤᠯᠠᠮ ᠴᠢᠬᠤᠯᠠᠴᠢᠯᠠᠵᠤ᠂ ᠨᠡᠶᠢᠭᠡᠮ ᠤᠨ ᠡᠯ᠎ᠡ | ᠡᠲᠡᠭᠡᠳ ᠤᠨ ᠬᠢᠨ ᠢᠯᠠᠩᠭᠤᠶ᠎ᠠ ᠦᠨᠳᠦᠰᠦᠨ ᠱᠠᠲᠤᠨ ᠤ ᠤᠯᠠᠨ ᠲᠦᠮᠡᠨ ᠳᠤ ᠶᠠᠪᠤᠭᠤᠯᠤᠭᠰᠠᠨ ᠪᠠᠶᠢᠴᠠᠭᠠᠯᠲᠠ ᠨᠢ᠂ | ᠥᠷᠭᠡᠨ ᠤᠯᠠᠨ ᠲᠦᠮᠡᠨ ᠤ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠲᠤᠬᠠᠢ ᠰᠠᠨᠠᠯ ᠪᠠ ᠣᠪᠣᠷ ᠢ ᠴᠠᠭ | ᠳᠠᠷᠤᠶ ᠳᠤᠨᠢ ᠪᠦᠲᠦᠮᠵᠢᠲᠡᠶ ᠴᠤᠭᠯᠠᠭᠤᠯᠵᠤ᠂ ᠠᠷᠠᠳ ᠣᠯᠠᠨ ᠤ ᠰᠠᠨᠠᠯ ᠰᠠᠨᠠᠭᠤᠯᠭ᠎ᠠ ᠶᠢ ᠦᠨᠡᠨ ᠪᠣᠳᠠᠲᠠᠶ ᠪᠠᠷ | ᠲᠤᠰᠬᠠᠵᠤ ᠪᠠᠶᠢᠨ᠎ᠠ᠃ ᠡᠭᠦᠨ ᠤ ᠬᠠᠮᠲᠤ᠂ ᠤᠲᠠᠰᠤ ᠪᠠᠷ ᠰᠤᠷᠪᠤᠯᠵᠢᠯᠠᠭ᠎ᠠ ᠬᠦᠯᠢᠶᠡᠭᠰᠡᠳ ᠤᠨ ᠬᠤᠪᠢ ᠬᠥᠮᠦᠨ ᠤ | ᠮᠡᠳᠡᠭᠡ ᠵᠠᠩᠭᠢ ᠪᠠ ᠬᠠᠷᠢᠭᠤᠯᠲᠠ ᠶᠢᠨ ᠠᠭᠤᠯᠭ᠎ᠠ ᠶᠢᠨ ᠨᠢᠭᠤᠴᠠ ᠶᠢ ᠴᠢᠩᠳᠠ ᠬᠠᠮᠠᠭᠠᠯᠠᠵᠤ᠂ ᠠᠷᠤ ᠲᠠᠪᠴᠠᠩ ᠤᠨ | ᠲᠤᠭ᠎ᠠ ᠪᠦᠷᠢᠳᠬᠡᠯ ᠨᠢ ᠲᠤᠭ᠎ᠠ ᠪᠦᠷᠢᠳᠬᠡᠯ ᠤᠨ ᠬᠠᠤᠯᠢ ᠶᠢᠨ ᠴᠢᠩᠭ᠎ᠠ ᠬᠢᠵᠠᠭᠠᠷᠯᠠᠯ ᠢ ᠬᠦᠯᠢᠶᠡᠵᠦ ᠪᠠᠶᠢᠬᠤ ᠲᠤᠯᠠ | ᠤᠯᠡᠠ ᠢᠶᠠᠷ ᠢᠶᠠᠨ ᠪᠢᠲᠡᠭᠡᠢ ᠲᠡᠪᠴᠢᠭᠡᠷᠡᠢ᠃ |