ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠬᠤ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠠᠩᠬᠠᠳᠤᠭᠠᠷ ᠤᠳᠠᠭ᠎ᠠ ᠶᠢᠨ ᠪᠦᠬᠦᠳᠡ ᠬᠤᠷᠠᠯ ᠬᠢᠵᠦ  ᠯᠢ ᠵᠢᠢ ᠾᠧᠩ ᠢ ᠲᠦᠯᠦᠭᠡᠯᠡᠭᠴᠢᠳ ᠤᠨ ᠪᠦᠯᠬᠦᠮ ᠤᠨ ᠲᠠᠷᠤᠭ᠎ᠠ ᠪᠦ᠋ ᠰᠢᠶᠤᠤ ᠯᠢᠨ ᠢ ᠪᠦᠯᠬᠦᠮ ᠤᠨ ᠲᠡᠳ᠋ ᠲᠠᠷᠤᠭ᠎ᠠ ᠯᠢ ᠵᠢᠶᠠ ᠶᠢ ᠨᠠᠷᠢᠨ ᠪᠢᠴᠢᠭ ᠤᠨ ᠲᠠᠷᠤᠭ᠎ᠠ ᠪᠠᠷ ᠳᠡᠪᠰᠢᠭᠦᠯᠦᠨ ᠰᠤᠩᠭᠤᠵᠠᠢ
ᠨᠡᠶᠢᠲᠡᠯᠡᠭᠰᠡᠨ ᠴᠠᠭ᠄
2017/10/18
      10 ᠳ᠋ᠤᠭᠠᠷ ᠰᠠᠷ᠎ᠠ ᠶᠢᠨ 17᠎ ᠤ ᠦᠳᠡ ᠶᠢᠨ ᠡᠮᠦᠨ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠪᠦᠯᠬᠦᠮ ᠠᠩᠬᠠᠳᠤᠭᠠᠷ ᠤᠳᠠᠭ᠎ᠠ ᠶᠢᠨ ᠪᠦᠬᠦᠳᠡ ᠬᠤᠷᠠᠯ ᠬᠢᠵᠤ᠂ ᠯᠢ ᠵᠢᠢ ᠾᠧᠩ ᠢ ᠲᠦᠯᠦᠭᠡᠯᠡᠭᠴᠢᠳ ᠤᠨ ᠪᠦᠯᠬᠦᠮ ᠤᠨ ᠲᠠᠷᠤᠭ᠎ᠠ ᠪᠠᠷ᠂ ᠪᠦ᠋ ᠰᠢᠶᠤᠤ ᠯᠢᠨ ᠢ ᠪᠦᠯᠬᠦᠮ ᠤᠨ ᠲᠡᠳ᠋ ᠲᠠᠷᠤᠭ᠎ᠠ ᠪᠠᠷ᠂ ᠯᠢ ᠵᠢᠶᠠ ᠶᠢ ᠨᠠᠷᠢᠨ ᠪᠢᠴᠢᠭ ᠤᠨ ᠲᠠᠷᠤᠭ᠎ᠠ ᠪᠠᠷ ᠳᠡᠪᠰᠢᠭᠦᠯᠦᠨ ᠰᠤᠩᠭᠤᠪᠠ᠃ ᠬᠤᠷᠠᠯ ᠠᠴᠠ ᠲᠦᠯᠦᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠪᠤᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ᠂ ᠨᠠᠷᠢᠨ ᠪᠢᠴᠢᠭ ᠤᠨ ᠲᠠᠷᠤᠭ᠎ᠠ ᠤᠨ ᠰᠠᠨᠠᠭᠤᠯᠭ᠎ᠠ ᠶᠢᠨ ᠨᠡᠷᠡᠰ ᠵᠡᠷᠭᠡ ᠶᠢ ᠵᠦᠪᠳᠡᠨ ᠶᠠᠷᠢᠯᠴᠠᠵᠣ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠲᠤᠯᠤᠳᠤᠭᠠᠷ ᠪᠦᠬᠦᠳᠡ ᠬᠤᠷᠠᠯ ᠤᠨ ᠬᠠᠮᠢᠶ᠎ᠠ ᠪᠦᠬᠦᠢ ᠵᠤᠷᠢᠭ ᠰᠠᠨᠠᠭ᠎ᠠ ᠶᠢ ᠤᠯᠠᠮᠵᠢᠯᠠᠪᠠ᠃      ᠯᠢ ᠵᠢᠢ ᠾᠧᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠱᠠᠳᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠦᠭᠵᠢᠯᠳᠡ ᠶᠢᠨ ᠵᠠᠩᠬᠢᠯᠠᠭ᠎ᠠ ᠶᠢᠨ ᠴᠠᠭ ᠦᠶ᠎ᠠ ᠳᠤ ᠬᠤᠷᠠᠯᠳᠣᠭᠤᠯᠵᠣ ᠪᠠᠶᠢᠭ᠎ᠠ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠣᠨ᠎ᠠ᠂ ᠳᠡᠷᠡ ᠨᠢ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠵᠣᠷᠢᠬᠵᠢᠭᠤᠯᠣᠨ ᠳᠠᠶᠢᠴᠢᠯᠠᠵᠣ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠦᠷᠭᠦᠯᠵᠢᠯᠡᠨ ᠠᠬᠢᠭᠤᠯᠬᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠭᠦ ᠳᠤ᠂ ᠴᠦᠮ ᠲᠦᠢᠯ ᠤᠨ ᠴᠢᠬᠤᠯᠠ ᠪᠦᠭᠡᠳ ᠠᠯᠤᠰ ᠬᠡᠳᠦ ᠶᠢᠨ ᠠᠴᠢ ᠬᠤᠯᠪᠤᠬᠳᠠᠯ ᠲᠠᠢ᠃ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠲᠦᠯᠦᠭᠡᠯᠡᠭᠴᠢᠳ ᠪᠦᠬᠦ ᠤᠷᠤᠨ ᠤ 157 ᠲᠦᠮᠡ ᠭᠠᠷᠣᠢ ᠨᠠᠮ ᠤᠨ ᠬᠡᠰᠢᠭᠦᠨ ᠪᠤᠯᠤᠨ 2500 ᠲᠦᠮᠡᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠡᠶᠢᠳᠡᠯᠭ᠎ᠠ ᠶᠢ ᠬᠦᠯᠢᠶᠡᠵᠦ ᠪᠣᠢ᠂ ᠵᠠᠪᠠᠯ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠦ᠂ ᠶᠡᠭᠡ ᠬᠤᠷᠠᠯ ᠢ ᠰᠠᠶᠢᠳᠤᠷ ᠬᠤᠷᠠᠯᠳᠤᠭᠤᠯᠬᠤ ᠬᠠᠷᠢᠭᠤᠴᠠᠯᠭᠠᠳᠦ ᠰᠡᠳᠬᠢᠯᠭᠡ ᠪᠠ ᠲᠡᠤᠭᠡᠨ ᠡᠭᠦᠷᠭᠡᠳᠦ ᠰᠡᠳᠬᠢᠯᠭᠡ ᠪᠠᠨ ᠴᠢᠩᠭᠠᠷᠠᠭᠤᠯᠬᠤ ᠬᠡᠷᠡᠭᠳᠡᠢ᠃ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠲᠦᠯᠳᠡᠢ ᠪᠠᠶᠢᠬᠤ ᠤᠬᠠᠮᠰᠠᠷ ᠢ ᠪᠠᠳᠣ ᠪᠠᠬᠢ ᠪᠣᠢ ᠪᠣᠯᠭᠠᠵᠣ᠂ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠢᠳᠡᠭᠡᠯ ᠵᠤᠷᠢᠭ ᠪᠠᠳᠣ ᠪᠠᠷ ᠦᠨᠡᠨᠴᠢ ᠰᠢᠳᠤᠷᠭᠤ ᠶᠢ ᠡᠷᠬᠢᠮᠯᠡᠵᠦ᠂ ᠠᠷᠢᠭᠤᠨ ᠲᠡᠷᠬᠠᠨ ᠲᠡᠤᠭᠡᠨ ᠡᠭᠦᠷᠭᠡᠳᠤ ᠰᠡᠳᠬᠢᠯᠭᠡ ᠪᠠᠷ ᠬᠠᠷᠢᠭᠤᠴᠠᠯᠭ᠎ᠠ ᠡᠭᠦᠷᠭᠡᠯᠡᠯ ᠢ ᠡᠷᠬᠢᠮᠯᠡᠵᠦ᠂ ᠨᠡᠩ ᠡᠷᠡᠰ ᠪᠠᠳᠣ ᠣᠬᠠᠮᠰᠠᠷ ᠠᠴᠠ ᠪᠠᠨ ᠦᠵᠡᠯ ᠰᠠᠨᠠᠭ᠎ᠠ ᠣᠯᠣᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠤ ᠬᠡᠮᠵᠢᠶ᠎ᠠ ᠪᠠᠷ ᠨᠢᠭᠡᠲᠦᠯᠳᠡᠢ ᠪᠠᠶᠢᠬᠤ ᠬᠡᠷᠡᠭᠳᠡᠢ᠃ ᠤᠮᠤᠭ ᠵᠤᠷᠢᠭ ᠳᠡᠭᠦᠯᠳᠡᠷ᠂ ᠴᠤᠭ ᠵᠣᠯᠢ ᠪᠠᠳᠠᠷᠠᠩᠭᠤᠢ ᠪᠠᠷ ᠶᠡᠭᠡ ᠬᠤᠷᠠᠯ ᠢ ᠰᠠᠶᠢᠳᠤᠷ ᠬᠤᠷᠠᠯᠳᠤᠭᠤᠯᠵᠦ᠂ ᠬᠢᠨᠠᠨ ᠪᠠᠶᠢᠴᠠᠭᠠᠵᠦ ᠬᠢᠨᠠᠨ ᠵᠦᠪᠯᠡᠭᠦ ᠪᠠ ᠰᠤᠩᠭᠤᠭᠤᠯᠢ ᠶᠢᠨ ᠡᠯ᠎ᠠ ᠵᠦᠢᠯ ᠤᠨ ᠠᠵᠢᠯ ᠢ ᠬᠢᠨᠠᠮᠠᠭᠠᠢ ᠰᠠᠶᠢᠳᠤᠷ ᠬᠢᠵᠦ᠂ ᠰᠠᠭᠢᠯᠭ᠎ᠠ ᠪᠠᠳᠤ ᠲᠦᠷᠢᠮ ᠲᠤᠬᠳᠠᠭᠠᠯ ᠢ ᠴᠢᠩᠭ᠎ᠠ ᠰᠠᠭᠢᠵᠦ᠂ ᠰᠠᠶᠢᠨ ᠰᠠᠶᠢᠬᠠᠨ ᠲᠦᠷᠢ ᠲᠦᠷᠭᠦ ᠪᠠᠨ ᠭᠠᠶᠢᠬᠠᠭᠤᠯᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠡᠭᠦᠰ ᠠᠮᠵᠢᠯᠳᠠ ᠲᠠᠢ ᠬᠤᠷᠠᠯᠳᠤᠬᠤ ᠳᠤ ᠢᠳᠡᠪᠭᠢᠳᠠᠢ ᠬᠤᠪᠢ ᠨᠡᠮᠡᠷᠢ ᠪᠠᠨ ᠦᠵᠡᠭᠦᠯᠭᠦ ᠬᠡᠷᠡᠭᠳᠡᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号