ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠡᠯᠡᠳᠬᠡᠯ ᠬᠤᠷᠠᠯ ᠬᠢᠵᠦ  ᠰᠢ ᠶᠢᠨ ᠫᠢᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2017/10/18
     ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ 17᠎ ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠡᠯᠡᠳᠬᠡᠯ ᠬᠤᠷᠠᠯ ᠬᠢᠪᠠ᠃      ᠰᠢ ᠶᠢᠨ ᠫᠢᠩ ᠨᠦᠬᠦᠷ ᠬᠤᠷᠠᠯ ᠢ ᠡᠷᠬᠢᠯᠡᠵᠡᠢ᠃      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠪᠠᠯ ᠵᠤᠬᠢᠬᠤ ᠲᠦᠯᠥᠬᠡᠯᠡᠭᠴᠢ᠂ ᠤᠨᠴᠠ ᠤᠷᠢᠭᠰᠠᠠ ᠲᠦᠯᠥᠬᠡᠯᠡᠭᠴᠢ 2354 ᠬᠦᠮᠥᠨ ᠪᠠᠶᠢᠨ᠎ᠠ᠃      ᠪᠡᠯᠡᠳᠬᠡᠯ ᠬᠤᠷᠠᠯ ᠳᠤ ᠤᠷᠤᠯᠴᠠᠬᠰᠠᠨ ᠲᠦᠯᠥᠭᠡᠯᠡᠭᠴᠢ᠂ ᠤᠨᠴᠠ ᠤᠷᠢᠭᠰᠠᠠ ᠲᠦᠯᠥᠬᠡᠯᠡᠭᠴᠢ 2307 ᠬᠦᠮᠥᠨ ᠪᠠᠶᠢᠨ᠎ᠠ᠃      ᠬᠤᠷᠠᠯ ᠠᠴᠠ ᠭᠠᠷ ᠡᠷᠬᠦᠵᠤ ᠪᠠᠳᠤᠯᠠᠯᠳᠠ ᠬᠢᠬᠦ ᠠᠷᠭ᠎ᠠ ᠪᠠᠷ᠂ 22 ᠬᠦᠮᠥᠨ ᠢᠶᠠᠷ ᠪᠦᠷᠢᠯᠳᠦᠭᠰᠡᠡ ᠲᠦᠯᠥᠬᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠺᠤᠮᠢᠰ ᠤᠨ ᠨᠡᠷᠡᠰ ᠢ ᠪᠠᠳᠤᠯᠠᠨ᠂ 243 ᠬᠦᠮᠥᠨ ᠢᠶᠠᠷ ᠪᠦᠷᠢᠯᠳᠦᠭᠰᠡᠡ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠨᠡᠷᠡᠰ ᠢ ᠪᠠᠳᠤᠯᠠᠵᠥ᠂ ᠯᠢᠦ ᠶᠦᠨ ᠱᠠᠨ ᠢ ᠶᠡᠭᠡ ᠬᠤᠷᠠᠯ ᠤᠨ ᠨᠠᠷᠢᠨ ᠪᠢᠴᠢᠭ ᠤᠨ ᠲᠠᠷᠤᠭ᠎ᠠ ᠪᠠᠷ ᠪᠠᠳᠤᠯᠠᠪᠠ᠃ ᠬᠤᠷᠠᠯ ᠠᠴᠠ ᠶᠡᠭᠡ ᠬᠤᠷᠠᠯ ᠤᠨ ᠨᠠᠷᠢᠨ ᠪᠢᠴᠢᠭ ᠎ ᠤᠨ ᠭᠠᠵᠠᠷ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠤᠯᠤᠨ ᠠᠵᠢᠯ ᠤᠨ ᠡᠬᠦᠷᠬᠡ ᠶᠢ ᠪᠠᠳᠤᠯᠠᠵᠠᠢ᠃      ᠬᠤᠷᠠᠯ ᠠᠴᠠ ᠪᠠᠰᠠ ᠠᠷᠪᠠ ᠶᠢᠰᠦᠳᠦᠭᠡᠷ ᠶᠡᠭᠡ ᠬᠤᠷᠠᠯ ᠤᠨ ᠵᠦᠪᠯᠡᠬᠦ ᠵᠦᠢᠯ ᠢ ᠪᠠᠳᠤᠯᠠᠪᠠ᠃ ᠶᠡᠭᠡ ᠬᠤᠷᠠᠯ ᠎ ᠤᠨ ᠵᠦᠪᠯᠡᠬᠦ ᠵᠦᠢᠯ ᠪᠤᠯ᠄ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠭᠡᠯ ᠢ ᠰᠤᠨᠤᠰᠴᠦ ᠬᠢᠨᠠᠨ ᠪᠠᠶᠢᠴᠠᠭᠠᠨ᠎ᠠ︔ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠥᠯᠳᠡ ᠶᠢ ᠬᠢᠨᠠᠨ ᠪᠠᠶᠢᠴᠠᠭᠠᠨ᠎ᠠ︔ ︽ᠲᠤᠮᠳᠠᠳᠤ ᠤᠯᠤᠰ ᠤᠨ ᠡᠪ ᠬᠠᠮᠳᠤ ᠨᠠᠮ ᠎ ᠤᠨ ᠲᠦᠷᠢᠮ ︵ᠵᠠᠰᠠᠪᠤᠷᠢ ᠤᠷᠤᠭᠤᠯᠤᠭᠰᠠᠠ ᠲᠦᠰᠦᠯ︶︾᠎ ᠢ ᠬᠢᠨᠠᠨ ᠵᠦᠪᠯᠡᠵᠥ ᠪᠠᠳᠤᠯᠠᠨ᠎ᠠ︔ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢ ᠰᠤᠩᠭᠤᠨ᠎ᠠ︔ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠰᠤᠩᠭᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号