ᠪᠤᠭᠤᠲᠤ ᠶᠢᠨ ᠣᠯᠠᠨ ᠰᠠᠯᠠᠭ᠎ᠠ ᠮᠥᠴᠢᠷ ᠬᠠᠮᠲᠤᠷᠠᠵᠤ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠭᠡᠳ ᠤᠳ ᠢ ᠬᠠᠮᠠᠭᠠᠯᠠᠵᠤ ᠪᠤᠢ
ᠨᠡᠶᠢᠲᠡᠯᠡᠭᠰᠡᠨ ᠴᠠᠭ᠄
2017/10/19
     ᠪᠤᠭᠤᠲᠤ ᠬᠤᠲᠠ ᠳᠤ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠭᠡᠳ 528 ᠪᠤᠢ᠃ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠶᠡᠷᠦᠩᠬᠡᠶᠢᠯᠡᠨ ᠵᠠᠰᠠᠬᠤ ᠠᠵᠢᠯ ᠤᠨ ᠠᠯᠪᠠᠨ ᠭᠡᠷ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠪᠣᠯᠣᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠵᠡᠷᠭᠡ ᠣᠯᠠᠨ ᠰᠠᠯᠠᠭ᠎ᠠ ᠮᠥᠴᠢᠷ ᠤᠨ ᠬᠠᠮᠲᠤᠷᠠᠨ ᠥᠷᠨᠢᠭᠦᠯᠦᠭᠰᠡᠨ ᠲᠤᠰᠬᠠᠶ ᠬᠠᠮᠠᠭᠠᠯᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠵᠢᠭᠰᠠᠭᠠᠨ ᠪᠠᠶᠢᠴᠠᠭᠠᠵᠤ ᠭᠠᠷᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ᠬᠠᠷᠠᠭᠠᠯᠵᠠᠨ ᠬᠠᠮᠠᠭᠠᠯᠠᠬᠤ ᠬᠥᠮᠦᠨ ᠦᠭᠡᠢ ᠪᠠᠶᠢᠬᠤ ᠠᠰᠠᠭᠤᠳᠠᠯ ᠪᠥᠬᠦᠳᠡ ᠶᠢ ᠰᠢᠢᠳᠪᠦᠷᠢᠯᠡᠵᠡᠢ᠃      ᠣᠶᠢᠯᠠᠭᠠᠭᠰᠠᠨ ᠢᠶᠠᠷ᠂ ᠡᠨᠡ ᠵᠢᠯ ᠤᠨ 2 ᠳ᠋ᠤᠭᠠᠷ ᠰᠠᠷ᠎ᠠ ᠳᠤ᠂ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠶᠡᠷᠦᠩᠬᠡᠶᠢᠯᠡᠨ ᠵᠠᠰᠠᠬᠤ ᠠᠵᠢᠯ ᠤᠨ ᠠᠯᠪᠠᠨ ᠭᠡᠷ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠪᠣᠯᠣᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠬᠠᠮᠲᠤᠷᠠᠵᠤ ︽ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ︿ᠬᠦᠴᠦ ᠪᠠᠨ ᠬᠠᠮᠲᠤᠳᠬᠠᠨ ᠬᠠᠷᠠᠭᠠᠯᠵᠠᠨ ᠬᠠᠮᠠᠭᠠᠯᠠᠵᠤ᠂ ᠥᠰᠦᠨ ᠪᠤᠶᠢᠵᠢᠬᠤ ᠳᠤᠨᠢ ᠬᠠᠨᠢ ᠪᠣᠯᠬᠤ﹀ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠲᠤᠰᠬᠠᠶ ᠠᠵᠢᠯᠯᠠᠭ᠎ᠠ ᠦᠷᠨᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠵᠤ᠂ ︽ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠨ᠂ ᠭᠡᠷ ᠪᠦᠯᠢ ᠨᠢ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠯᠠᠭ᠎ᠠ ᠮᠥᠴᠢᠷ ᠤᠳ ᠬᠠᠮᠵᠢᠯᠴᠠᠨ᠂ ᠪᠦᠬᠦ ᠠᠷᠠᠳ ᠢᠶᠠᠷ ᠢᠶᠠᠨ ᠬᠠᠯᠠᠮᠵᠢᠯᠠᠬᠤ︾ ᠬᠠᠯᠠᠮᠵᠢᠯᠠᠨ ᠲᠤᠰᠠᠯᠠᠵᠤ ᠬᠠᠮᠠᠭᠠᠯᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠡᠢ᠃ ᠲᠤᠰᠬᠠᠶ ᠠᠵᠢᠯᠯᠠᠭ᠎ᠠ ᠪᠠᠷ ᠳᠠᠮᠵᠢᠭᠤᠯᠤᠨ᠂ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠡᠷᠦᠬᠡ ᠠᠮᠠ ᠶᠢᠨ ᠳᠠᠩᠰᠠ ᠦᠭᠡᠶ 10 ᠬᠡᠦᠬᠡᠳ᠂ ᠬᠢᠨᠠᠨ ᠬᠠᠮᠠᠭᠠᠯᠠᠬᠤ ᠬᠥᠮᠦᠨ ᠦᠭᠡᠶ  7 ᠬᠡᠦᠬᠡᠳ᠂ ᠡᠴᠢᠭᠡ ᠡᠭᠡ ᠶᠢᠨ ᠨᠢᠭᠡ ᠨᠢ ᠭᠠᠳᠠᠭᠰᠢ ᠭᠠᠷᠴᠤ ᠨᠥᠭᠦᠭᠡᠳᠡᠬᠢ ᠨᠢ ᠬᠠᠷᠠᠭᠠᠯᠵᠠᠨ ᠬᠠᠮᠠᠭᠠᠯᠠᠬᠤ ᠴᠢᠳᠠᠪᠤᠷᠢ ᠥᠭᠡᠢ 124 ᠬᠡᠦᠬᠡᠳ᠂ ᠰᠤᠷᠤᠯᠭ᠎ᠠ ᠪᠠᠨ ᠲᠣᠷᠭᠤᠨ ᠵᠣᠭᠰᠤᠭᠰᠠᠨ 14 ᠬᠡᠦᠬᠡᠳ ᠪᠠᠶᠢᠬᠤ ᠶᠢ ᠪᠠᠶᠢᠴᠠᠭᠠᠨ ᠮᠡᠳᠡᠭᠡᠳ᠂ ᠡᠯ᠎ᠡ ᠭᠠᠵᠠᠷ ᠣᠷᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠎ ᠨᠢ ᠲᠤᠰ ᠲᠤᠰ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠰᠤᠮᠤ ᠰᠢᠶᠠᠩ ᠪᠠᠯᠭᠠᠰᠤ ᠪᠣᠯᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠪᠠᠶᠢᠴᠠᠭᠠᠨ ᠵᠢᠭᠰᠠᠭᠠᠭᠰᠠᠨ ᠪᠠᠶᠢᠳᠠᠯ ᠢᠶᠠᠨ ᠨᠡᠪᠲᠡᠷᠡᠭᠦᠯᠵᠡᠢ᠃ ᠬᠤᠯᠪᠣᠭᠳᠠᠯ ᠪᠦᠬᠦᠢ ᠭᠠᠵᠠᠷ ᠣᠷᠣᠨ ᠢᠳᠡᠪᠬᠢᠲᠡᠶ ᠠᠷᠭ᠎ᠠ ᠬᠡᠮᠵᠢᠶ᠎ᠡ ᠠᠪᠴᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠎ ᠢ ᠪᠥᠬᠦᠳᠡ ᠶᠢ ᠰᠢᠢᠳᠪᠦᠷᠢᠯᠡᠵᠡᠢ᠃ ᠲᠡᠷᠠᠭ᠎ᠠ ᠠᠯᠬᠤᠮ ᠳᠤ᠂ ᠪᠤᠭᠤᠲᠤ ᠬᠤᠲᠠ ᠬᠤᠯᠪᠣᠭᠳᠠᠯ ᠪᠦᠬᠦᠢ ᠠᠵᠢᠯ ᠢ ᠦᠷᠭᠦᠯᠵᠢᠯᠡᠨ ᠠᠬᠢᠭᠤᠯᠵᠤ᠂ ᠲᠤᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠭᠡᠳ ᠤᠳ ᠢ ᠪᠦᠲᠦᠮᠵᠢᠲᠡᠢ ᠬᠠᠷᠠᠭᠠᠯᠵᠠᠨ ᠬᠠᠮᠠᠭᠠᠯᠠᠬᠤ ᠬᠦᠷᠢᠶ᠎ᠡ ᠬᠡᠪᠴᠢᠶᠡᠨ ᠳᠤ ᠴᠠᠭ ᠲᠣᠬᠠᠢ ᠳᠤᠨᠢ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ᠬᠠᠷᠠᠭᠠᠯᠵᠠᠨ ᠬᠠᠮᠠᠭᠠᠯᠠᠬᠤ ᠬᠥᠮᠦᠨ ᠦᠭᠡᠢ ᠪᠠᠶᠢᠬᠤ ᠦᠵᠡᠭᠳᠡᠯ ᠭᠠᠷᠬᠤ ᠶᠢ ᠡᠷᠡᠰ ᠲᠦᠭᠵᠢᠵᠦ᠂ ᠬᠠᠷᠠᠭᠠᠯᠵᠠᠨ ᠬᠠᠮᠠᠭᠠᠯᠠᠭᠴᠢ ᠨᠢ ᠮᠠᠯᠵᠢᠬᠤ ᠲᠠᠷᠢᠶᠠᠯᠠᠬᠤ ᠣᠷᠣᠨ ᠤ ᠬᠡᠷ ᠨᠣᠲᠤᠭ ᠲᠠᠭᠠᠨ ᠦᠯᠡᠵᠦ ᠬᠤᠴᠣᠷᠤᠭᠰᠠᠨ ᠬᠡᠦᠬᠡᠳ ᠤᠨ ᠡᠷᠬᠡ ᠠᠰᠢᠭ ᠢ  ᠬᠤᠬᠢᠷᠠᠭᠤᠯᠬᠤ ᠦᠢᠯᠡ ᠠᠵᠢᠯᠯᠠᠭ᠎ᠠ ᠶᠢ ᠬᠤᠷᠢᠭᠯᠠᠨ ᠵᠣᠭᠰᠤᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠤᠨ ᠪᠡᠶ᠎ᠡ ᠮᠠᠬᠠᠪᠤᠳ ᠤᠨ ᠠᠮᠤᠷ ᠲᠦᠪᠰᠢᠨ ᠢ ᠬᠠᠮᠠᠭᠠᠯᠠᠬᠤ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠲᠤᠯᠠᠨ ᠳᠠᠭᠠᠭᠠᠬᠤ ᠳᠤ ᠦᠨᠡᠨ ᠬᠦ ᠰᠠᠭᠤᠷᠢ ᠲᠠᠯᠪᠢᠵᠤ ᠥᠭᠬᠦ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号