ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠵᠠᠭᠤᠴᠢᠯᠠᠭᠤᠷ ᠤᠨ ᠬᠢᠨ ᠳᠤ ᠨᠡᠭᠡᠭᠡᠯᠳᠡ ᠬᠢᠵᠦ ᠣᠯᠣᠰ ᠤᠨ ᠳᠣᠳᠣᠭᠠᠳᠣ ᠭᠠᠳᠠᠭᠠᠳᠣ ᠶᠢᠨ ᠵᠠᠭᠤᠴᠢᠯᠠᠭᠤᠷ ᠤᠨ ᠬᠢᠨ ᠦᠵᠡᠰᠭᠦᠯᠡᠩᠲᠦ ᠰᠠᠶᠢᠬᠠᠨ ᠦᠪᠦᠷ ᠮᠤᠩᠭᠤᠯ ᠳᠤ ᠠᠩᠬᠠᠷᠤᠯ ᠢᠶᠠᠨ ᠬᠠᠨᠳᠤᠭᠤᠯᠤᠯ᠎ᠠ
ᠨᠡᠶᠢᠲᠡᠯᠡᠭᠰᠡᠨ ᠴᠠᠭ᠄
2017/10/20
     10 ᠳ᠋ᠤᠭᠠᠷ ᠰᠠᠷ᠎ᠠ ᠶᠢᠨ 19᠎ ᠤ ᠦᠳᠡ ᠶᠢᠨ ᠬᠤᠶᠢᠨ᠎ᠠ᠂ ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠪᠠ ᠶᠢᠰᠦᠳᠦᠭᠡᠷ ᠣᠳᠠᠭ᠎ᠠ ᠶᠢᠨ ᠪᠦᠬᠦ ᠣᠯᠣᠰ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠣᠷᠣᠯᠴᠠᠵᠣ ᠪᠠᠶᠢᠭ᠎ᠠ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠡᠭᠡ ᠬᠤᠷᠠᠯ ᠤᠨ ᠢᠯᠡᠳᠭᠡᠯ ᠢ ᠦᠷᠬᠦᠯᠵᠢᠯᠡᠨ ᠶᠠᠷᠢᠯᠴᠠᠬᠤ ᠶᠢᠨ ᠬᠠᠮᠳᠣ᠂ ᠣᠯᠣᠰ ᠤᠨ ᠳᠣᠳᠣᠭᠠᠳᠣ ᠭᠠᠳᠠᠭᠠᠳᠣ ᠶᠢᠨ ᠵᠠᠭᠤᠴᠢᠯᠠᠭᠤᠷ ᠤᠨ ᠬᠢᠨ ᠳᠤ ᠨᠡᠭᠡᠭᠡᠯᠳᠡ ᠬᠢᠪᠡ᠃      ᠲᠦᠯᠦᠭᠡᠯᠡᠭᠴᠢᠳ ᠤᠨ ᠪᠦᠯᠭᠦᠮ ᠤᠨ ᠲᠠᠷᠤᠭ᠎ᠠ ᠯᠢ ᠵᠢᠢ ᠾᠧᠩ ᠶᠠᠷᠢᠯᠴᠠᠭ᠎ᠠ ᠳᠤ ᠤᠷᠤᠯᠴᠠᠬᠤ ᠶᠢᠨ ᠬᠠᠮᠳᠤ ᠰᠣᠷᠪᠣᠯᠵᠢᠯᠠᠭᠴᠢᠳ ᠤᠨ ᠠᠰᠠᠭᠤᠯᠳᠠ ᠶᠢ ᠬᠠᠷᠢᠭᠤᠯᠪᠠ᠃ ᠲᠡᠳ᠋ ᠪᠦᠯᠭᠦᠮ ᠤᠨ ᠲᠠᠷᠤᠭ᠎ᠠ ᠪᠦ᠋ ᠰᠢᠶᠤᠤ ᠯᠢᠨ ᠨᠡᠭᠡᠭᠡᠯᠳᠡ ᠬᠢᠬᠦ ᠡᠳᠦᠷ ᠤᠨ ᠠᠵᠢᠯᠯᠠᠭ᠎ᠠ ᠶᠢ ᠡᠷᠬᠢᠯᠡᠵᠠᠢ᠃      ᠠᠰᠠᠭᠤᠯᠳᠠ ᠠᠰᠠᠭᠤᠬᠤ ᠡᠭᠡᠯᠵᠢ 17 ᠴᠠᠭ ᠲᠤ ᠡᠬᠢᠯᠡᠭᠦ ᠪᠠᠶᠢᠲᠠᠯ᠎ᠠ 14 ᠴᠠᠬ ᠠᠴᠠ ᠡᠮᠦᠨ᠎ᠠ ᠠᠷᠠᠳ ᠤᠨ ᠡᠳᠦᠷ ᠤᠨ ᠰᠣᠨᠢᠨ᠂ ᠰᠢᠨᠬᠤᠸᠠ ᠬᠤᠷᠢᠶ᠎ᠠ᠂ ᠲᠦᠪ ᠤᠨ ᠲᠧᠯᠸᠢᠰ ᠬᠤᠷᠢᠶ᠎ᠠ᠂ ᠲᠦᠪ ᠤᠨ ᠠᠷᠠᠳ ᠤᠨ ᠷᠠᠳᠢᠣ᠋ ᠨᠡᠪᠳᠡᠷᠡᠭᠦᠯᠭᠡ ᠶᠢᠨ ᠬᠤᠷᠢᠶ᠎ᠠ᠂ ᠣᠷᠣᠰ ᠤᠨ ᠲᠠᠰᠰ ᠬᠤᠷᠢᠶ᠎ᠠ᠂ ᠰᠢᠶᠠᠩᠭᠠᠩ ᠤᠨ ᠳ᠋ᠠᠭᠦ᠋ᠩ ᠰᠣᠨᠢᠨ ᠵᠡᠷᠭᠡ ᠣᠯᠣᠰ ᠎ ᠤᠨ ᠳᠣᠳᠣᠭᠠᠳᠣ ᠭᠠᠳᠠᠭᠠᠳᠣ ᠶᠢᠨ 36 ᠵᠠᠭᠤᠴᠢᠯᠠᠭᠤᠷ ᠤᠨ ᠰᠣᠷᠪᠣᠯᠵᠢᠯᠠᠭᠴᠢᠳ ᠨᠢᠭᠡᠨᠳᠡ ᠮᠠᠨ ᠤ ᠤᠷᠤᠨ ᠤ ᠲᠦᠯᠦᠭᠡᠯᠡᠭᠴᠢᠳ ᠤᠨ ᠪᠦᠯᠭᠦᠮ ᠤᠨ ᠶᠠᠷᠢᠯᠴᠠᠬᠤ ᠬᠤᠷᠠᠯ ᠤᠨ ᠲᠠᠯᠠᠪᠠᠢ ᠳᠤ ᠬᠦᠷᠦᠯᠴᠡᠨ ᠢᠷᠡᠵᠡᠭᠡᠪᠡ᠃ ᠦᠪᠤᠷ ᠮᠤᠩᠭᠤᠯ ᠤᠨ ᠦᠷᠭᠡᠨ ᠠᠭᠤᠳᠠᠮ ᠰᠦᠷᠯᠢᠭ ᠦᠵᠡᠮᠵᠢᠳᠤ ᠪᠠᠶᠢᠭᠠᠯᠢ ᠶᠢᠨ ᠦᠡᠭᠭᠡ ᠦᠵᠡᠮᠵᠢ᠂ ᠠᠮᠢᠵᠢᠷᠠᠯ ᠤᠨ ᠬᠦᠴᠦᠨ ᠪᠢᠯᠬᠠᠮ᠎ᠠ ᠡᠳᠦᠷ ᠠᠴᠠ ᠡᠳᠦᠷ ᠦᠭᠡᠳᠡᠯᠡᠵᠦ ᠪᠠᠶᠢᠭ᠎ᠠ ᠬᠦᠭᠵᠢᠯᠳᠠ ᠶᠢᠨ ᠪᠠᠶᠢᠳᠠᠯ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ ᠪᠦᠯᠭᠦᠮᠳᠠᠨ ᠲᠡᠮᠡᠴᠡᠵᠦ ᠪᠠᠶᠢᠭ᠎ᠠ ᠦᠷᠨᠢᠩᠭᠦᠢ ᠪᠠᠶᠢᠳᠠᠯ ᠳᠡᠳᠡᠨ ᠤ ᠰᠣᠨᠢᠷᠬᠠᠯ ᠢ ᠳᠠᠳᠠᠵᠠᠢ᠃ ᠡᠭᠡ ᠤᠯᠤᠰ ᠤᠨ ᠣᠮᠠᠷᠠᠳᠣ ᠣᠷᠣᠨ ᠳᠤ ᠪᠠᠶᠢᠷᠢᠯᠠᠵᠤ ᠪᠠᠶᠢᠭ᠎ᠠ ᠦᠵᠡᠰᠭᠦᠯᠠᠩᠳᠤ ᠰᠠᠶᠢᠬᠠᠨ ᠦᠪᠦᠷ ᠮᠤᠩᠭᠤᠯ ᠲᠡᠯᠡᠭᠡᠢ ᠨᠡᠶᠢᠲᠡ ᠶᠢᠨ ᠠᠩᠬᠠᠷᠤᠯ ᠢ ᠲᠠᠳᠠᠯ᠎ᠠ᠃      17 ᠴᠠᠭ ᠲᠤ᠂ ᠲᠦᠯᠦᠭᠡᠯᠡᠭᠴᠢᠳ ᠤᠨ ᠬᠢᠨᠠᠨ ᠵᠦᠪᠯᠡᠬᠦ ᠶᠠᠷᠢᠯᠴᠠᠭ᠎ᠠ ᠳᠠᠭᠤᠰᠤᠮᠠᠭᠴᠠ ᠲᠤᠬᠠᠢ ᠶᠢᠨ ᠲᠠᠯᠠᠪᠠᠢ ᠶᠢᠨ ᠠᠰᠠᠭᠤᠯᠳᠠ ᠠᠰᠠᠭᠤᠬᠤ ᠭᠤᠬᠴᠤᠭ᠎ᠠ ᠳᠤ ᠤᠷᠤᠵᠤ᠂ ᠣᠯᠣᠰ ᠤᠨ ᠳᠣᠳᠣᠭᠠᠳᠣ ᠭᠠᠳᠠᠭᠠᠳᠣ ᠶᠢᠨ ᠵᠠᠭᠤᠴᠢᠯᠠᠭᠤᠷ ᠤᠨ ᠰᠣᠷᠪᠣᠯᠵᠢᠯᠠᠭᠴᠢᠳ ᠢᠳᠡᠪᠬᠢᠳᠡᠢ ᠪᠠᠷ ᠭᠠᠷ ᠡᠷᠭᠦᠨ ᠪᠣᠯᠢᠶᠠᠯᠳᠣᠨ ᠠᠰᠠᠭᠤᠯᠳᠠ ᠠᠰᠠᠭᠤᠪᠠ᠃ ᠰᠣᠷᠪᠣᠯᠵᠢᠯᠠᠭᠴᠢᠳ ᠤᠨ ᠳᠣᠷᠠᠳᠣᠭᠰᠠᠨ ᠦᠪᠦᠷ ᠮᠤᠩᠭᠤᠯ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢᠨ ᠡᠯ᠎ᠠ ᠵᠦᠢᠯ ᠤᠨ ᠠᠵᠢᠯ ᠢ ᠬᠡᠷᠬᠢᠨ ᠨᠢᠭᠡᠳᠦᠯᠳᠡᠢ ᠲᠦᠯᠦᠪᠵᠢᠭᠦᠯᠦᠨ ᠰᠠᠶᠢᠲᠤᠷ ᠠᠳᠬᠤᠵᠣ ᠪᠠᠶᠢᠬᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠬᠠᠣᠯᠢᠵᠢᠯ ᠤᠨ ᠠᠰᠢᠭ ᠢ ᠬᠡᠷᠬᠢᠨ ᠡᠳ᠋ᠯᠡᠵᠦ ᠪᠠᠶᠢᠬᠤ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ᠂ ᠭᠠᠳᠠᠭᠠᠳᠦ ᠨᠡᠭᠡᠭᠡᠯᠳᠡ ᠶᠢᠨ ᠠᠷᠭ᠎ᠠ ᠬᠡᠮᠵᠢᠶ᠎ᠡ ᠦᠷ᠎ᠠ ᠪᠦᠳᠦᠭᠡᠯ ᠢ ᠬᠡᠷᠬᠢᠨ ᠠᠬᠢᠭᠤᠯᠬᠤ᠂ ᠴᠦᠬᠡᠨ ᠳᠣᠭᠠᠳᠣ ᠦᠨᠳᠦᠰᠦᠳᠡᠨ ᠤ ᠭᠠᠵᠠᠷ ᠣᠷᠣᠨ ᠤ ᠬᠦᠭᠵᠢᠯᠳᠡ ᠶᠢᠨ ᠠᠷᠭ᠎ᠠ ᠬᠡᠮᠵᠢᠶ᠎ᠠ ᠪᠤᠯᠤᠨ ᠦᠷ᠎ᠠ ᠪᠦᠳᠦᠮᠵᠢ ᠶᠢ ᠬᠡᠷᠬᠢᠨ ᠠᠬᠢᠭᠤᠯᠬᠤ ᠵᠡᠷᠭᠡ ᠠᠰᠠᠭᠤᠯᠳᠠ ᠳᠤ ᠯᠢ ᠵᠢᠢ ᠾᠧᠩ᠂ ᠯᠢ ᠵᠢᠶᠠ᠂ ᠳ᠋ᠣᠸᠠᠨ ᡁᠢ ᠴᠢᠶᠠᠩ᠂ ᠵᠠᠩ ᠵᠢᠶᠠᠨ ᠮᠢᠨ᠂ ᠸᠠᠩ ᠯᠢ ᠰᠢᠶᠠ ᠵᠡᠷᠭᠡ ᠲᠦᠯᠦᠭᠡᠯᠡᠭᠴᠢ ᠣᠷᠢᠳ ᠬᠤᠵᠢᠳ ᠬᠢᠨᠠᠮᠠᠭᠠᠢ ᠬᠠᠷᠢᠭᠤᠯᠳᠠ ᠦᠭᠴᠡᠢ᠃ ᠰᠣᠷᠪᠣᠯᠵᠢᠯᠠᠭᠴᠢᠳ ᠠᠰᠠᠭᠤᠯᠳᠠ ᠬᠠᠷᠢᠭᠤᠯᠳᠠ ᠶᠢᠨ ᠳᠣᠮᠳᠠ ᠠᠴᠠ ᠦᠪᠦᠷ ᠮᠣᠩᠭᠤᠯ ᠤᠨ ᠦᠯᠢᠭᠡᠷ ᠢ ᠡᠷᠢᠵᠦ᠂ ᠦᠪᠦᠷ ᠮᠣᠩᠭᠤᠯ ᠤᠨ ᠢᠷᠠᠭᠤ ᠳᠠᠭᠤᠨ ᠢ ᠰᠣᠨᠣᠰᠪᠠ᠃      ᠣᠯᠣᠰ ᠤᠨ ᠳᠣᠳᠣᠭᠠᠳᠣ ᠭᠠᠳᠠᠭᠠᠳᠦ ᠶᠢᠨ ᠰᠤᠷᠪᠤᠯᠵᠢᠯᠠᠬᠴᠢᠳ ᠦᠪᠦᠷ ᠮᠤᠩᠭᠤᠯ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ᠂ ᠴᠤᠴᠠᠯᠳᠠ ᠦᠭᠡᠢ ᠤᠷᠤᠬᠰᠢᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠡᠯᠳᠠ ᠶᠢ ᠤᠯᠬᠤ ᠪᠠ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠦᠳᠦᠬᠡᠨ ᠪᠠᠶᠢᠭᠤᠯᠬᠤ ᠡᠷᠡᠰ ᠵᠤᠷᠢᠭ ᠪᠤᠯᠤᠨ ᠢᠳᠡᠭᠡᠯ ᠵᠤᠷᠢᠭ ᠢ ᠨᠢ ᠰᠡᠳᠬᠢᠯ ᠢᠶᠠᠷ ᠢᠶᠠᠨ ᠮᠡᠳᠡᠷᠡᠪᠡ᠃      ᠲᠤᠬᠠᠢ ᠶᠢᠨ ᠲᠠᠯᠠᠪᠤᠷ ᠤᠨ ᠠᠰᠠᠭᠤᠯᠳᠠ ᠠᠰᠠᠭᠤᠬᠤ ᠭᠤᠬᠴᠤᠭ᠎ᠠ ᠲᠠᠭᠤᠰᠬᠤ ᠦᠶ᠎ᠡ ᠳᠤ ᠪᠦ᠋ ᠰᠢᠶᠤᠤ ᠯᠢᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠢ ᠲᠦᠯᠦᠭᠡᠯᠡᠵᠦ ᠣᠯᠣᠰ ᠤᠨ ᠳᠣᠳᠣᠭᠠᠳᠣ ᠭᠠᠳᠠᠭᠠᠳᠤ ᠶᠢᠨ ᠵᠠᠭᠤᠴᠢᠯᠠᠭᠤᠷ ᠤᠨ ᠬᠢᠨ ᠳᠤ ᠦᠪᠤᠷ ᠮᠤᠩᠭᠤᠯ ᠢ ᠬᠠᠯᠠᠮᠵᠢᠯᠠᠵᠦ᠂ ᠠᠩᠬᠠᠷᠴᠤ᠂ ᠲᠡᠮᠵᠢᠵᠦ ᠪᠠᠶᠢᠬᠤ ᠳᠤ ᠲᠠᠯᠠᠷᠠᠬᠵᠦ ᠂ ᠣᠯᠣᠰ ᠤᠨ ᠳᠣᠳᠣᠭᠠᠳᠣ ᠭᠠᠳᠠᠭᠠᠳᠤ ᠶᠢᠨ ᠵᠠᠭᠤᠴᠢᠯᠠᠭᠤᠷ ᠤᠨ ᠰᠤᠷᠪᠤᠯᠵᠢᠯᠠᠬᠴᠢᠳ ᠤᠨ ᠦᠪᠤᠷ ᠮᠤᠩᠭᠤᠯ ᠤᠨ ᠲᠠᠯ᠎ᠠ ᠨᠤᠲᠤᠭ ᠲᠤ ᠠᠶᠢᠯᠴᠢᠯᠠᠨ ᠰᠤᠷᠪᠤᠯᠵᠢᠯᠠᠬᠤ ᠶᠢ ᠬᠠᠯᠠᠭᠤᠨ ᠢᠶᠠᠷ ᠤᠬᠳᠤᠵᠦ ᠪᠠᠶᠢᠬᠤ ᠪᠠᠨ ᠢᠯᠡᠷᠬᠡᠶᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号