ᠤᠯᠠᠭᠠᠨᠴᠠᠪ ᠬᠤᠲᠠ ᠮᠤᠵᠢ ᠠᠯᠤᠰᠯᠠᠭᠰᠠᠨ ᠣᠨᠳᠣᠤ ᠭᠠᠵᠠᠷ ᠤᠨ ᠡᠮᠴᠢᠯᠡᠭᠡᠨ ᠤ ᠰᠦᠢᠳᠬᠡᠯ ᠢ ᠰᠦᠯᠵᠢᠶᠡᠨ ᠳᠡᠭᠡᠷ᠎ᠡ ᠲᠠᠰᠤᠯᠤᠨ ᠪᠣᠳᠣᠬᠤ ᠶᠢ ᠵᠢᠩᠬᠢᠨᠢ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2017/10/20
      ᠣᠶᠢᠷ᠎ᠠ ᠶᠢᠨ ᠡᠳᠦᠷ ᠤᠯᠠᠭᠠᠨᠴᠠᠪ ᠬᠤᠲᠠ ᠤᠯᠤᠰ ᠤᠨ ᠳᠣᠲᠣᠭᠠᠳᠤ ᠶᠢᠨ ᠣᠨᠳᠣᠤ ᠭᠠᠵᠠᠷ ᠤᠨ ᠡᠮᠴᠢᠯᠡᠭᠡᠨ ᠤ ᠰᠦᠢᠳᠬᠡᠯ ᠢ ᠲᠠᠰᠤᠯᠤᠨ ᠪᠤᠳᠤᠬᠤ ᠰᠢᠰᠲ᠋ᠧᠮ ᠯᠦᠭᠡ ᠵᠢᠩᠬᠢᠨᠢ ᠪᠠᠷ ᠵᠤᠯᠭᠠᠯᠳᠤᠭᠤᠯᠵᠤ᠂ ᠪᠦᠬᠦ ᠤᠯᠤᠰ ᠤᠨ ᠰᠦᠯᠵᠢᠶᠡᠨ ᠳᠤ ᠬᠤᠯᠪᠣᠵᠤ ᠲᠡᠰᠦᠯᠦᠨ ᠪᠤᠳᠤᠬᠤ ᠶᠢ ᠪᠡᠶᠡᠯᠡᠭᠦᠯᠪᠡ᠃      ᠣᠶᠢᠯᠠᠭᠠᠭᠰᠠᠨ ᠢᠶᠠᠷ᠂ 2016 ᠣᠨ ᠤ 7 ᠳ᠋ᠤᠭᠠᠷ ᠰᠠᠷ᠎ᠠ ᠶᠢᠨ 1᠎ ᠤ ᠡᠳᠦᠷ ᠤᠯᠠᠭᠠᠨᠴᠠᠪ ᠬᠤᠲᠠ ᠣᠷᠣᠨ ᠤ ᠳᠣᠲᠣᠭᠠᠳᠤ ᠶᠢᠨ ᠣᠨᠳᠣᠣ ᠭᠠᠵᠠᠷ ᠤᠨ ᠡᠮᠴᠢᠯᠡᠭᠡᠨ ᠤ ᠡᠭᠦᠳᠡᠨ ᠡᠮᠨᠡᠯᠭᠡ ᠪᠣᠯᠣᠨ ᠲᠣᠭᠲᠠᠭᠰᠠᠨ ᠴᠢᠭ᠋ ᠤᠨ ᠡᠮ ᠤᠨ ᠳᠡᠯᠭᠡᠭᠦᠷ ᠲᠤ ᠺᠠᠷᠲ ᠢᠶᠠᠷ ᠡᠮ ᠬᠤᠳᠠᠯᠳᠤᠨ ᠠᠪᠬᠤ ᠴᠢᠳᠠᠮᠵᠢ ᠶᠢ ᠵᠢᠩᠬᠢᠨᠢ ᠪᠠᠷ ᠨᠡᠬᠡᠬᠡᠵᠡᠢ᠂ ᠠᠩᠬ᠎ᠠ ᠨᠡᠬᠡᠬᠡᠭᠰᠡᠨ ᠣᠨᠳᠣᠤ ᠭᠠᠵᠠᠷ ᠤᠨ ᠡᠮᠴᠢᠯᠡᠭᠡᠨ ᠤ ᠲᠣᠭᠲᠠᠭᠰᠠᠨ ᠴᠢᠭ᠋ ᠤᠨ ᠡᠮᠨᠡᠯᠭᠡ ᠶᠢᠨ ᠬᠤᠷᠢᠶ᠎ᠠ 6᠂ ᠲᠣᠭᠲᠠᠭᠰᠠᠨ ᠴᠢᠭ᠋ ᠤᠨ ᠡᠮ ᠤᠨ ᠳᠡᠯᠭᠡᠭᠦᠷ 50 ᠰᠢᠬᠠᠮ ᠪᠠᠶᠢᠨ᠎ᠠ᠃ 2016 ᠣᠨ ᠤ ᠵᠢᠯ ᠤᠨ ᠡᠴᠦᠰ ᠪᠣᠯᠬᠤ ᠎ ᠳᠤ ᠤᠯᠠᠭᠠᠨᠴᠠᠪ ᠬᠤᠲᠠ ᠶᠢᠨ ᠠᠶᠢᠮᠠᠭ ᠬᠤᠳᠠ ᠠᠯᠤᠰᠯᠠᠨ ᠺᠠᠷᠲ ᠬᠡᠷᠡᠭᠯᠡᠭᠰᠡᠨ ᠬᠦᠮᠦᠨ 3000 ᠭᠠᠷᠤᠶ ᠬᠥᠮᠦᠨ ᠤᠳᠠᠭ᠎ᠠ ᠳᠤ ᠬᠦᠷᠴᠦ᠂ ᠺᠠᠷᠲ ᠬᠡᠷᠡᠭᠯᠡᠭᠰᠡᠨ ᠵᠣᠭᠤᠰ ᠤᠨ ᠲᠤᠭ᠎ᠠ ᠨᠢ 180 ᠲᠦᠮᠡ ᠰᠢᠬᠠᠮ ᠲᠥᠭᠦᠷᠢᠭ ᠲᠤ ᠬᠦᠷᠴᠦ᠂ ᠭᠤᠣᠯᠳᠠᠭᠤ ᠬᠥᠬᠡᠬᠤᠲᠠ᠂ ᠪᠣᠭᠤᠲᠣ᠂ ᠡᠷᠢᠶᠡᠨ ᠵᠡᠷᠭᠡ ᠭᠠᠵᠡᠷ ᠲᠤ ᠡᠮᠴᠢᠯᠡᠭᠦᠯᠵᠡᠢ᠃ ᠺᠠᠷᠲ ᠱᠦᠷᠭᠦᠭᠡᠬᠦ ᠰᠦᠢᠳᠬᠡᠯ ᠢ ︽ᠬᠤᠶᠠᠷ ᠲᠣᠭᠲᠠᠮᠠᠯ︾ ᠪᠠᠶᠢᠭᠤᠯᠤᠮᠵᠢ ᠬᠢᠭᠡᠳ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠢᠭᠤᠳ ᠲᠡᠰᠦᠯᠦᠨ ᠪᠤᠳᠤᠵᠦ᠂ ᠤᠯᠠᠨ ᠲᠦᠮᠡᠨ ᠤ ᠡᠮᠴᠢᠯᠡᠭᠦᠯᠬᠦ ᠪᠠ ᠡᠮ ᠤᠨ ᠵᠦᠢᠯ ᠢ ᠬᠤᠳᠠᠯᠳᠤᠨ ᠠᠪᠬᠤ ᠳᠤ ᠲᠥᠭᠦᠮ ᠦᠵᠡᠭᠦᠯᠦᠭᠰᠡᠨ ᠤ ᠬᠠᠮᠲᠤ ᠪᠠᠰᠠ ︽ᠬᠤᠶᠠᠷ ᠲᠣᠭᠲᠠᠮᠠᠯ︾ ᠪᠠᠶᠢᠭᠤᠯᠤᠮᠵᠢ ᠶᠢᠨ ᠲᠠᠰᠤᠯᠤᠨ ᠪᠤᠳᠤᠬᠤ ᠭᠠᠷᠳᠠᠮ ᠢ ᠳᠥᠭᠦᠮᠴᠢᠯᠡᠵᠦ᠂ ᠦᠩᠭᠡᠷᠡᠭᠰᠡᠨ ᠲᠠᠢ ᠠᠳᠠᠯᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠢᠶᠠᠷ ᠨᠠᠰᠢ ᠴᠠᠰᠢ ᠭᠦᠶᠥᠯᠳᠦᠬᠦ ᠴᠢᠬᠤᠯᠠ ᠦᠭᠡᠢ ᠪᠣᠯᠭᠠᠵᠠᠢ᠃ 2017 ᠣᠨ ᠤ 5 ᠳ᠋ᠤᠭᠠᠷ ᠰᠠᠷ᠎ᠠ ᠳᠤ᠂ ᠪᠦᠬᠦ ᠤᠯᠤᠰ ᠤᠨ ᠣᠨᠳᠣᠤ ᠭᠠᠵᠠᠷ ᠤᠨ ᠡᠮᠴᠢᠯᠡᠭᠡᠨ ᠤ ᠰᠦᠢᠳᠬᠡᠯ ᠢ ᠰᠢᠭᠤᠳ ᠲᠠᠰᠤᠯᠤᠨ ᠪᠣᠳᠣᠬᠤ ᠶᠢ ᠬᠤᠭᠤᠴᠠᠭ᠎ᠠ ᠬᠢᠵᠠᠭᠠᠷᠯᠠᠨ ᠨᠡᠬᠡᠬᠡᠬᠦ ᠲᠤᠬᠠᠶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠤᠭᠠᠷ᠂ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢ 4 ᠳ᠋ᠦ᠋ᠭᠡᠷ ᠰᠠᠷ᠎ᠠ ᠳᠤ ᠬᠤᠲᠠ ᠶᠢᠨ ᠳᠣᠲᠤᠷᠠᠬᠢ ᠬᠤᠶᠠᠳᠤᠭᠠᠷ ᠳᠡᠰ ᠠᠴᠠ ᠳᠡᠭᠡᠭᠰᠢᠬᠢ ᠭᠤᠷᠪᠠᠨ ᠡᠮᠨᠡᠯᠭᠡ ᠶᠢᠨ ᠬᠤᠷᠢᠶ᠎ᠠ ᠳᠤ ᠣᠨᠳᠣᠣ ᠭᠠᠵᠠᠷ ᠤᠨ ᠡᠮᠴᠢᠯᠡᠭᠡᠠ ᠢ ᠲᠤᠰᠬᠤ ᠥᠭᠡᠷᠡᠴᠢᠯᠡᠯᠲᠡ ᠬᠢᠭᠰᠡᠨ ᠪᠦᠭᠡᠳ ᠣᠷᠣᠨ ᠤ ᠳᠣᠲᠣᠭᠠᠳᠤ ᠪᠠ ᠮᠤᠵᠢ ᠠᠯᠤᠰᠯᠠᠨ ᠬᠤᠯᠪᠣᠭᠠᠯᠠᠨ ᠲᠣᠬᠢᠷᠠᠭᠤᠯᠬᠤ ᠲᠤᠷᠰᠢᠯᠲᠠ ᠬᠢᠵᠦ᠂ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ 7 ᠳ᠋ᠤᠭᠠᠷ ᠰᠠᠷ᠎ᠠ ᠠᠴᠠ ᠡᠬᠢᠯᠡᠨ  ᠬᠤᠲᠠ ᠶᠢᠨ ᠬᠠᠷᠢᠶ᠎ᠠ 11 ᠬᠤᠰᠢᠭᠤ ᠰᠢᠶᠠᠨ ᠬᠤᠲᠠ ᠲᠣᠭᠤᠷᠢᠭ ᠤᠨ 11 ᠡᠮᠨᠡᠯᠭᠡ ᠶᠢᠨ ᠬᠤᠷᠢᠶᠠᠨ ᠳᠤ ᠮᠤᠵᠢ ᠠᠯᠤᠰᠯᠠᠭᠰᠠᠨ ᠣᠨᠳᠣᠤ ᠭᠠᠵᠠᠷ ᠤᠨ ᠡᠮᠴᠢᠯᠡᠭᠡᠨ ᠢ ᠲᠤᠰᠬᠤ ᠥᠭᠡᠷᠡᠴᠢᠯᠡᠯᠲᠡ ᠶᠢᠨ ᠲᠤᠷᠰᠢᠯᠲᠠ ᠬᠢᠵᠡᠢ᠃ 9 ᠳ᠋ᠦ᠋ᠭᠡᠷ ᠰᠠᠷ᠎ᠠ ᠶᠢᠨ ᠡᠴᠦᠰ ᠪᠣᠯᠬᠤ ᠳᠤ᠂ ᠬᠤᠲᠠ ᠶᠢᠨ ᠭᠤᠷᠪᠠᠨ ᠡᠮᠨᠡᠯᠭᠡ ᠶᠢᠨ ᠬᠤᠷᠢᠶ᠎ᠠ ᠪᠣᠯᠤᠨ ᠬᠤᠰᠢᠭᠤ ᠰᠢᠶᠠᠨ ᠬᠤᠲᠠ ᠲᠣᠭᠤᠷᠢᠭ ᠤᠨ 11 ᠡᠮᠨᠡᠯᠭᠡ ᠶᠢᠨ ᠬᠤᠷᠢᠶ᠎ᠠ ᠶᠢ ᠴᠦᠮ ᠪᠦᠬᠦ ᠤᠯᠤᠰ ᠤᠨ  ᠣᠨᠳᠣᠣ ᠭᠠᠵᠠᠷ ᠲᠤ ᠡᠮᠴᠢᠯᠡᠭᠦᠯᠬᠦ ᠲᠠᠪᠴᠠᠩ ᠳᠤ ᠵᠠᠯᠭᠠᠵᠤ᠂ ᠡᠬᠢᠯᠡᠨ ᠠᠵᠢᠯᠯᠠᠪᠠ᠃ ᠥᠨᠥ ᠪᠣᠯᠬᠤ ᠳᠤ᠂ ᠤᠯᠠᠭᠠᠨᠴᠠᠪ ᠬᠤᠳᠠ ᠶᠢᠨ 42 ᠬᠥᠮᠥᠨ ᠭᠠᠳᠠᠭᠰᠢ ᠭᠠᠷᠴᠤ ᠡᠮᠴᠢᠯᠡᠭᠦᠯᠦᠭᠰᠡᠨ ᠵᠠᠷᠤᠳᠠᠯ ᠢᠶᠠᠨ ᠰᠢᠭᠤᠳ ᠲᠠᠰᠤᠯᠤᠨ ᠪᠣᠳᠣᠵᠤ᠂ ᠵᠠᠷᠤᠯᠭ᠎ᠠ ᠨᠢ 50 ᠭᠠᠷᠤᠶ ᠲᠦᠮᠡᠨ ᠲᠥᠭᠦᠷᠢᠭ ᠲᠤ ᠬᠦᠷᠴᠡᠶ᠃ ᠣᠳᠣ ᠪᠦᠬᠦ ᠤᠯᠤᠰ ᠤᠨ ᠡᠯ᠎ᠡ ᠭᠠᠵᠠᠷ ᠤᠨ 6000 ᠭᠠᠷᠤᠶ ᠡᠮᠨᠡᠯᠭᠡ ᠶᠢᠨ ᠬᠤᠷᠢᠶ᠎ᠠ ᠲᠠᠢ ᠬᠤᠯᠪᠣᠭ᠎ᠠ ᠪᠠᠷᠢᠵᠤ᠂ ᠤᠯᠠᠨ ᠲᠦᠮᠡᠨ ᠤ ᠪᠦᠬᠦ ᠤᠯᠤᠰ ᠤᠨ ᠡᠯ᠎ᠡ ᠭᠠᠵᠠᠷ ᠲᠤ ᠡᠮᠴᠢᠯᠡᠭᠦᠯᠬᠦ ᠳᠤ ᠳᠦᠭᠦᠮ ᠦᠵᠡᠭᠦᠯᠵᠡᠢ᠃      ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠠᠵᠢᠯᠲᠠᠨ ᠠᠴᠠ  ᠬᠤᠲᠠ ᠶᠢᠨ ᠠᠷᠠᠳ ᠲᠤ ᠰᠠᠨᠠᠭᠤᠯᠬᠤ ᠨᠢ᠂ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢᠶᠠᠨ ᠰᠢᠭᠤᠳ ᠲᠠᠰᠤᠯᠤᠨ ᠪᠤᠳᠤᠬᠤ ᠶᠢᠨ ᠤᠷᠢᠲᠠᠯ ᠪᠣᠯ ᠳᠠᠭᠠᠳᠬᠠᠯ ᠳᠤ ᠣᠷᠣᠯᠴᠠᠭᠰᠠᠨ ᠬᠥᠮᠦᠰ ᠢ ᠳᠠᠩᠰᠠᠯᠠᠨ ᠲᠡᠮᠳᠡᠭᠯᠡᠭᠰᠡᠨ ᠪᠠᠶᠢᠬᠤ ᠬᠡᠷᠡᠭᠲᠡᠢ᠂ ᠣᠨᠳᠣᠣ ᠭᠠᠵᠠᠷ ᠲᠤ ᠪᠠᠶᠢᠩᠭᠤ ᠰᠠᠭᠤᠭ᠎ᠠ ᠬᠥᠮᠦᠨ᠂ ᠣᠨᠳᠣᠣ ᠭᠠᠵᠠᠷ ᠲᠤ ᠲᠥᠪᠬᠢᠨᠡᠭᠦᠯᠦᠭᠰᠡᠨ ᠬᠥᠮᠥᠨ᠂ ᠣᠨᠳᠣᠣ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠪᠣᠯᠣᠨ ᠰᠢᠯᠵᠢᠭᠦᠯᠦᠨ ᠡᠮᠴᠢᠯᠡᠭᠦᠯᠬᠦ ᠪᠠ ᠡᠮᠨᠡᠯᠭᠡ ᠶᠢᠨ ᠬᠤᠷᠢᠶ᠎ᠠ ᠰᠢᠯᠵᠢᠭᠦᠯᠦᠭᠰᠡᠨ ᠵᠡᠷᠭᠡ ᠳᠥᠷᠪᠡᠨ ᠲᠥᠷᠥᠯ ᠤᠨ ᠬᠥᠮᠦᠰ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠠᠪᠴᠤ ᠳᠠᠭᠠᠳᠬᠠᠯ ᠳᠤ ᠤᠷᠤᠭᠰᠠᠨ ᠭᠠᠵᠠᠷ ᠤᠨ ᠢᠶᠠᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠳᠠᠩᠰᠠᠯᠠᠭᠤᠯᠵᠤ᠂ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠎ ᠨᠢ ᠬᠡᠪ ᠤᠨ ᠪᠠᠶᠢᠳᠠᠯ ᠲᠠᠢ ᠪᠠᠶᠢᠬᠤ ᠶᠢ ᠪᠠᠲᠤᠯᠠᠭᠰᠠᠨ ᠪᠠᠶᠢᠳᠠᠯ ᠳᠣᠣᠷ᠎ᠠ ᠣᠨᠳᠣᠣ ᠭᠠᠵᠠᠷ ᠲᠤ ᠡᠮᠴᠢᠯᠡᠭᠦᠯᠵᠦ ᠪᠣᠯᠣᠨ᠎ᠠ᠃ ᠡᠭᠦᠨ ᠠᠴᠠ ᠭᠠᠳᠠᠨ᠎ᠠ᠂ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠭᠠᠳᠠᠷ ᠣᠷᠣᠨ ᠳᠤ ᠪᠠᠶᠢᠭ᠎ᠠ ᠮᠠᠨ ᠤ ᠬᠤᠲᠠ ᠶᠢᠨ ᠳᠠᠭᠠᠳᠬᠠᠯ ᠳᠤ ᠣᠷᠣᠭᠰᠠᠳ ᠲᠤᠬᠠᠶ ᠶᠢᠨ ᠭᠠᠵᠠᠷ ᠲᠤ ᠡᠮᠴᠢᠯᠡᠭᠦᠯᠬᠦ ᠳᠡᠭᠡᠨ ᠡᠷᠬᠡᠪᠰᠢ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠳᠠᠭᠠᠳᠬᠠᠯ ᠳᠤ ᠤᠷᠤᠭᠰᠠᠨ ᠭᠠᠵᠠᠷ ᠤᠨ ᠢᠶᠠᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠲᠤᠰᠢᠶᠠᠵᠤ ᠣᠨᠳᠣᠣ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠭᠤᠯᠤᠨ ᠲᠡᠮᠳᠡᠭᠯᠡᠭᠦᠯᠦᠭᠰᠡᠨ ᠤ ᠬᠤᠶᠢᠨ᠎ᠠ ᠰᠠᠶ᠋ᠢ ᠰᠦᠯᠵᠢᠶ᠎ᠡ ᠬᠤᠯᠪᠣᠭ᠎ᠠ ᠪᠠᠷ ᠳᠠᠮᠵᠢᠨ ᠠᠪᠴᠤ ᠡᠮᠴᠢᠯᠡᠭᠡᠨ ᠤ ᠵᠠᠷᠤᠳᠠᠯ ᠢᠶᠠᠨ ᠲᠡᠰᠦᠯᠦᠨ ᠪᠣᠳᠣᠭᠤᠯᠵᠤ ᠪᠣᠯᠣᠨ᠎ᠠ᠃      ᠬᠡᠷᠪᠡ ᠲᠤᠰ ᠬᠥᠮᠦᠨ ᠨᠢ ᠭᠠᠳᠠᠷ ᠣᠷᠣᠨ ᠳᠤ ᠡᠮᠴᠢᠯᠡᠭᠦᠯᠬᠦ ᠳᠤ᠂ ᠲᠤᠬᠠᠶ ᠶᠢᠨ ᠭᠠᠵᠠᠷ ᠲᠤ ᠳᠠᠩᠰᠠᠯᠠᠭᠤᠯᠤᠭᠰᠠᠨ ᠮᠥᠷᠲᠡᠭᠡᠨ ᠵᠠᠷᠤᠳᠠᠯ ᠢᠶᠠᠨ ᠨᠢᠭᠡᠨᠲᠡ ᠲᠠᠰᠤᠯᠤᠨ ᠪᠤᠳᠤᠭᠰᠠᠨ ᠪᠣᠯ᠂ ᠲᠤᠬᠠᠶ ᠶᠢᠨ ᠭᠠᠵᠠᠷ ᠲᠠᠭᠠᠨ ᠬᠠᠷᠢᠵᠤ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠬᠡᠷᠡᠭᠯᠡᠬᠦ ᠳᠤ᠂ ᠲᠤᠬᠠᠶ ᠶᠢᠨ ᠭᠠᠵᠠᠷ ᠤᠨ ᠢᠶᠠᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠡᠨ ᠳᠤ ᠣᠴᠢᠵᠤ ᠬᠤᠪᠢ ᠬᠥᠮᠥᠨ ᠤ ᠣᠨᠳᠣᠣ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠯ ᠢᠶᠠᠨ ᠬᠠᠰᠤᠭᠤᠯᠤᠭᠠᠳ᠂ ᠲᠤᠬᠠᠶ ᠶᠢᠨ ᠭᠠᠵᠠᠷ ᠲᠠᠭᠠᠨ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠬᠡᠷᠡᠭᠯᠡᠵᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号