ᠨᠠᠮ ᠤᠨ ᠠᠷᠪᠠ ᠶᠢᠰᠦᠲᠦᠭᠡᠷ ᠶᠡᠭᠡ ᠬᠤᠷᠡᠯ ᠤᠨ ᠢᠯᠡᠳᠬᠡᠯ ᠳᠤ ᠳᠤᠷᠠᠳᠤᠭᠰᠠᠨ ᠦᠭᠡᠷᠡᠴᠢᠯᠡᠯᠲᠡ ᠶᠢᠨ ᠨᠠᠢᠮᠠᠨ ᠬᠦᠴᠦᠯᠡᠬᠦ ᠴᠡᠭ
ᠨᠡᠶᠢᠲᠡᠯᠡᠭᠰᠡᠨ ᠴᠠᠭ᠄
2017/10/24
     ᠨᠠᠮ ᠤᠨ ᠠᠷᠪᠠ ᠶᠢᠰᠦᠲᠦᠭᠡᠷ ᠶᠡᠭᠡ ᠬᠤᠷᠡᠯ ᠤᠨ ᠢᠯᠡᠳᠬᠡᠯ ᠳᠤ᠂ ᠦᠬᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠭᠡᠢ ᠬᠠᠷᠠᠯᠲᠠ ᠪᠤᠯ ᠲᠤᠮᠲᠠᠲᠦ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠪᠠᠶᠢᠢᠭᠤᠯᠤᠯ ᠢ ᠲᠡᠬᠦᠯᠳᠡᠷᠵᠢᠬᠦᠯᠦᠨ ᠬᠦᠭᠵᠢᠬᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠲᠠᠪᠦᠷᠢ ᠶᠢᠨ ᠤᠲᠤᠬᠢᠴᠢᠯᠠᠯᠲᠠ ᠶᠢ ᠠᠬᠢᠭᠤᠯᠬᠤ ᠪᠤᠯᠤᠨ᠎ᠠ ᠭᠡᠵᠦ ᠲᠤᠲᠤᠷᠬᠠᠢ ᠲᠤᠷᠠᠲᠤᠬᠰᠠᠨ ᠶᠤᠮ᠃ ᠢᠯᠡᠳᠭᠡᠯ ᠨᠢ ᠴᠢᠬᠤᠯᠠ ᠶᠡᠭᠡ ᠬᠦᠷᠢᠶ᠎ᠡ ᠴᠠᠷᠠᠭ᠎ᠠ ᠪᠠ ᠵᠠᠩᠬᠢᠯᠠᠭ᠎ᠠ ᠶᠢᠨ ᠭᠤᠭᠴᠤᠭ᠎ᠠ ᠲᠤ ᠪᠠᠶᠢᠷᠢᠯᠠᠭᠤᠯᠤᠯᠲᠠ ᠬᠢᠵᠦ᠂ ᠦᠬᠡᠷᠡᠴᠢᠯᠡᠯᠳᠡ ᠶᠢᠨ ᠬᠦᠴᠦᠯᠡᠬᠦ ᠴᠡᠭ ᠤᠨ ᠲᠤᠬᠠᠢ ᠮᠠᠰᠢ ᠤᠯᠠᠨ ᠰᠤᠷᠠᠭ ᠵᠠᠩᠬᠢ ᠶᠢ ᠲᠠᠮᠵᠢᠭᠤᠯᠵᠠᠢ᠃      ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠶᠢ ᠭᠦᠨᠵᠡᠭᠡᠶᠢᠷᠡᠭᠦᠯᠬᠦ᠄ ᠬᠠᠩᠭᠠᠯᠭ᠎ᠠ ᠶᠢᠨ ᠰᠢᠰᠲ᠋ᠧᠮ ᠤᠨ ᠶᠠᠰᠦ ᠴᠢᠨᠠᠷ ᠢ ᠲᠡᠭᠡᠭᠰᠢᠯᠡᠬᠦᠯᠬᠦ ᠪᠠᠷ ᠭᠤᠤᠯ ᠰᠢᠪᠲᠤᠯᠬᠤ ᠴᠢᠭᠯᠡᠯ ᠢᠶᠠᠨ ᠪᠤᠯᠭᠠᠨ᠎ᠠ      ᠤᠲᠤᠬᠢᠴᠢᠯᠠᠬᠰᠠᠨ ᠠᠵᠦ ᠠᠬᠤᠢ ᠶᠢᠨ ᠰᠢᠰᠲ᠋ᠧᠮ ᠢ ᠪᠦᠲᠦᠭᠡᠨ ᠪᠠᠶᠢᠭᠤᠯᠬᠤ ᠳᠤ ᠡᠷᠭᠡᠪᠰᠢ ᠬᠠᠩᠭᠠᠯᠭ᠎ᠠ ᠶᠢᠨ ᠰᠢᠰᠲ᠋ᠧᠮ ᠤᠨ ᠶᠠᠰᠦ ᠴᠢᠨᠠᠷ ᠢ ᠲᠡᠭᠡᠭᠰᠢᠯᠡᠬᠦᠯᠬᠦ ᠪᠠᠷ ᠭᠤᠤᠯ ᠰᠢᠪᠲᠤᠯᠬᠤ ᠴᠢᠭᠯᠡᠯ ᠢᠶᠠᠨ ᠪᠤᠯᠭᠠᠵᠦ᠂ ᠮᠠᠨ ᠤ ᠤᠯᠤᠰ  ᠤᠨ ᠠᠵᠦ ᠠᠬᠤᠢ ᠶᠢᠨ ᠶᠠᠰᠦ ᠴᠢᠨᠠᠷ ᠤᠨ ᠲᠠᠪᠠᠭᠤᠯᠢᠭ ᠢ ᠮᠡᠳᠡᠭᠳᠡᠮ᠎ᠡ ᠲᠡᠭᠡᠭᠰᠢᠯᠡᠬᠦᠯᠬᠦ ᠭᠡᠷᠡᠭᠳᠡᠢ ᠭᠡᠵᠦ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠢᠯᠡᠳᠭᠡᠯ ᠳᠤ ᠲᠤᠷᠠᠲᠤᠬᠰᠠᠨ ᠪᠠᠶᠢᠨ᠎ᠠ᠃      ︽ᠲᠡᠷᠢᠬᠦᠨ ᠤ ᠲᠠᠷᠢᠵᠦ ᠤᠷᠭᠤᠭᠤᠯᠬᠤ ᠮᠡᠷᠭᠡᠵᠢᠯ ᠢ ᠬᠡᠷᠡᠭᠯᠡᠵᠦ᠂ ᠮᠠᠰᠢᠨ ᠮᠧᠬᠠᠨᠢᠭ ᠪᠠ ᠡᠳ᠋ᠰᠢᠬᠦᠯᠦᠨ ᠪᠤᠯᠪᠠᠰᠤᠷᠠᠭᠤᠯᠬᠤ ᠲᠦᠬᠦᠭᠡᠷᠦᠮᠵᠢ ᠪᠠᠨ ᠰᠢᠨᠡᠴᠢᠯᠡᠵᠦ᠂ ᠪᠦᠲᠦᠭᠡᠭᠳᠡᠬᠦᠨ ᠤ ᠶᠠᠰᠦ ᠴᠢᠨᠠᠷ ᠢᠶᠠᠨ ᠲᠡᠭᠡᠭᠰᠢᠯᠡᠬᠦᠯᠦᠭᠰᠡᠨ ᠠᠴᠠ ᠪᠢᠳᠡᠨ ᠤ ᠲᠤᠲᠤᠷᠭ᠎ᠠ ᠶᠢᠨ ᠦᠨ᠎ᠡ ᠬᠠᠨᠭ᠍ᠰᠢ 10 ᠵᠢᠯ ᠤᠨ ᠡᠮᠦᠨᠡᠬᠢ ᠠᠴᠠ 10 ᠭᠠᠷᠤᠢ ᠲᠠᠬᠢᠨ ᠦᠰᠪᠡ︾ ᠭᠡᠵᠦ ᠬᠢᠷᠢᠨ ᠮᠤᠵᠢ ᠶᠢᠨ ᠴᠠᠩᠴᠦ᠋ᠨ ᠬᠤᠲᠠ ᠶᠢᠨ ᠱᠤᠸᠠᠩ ᠶᠠᠩ ᠲᠤᠭᠤᠷᠢᠭ ᠤᠨ ᠱᠧᠩ ᠬᠤᠸᠠ ᠲᠠᠷᠢᠶᠠᠴᠢᠳ ᠤᠨ ᠲᠤᠰᠬᠠᠢ ᠬᠤᠷᠰᠢᠶ᠎ᠠ ᠶᠢᠨ ᠭᠡᠷᠡᠭ ᠮᠡᠳᠡᠭᠴᠢ ᠶᠢᠨ ᠲᠠᠷᠤᠭ᠎ᠠ ᠯᠢ ᠬᠤᠸᠠ ᠯᠢᠶᠠᠩ ᠲᠦᠯᠦᠭᠡᠯᠡᠭᠴᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠶᠢᠨ ᠠᠪᠴᠢᠷᠠᠬᠰᠠᠨ ᠬᠤᠪᠢᠷᠠᠯᠲᠠ ᠶᠢᠨ ᠲᠤᠬᠠᠢ ᠶᠠᠷᠢᠨ᠎ᠠ᠃      ᠮᠠᠨ ᠤ ᠤᠯᠤᠰ ᠤᠨ ᠠᠵᠦ ᠠᠬᠤᠢ ᠨᠢᠭᠡᠨᠳᠡ ᠦᠨᠲᠦᠷ ᠬᠤᠷᠲᠤᠴᠠᠲᠦ ᠨᠡᠮᠡᠭᠳᠡᠯ ᠤᠨ ᠱᠠᠲᠦᠨ ᠠᠴᠠ ᠪᠠᠨ ᠦᠨᠲᠦᠷ ᠶᠠᠰᠦ ᠴᠢᠨᠠᠷᠲᠦ ᠬᠦᠭᠵᠢᠯᠳᠡ ᠶᠢᠨ ᠱᠠᠲᠦᠨ ᠳᠤ ᠰᠢᠯᠵᠢᠭᠰᠡᠨ ᠠᠴᠠ᠂ ᠡᠷᠭᠡᠪᠰᠢ ᠶᠠᠰᠦ ᠴᠢᠨᠠᠷ ᠢ ᠬᠠᠮᠤᠭ  ᠤᠨ ᠲᠡᠷᠢᠬᠦᠨ ᠳᠤ᠂ ᠦᠷ᠎ᠡ ᠠᠰᠢᠭ ᠢ ᠤᠷᠢᠲᠠᠪᠡᠷ ᠪᠤᠲᠤᠯᠬᠢᠯᠠᠬᠤ ᠶᠢ ᠪᠠᠷᠢᠮᠲᠠᠯᠠᠬᠤ ᠭᠡᠷᠡᠭᠳᠡᠢ ᠭᠡᠵᠦ ᠲᠤᠮᠲᠠᠲᠦ ᠤᠯᠤᠰ ︵ᠬᠠᠶᠢᠨᠠᠨ︶ ᠤᠨ ᠦᠬᠡᠷᠡᠴᠢᠯᠡᠯᠳᠡ ᠬᠦᠭᠵᠢᠭᠦᠯᠤᠯᠳᠡ ᠶᠢᠨ ᠰᠤᠲᠤᠯᠭᠠᠨ ᠤ ᠬᠦᠷᠢᠶᠡᠯᠡᠩ ᠤᠨ ᠲᠠᠷᠤᠭ᠎ᠠ ᡂᠢ ᠹᠦ᠋ ᠯᠢᠨ ᠦᠵᠡᠨ᠎ᠠ᠃ ᠬᠠᠩᠭᠠᠯᠭ᠎ᠠ ᠶᠢᠨ ᠰᠢᠰᠲ᠋ᠧᠮ ᠤᠨ ᠶᠠᠰᠦ ᠴᠢᠨᠠᠷ ᠢ ᠲᠡᠭᠡᠭᠰᠢᠯᠡᠬᠦᠯᠬᠦ ᠳᠤ ᠡᠷᠭᠡᠪᠰᠢ ᠦᠢᠯᠡᠳᠬᠦ ᠦᠢᠯᠡᠰ ᠤᠨ ᠬᠦᠴᠦᠷᠭᠡᠭ ᠤᠯᠤᠰ ᠢ ᠲᠦᠷᠭᠡᠳᠭᠡᠨ ᠪᠠᠶᠢᠭᠤᠯᠵᠤ᠂ ᠤᠯᠠᠮᠵᠢᠯᠠᠯᠲᠦ ᠠᠵᠦ ᠦᠢᠯᠡᠰ ᠤᠨ ᠰᠢᠯᠢᠳᠡᠭᠵᠢᠨ ᠲᠡᠰ ᠲᠡᠪᠰᠢᠬᠦ ᠶᠢ ᠲᠡᠮᠵᠢᠵᠦ᠂ ᠤᠲᠤ ᠦᠶ᠎ᠡ ᠶᠢᠨ ᠦᠢᠯᠡᠴᠢᠯᠡᠬᠡᠨ ᠤ ᠦᠢᠯᠡᠰ ᠢ ᠲᠦᠷᠭᠡᠳᠭᠡᠨ ᠬᠦᠭᠵᠢᠬᠦᠯᠵᠦ᠂ ᠰᠠᠭᠤᠷᠢ ᠪᠡᠯᠡᠳᠬᠡᠮᠵᠢ ᠶᠢᠨ ᠲᠤᠤᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠳᠡᠢ᠃      ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠦᠷᠢᠮ ᠤᠨ ᠦᠬᠡᠷᠡᠴᠢᠯᠡᠯᠳᠡ ᠶᠢ ᠭᠦᠨᠵᠡᠭᠡᠶᠢᠷᠡᠭᠦᠯᠬᠦ᠄ ᠬᠤᠶᠠᠲᠤᠭᠠᠷ ᠡᠬᠡᠯᠵᠢ ᠶᠢᠨ ᠭᠠᠵᠠᠷ ᠰᠢᠷᠤᠢ ᠶᠢᠨ ᠲᠠᠭᠠᠭᠠᠴᠢᠯᠠᠯᠲᠠ ᠬᠤᠭᠤᠴᠠᠭᠠᠨ ᠳᠠᠭᠠᠨ ᠲᠤᠯᠪᠠᠯ ᠲᠠᠬᠢᠨ ᠭᠤᠴᠢᠨ ᠵᠢᠯ ᠤᠷᠲᠤᠳᠬᠠᠨ᠎ᠠ      ᠤᠲᠤᠬᠠᠨ ᠳᠤ᠂ ᠮᠠᠨ ᠤ ᠤᠯᠤᠰ ᠤᠨ ᠶᠡᠬᠡᠩᠬᠢ ᠭᠡᠰᠡᠭ ᠭᠠᠵᠠᠷ ᠤᠷᠤᠨ ᠤ ᠬᠦᠳᠡᠭᠡ ᠲᠤᠰᠬᠤᠨ ᠤ ᠲᠠᠭᠠᠭᠠᠴᠢᠯᠠᠬᠰᠠᠨ ᠭᠠᠵᠠᠷ ᠨᠢ ᠬᠤᠶᠠᠲᠤᠭᠠᠷ ᠡᠬᠡᠯᠵᠢ ᠶᠢᠨ ᠲᠠᠭᠠᠭᠠᠴᠢᠯᠠᠯᠲᠠ ᠶᠢᠨ ᠬᠤᠭᠤᠴᠠᠭᠠᠨ ᠳᠠᠭᠠᠨ ᠪᠠᠶᠢᠨ᠎ᠠ᠃ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠢᠯᠡᠳᠭᠡᠯ ᠳᠤ᠂ ᠭᠠᠵᠠᠷ ᠰᠢᠷᠤᠢ ᠶᠢᠨ ᠲᠠᠭᠠᠭᠠᠴᠢᠯᠠᠯᠲᠠ ᠶᠢᠨ ᠬᠠᠷᠢᠴᠠᠭ᠎ᠠ ᠲᠤᠭᠲᠠᠭᠤᠨ ᠪᠠᠶᠢᠬᠤ ᠶᠢ ᠪᠠᠲᠤᠯᠠᠬᠤ ᠮᠦᠷᠳᠡᠭᠡᠨ ᠤᠷᠲᠤ ᠬᠤᠭᠤᠴᠠᠭ᠎ᠠ ᠪᠠᠷ ᠬᠤᠪᠢᠷᠠᠭᠤᠯᠬᠤ ᠦᠬᠡᠢ᠂ ᠬᠤᠶᠠᠲᠤᠭᠠᠷ ᠡᠬᠡᠯᠵᠢ ᠶᠢᠨ ᠭᠠᠵᠠᠷ ᠰᠢᠷᠤᠢ ᠶᠢᠨ ᠲᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠬᠰᠠᠨ ᠤ ᠲᠠᠷᠠᠭ᠎ᠠ ᠲᠠᠬᠢᠨ ᠭᠤᠴᠢᠨ ᠵᠢᠯ ᠤᠷᠲᠤᠳᠬᠠᠨ᠎ᠠ ᠭᠡᠵᠦ ᠲᠤᠲᠤᠷᠬᠠᠢ ᠵᠢᠭᠠᠵᠦ ᠭᠠᠷᠭᠠᠭᠰᠠᠨ ᠪᠢᠯᠡ᠃      ︽ᠡᠨᠡ ᠨᠢ ᠮᠠᠨ ᠤ ᠦᠷᠭᠡᠨ ᠤᠯᠠᠨ ᠲᠠᠷᠢᠶᠠᠴᠢᠳ ᠢ ᠰᠡᠳᠬᠢᠯ ᠠᠮᠤᠷ ᠪᠤᠯᠭᠠᠭᠰᠠᠨ︾ ᠭᠡᠵᠦ ᠾᠧᠨᠠᠨ ᠮᠤᠵᠢ  ᠶᠢᠨ ᠫᠦᠶᠠᠩ ᠰᠢᠶᠠᠨ ᠤ ᠰᠢ ᠰᠢᠨ ᠵᠤᠸᠠᠩ ᠲᠤᠰᠬᠤᠨ ᠤ ᠨᠠᠮ ᠤᠨ ᠡᠬᠦᠷ ᠤᠨ ᠱᠦᠵᠢ ᠯᠢ ᠯᠢᠶᠠᠨ ᠴᠧᠩ ᠲᠦᠯᠦᠬᠡᠯᠡᠭᠴᠢ ᠶᠠᠷᠢᠨ᠎ᠠ᠃ ᠡᠬᠦᠨ ᠠᠴᠠ ᠡᠮᠦᠨ᠎ᠡ᠂ ᠭᠠᠵᠠᠷ ᠰᠢᠷᠤᠢ ᠶᠢᠨ ᠲᠠᠭᠠᠭᠠᠴᠢᠯᠠᠯᠲᠠ ᠶᠢᠨ ᠬᠠᠷᠢᠴᠠᠭ᠎ᠠ ᠲᠤᠭᠲᠠᠭᠤᠨ ᠪᠤᠰᠤ ᠪᠤᠯᠬᠤ ᠠᠴᠠ ᠵᠤᠪᠠᠵᠤ᠂ ᠵᠠᠷᠢᠮ ᠲᠠᠷᠢᠶᠠᠯᠠᠩ ᠤᠨ ᠠᠵᠦ ᠠᠬᠤᠶᠢᠯᠠᠯ ᠪᠡᠯᠡ ᠤᠷᠤᠭᠤᠯᠤᠯᠳᠠ ᠪᠠᠨ ᠨᠡᠮᠡᠭᠳᠡᠬᠦᠯᠬᠦ ᠠᠴᠠ ᠲᠠᠲᠠᠭᠠᠯᠵᠠᠵᠦ᠂ ᠵᠠᠷᠢᠮ ᠲᠠᠷᠢᠶᠠᠴᠢᠳ ᠤᠬᠤᠷ ᠬᠤᠭᠤᠴᠠᠭ᠎ᠠ ᠪᠠᠷ ᠯᠡ ᠲᠠᠭᠠᠭᠠᠴᠢᠯᠠᠲᠠᠭ ᠪᠠᠶᠢᠪᠠ᠃ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠠᠴᠠ ᠲᠤᠳᠤᠷᠬᠠᠢ ᠲᠠᠮᠵᠢᠭᠤᠯᠤᠬᠰᠠᠨ ᠲᠦᠷᠦ ᠶᠢᠨ ᠪᠤᠲᠤᠯᠭ᠎ᠠ ᠶᠢᠨ ᠲᠤᠬᠢᠶ᠎ᠠ ᠨᠢ ᠲᠠᠷᠢᠶᠠᠴᠢᠳ ᠤᠨ ᠪᠤᠲᠤᠯ ᠲᠦᠯᠦᠪᠯᠡᠭᠡ ᠶᠢ ᠲᠤᠭᠲᠠᠪᠦᠷᠢᠵᠢᠭᠤᠯᠬᠤ ᠪᠠ ᠲᠠᠷᠢᠶᠠᠯᠠᠩ ᠤᠨ ᠬᠡᠪᠴᠢᠶᠡᠵᠢᠬᠦᠯᠦᠨ ᠡᠵᠡᠩᠨᠡᠬᠦ ᠶᠢ ᠠᠬᠢᠭᠤᠯᠬᠤ ᠳᠤ ᠠᠰᠢᠬᠲᠠᠢ ᠪᠠᠶᠢᠵᠤ᠂ ᠭᠡᠷ ᠪᠦᠯᠢ ᠶᠢᠨ ᠲᠠᠷᠢᠶᠠᠯᠠᠩ᠂ ᠲᠠᠷᠢᠶᠠᠯᠠᠩ  ᠤᠨ ᠠᠵᠦ ᠠᠬᠤᠶᠢᠯᠠᠯ ᠢᠶᠠᠷ ᠭᠤᠤᠯ ᠪᠤᠯᠭᠠᠭᠰᠠᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠠ ᠶᠢ ᠬᠦᠮᠦᠵᠢᠬᠦᠯᠵᠦ᠂ ᠨᠡᠩ ᠤᠯᠠᠨ ᠪᠡᠯᠡ ᠮᠦᠡᠭᠬᠦ᠂ ᠮᠡᠷᠭᠡᠵᠢᠯ᠂ ᠴᠢᠲᠠᠪᠦᠷᠢᠲᠠᠨ ᠢ ᠬᠦᠳᠡᠭᠡ ᠲᠤᠰᠬᠤᠨ ᠪᠠ ᠲᠠᠷᠢᠶᠠᠯᠠᠩ ᠳᠤ ᠲᠠᠲᠠᠨ ᠤᠷᠤᠭᠤᠯᠬᠤ ᠪᠤᠯᠤᠨ᠎ᠠ᠃      ᠮᠦᠡᠭᠬᠦᠨ ᠬᠦᠢᠯᠭᠡᠭᠡᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠭᠦᠨᠵᠡᠭᠡᠶᠢᠷᠡᠭᠦᠯᠬᠦ᠄ ᠰᠢᠰᠲ᠋ᠧᠮᠲᠦ ᠴᠢᠨᠠᠷᠲᠠᠢ ᠮᠦᠡᠭᠬᠦᠨ ᠬᠦᠢᠯᠬᠡᠬᠡᠨ ᠤ ᠲᠦᠭᠰᠢᠭᠦᠷᠢ ᠦᠯᠦ ᠡᠬᠦᠰᠬᠦ ᠬᠤᠷᠢᠭ᠎ᠠ ᠱᠤᠭᠤᠮ ᠢ ᠴᠢᠩᠭ᠎ᠠ ᠰᠠᠬᠢᠨ᠎ᠠ      ᠰᠢᠰᠲ᠋ᠧᠮᠲᠦ ᠴᠢᠨᠠᠷᠲᠠᠢ ᠮᠦᠡᠭᠬᠦᠨ ᠬᠦᠢᠯᠬᠡᠬᠡᠨ ᠤ ᠲᠦᠭᠰᠢᠬᠦᠷᠢ ᠶᠢ ᠰᠡᠷᠭᠡᠶᠢᠯᠡᠬᠦ ᠪᠤᠯ ᠬᠦᠨᠳᠤ ᠶᠡᠭᠡ ᠲᠦᠭᠰᠢᠬᠦᠷᠢ ᠶᠢ ᠰᠡᠷᠭᠡᠶᠢᠯᠡᠵᠦ ᠰᠢᠢᠳᠪᠦᠷᠢᠯᠡᠬᠦ ᠪᠤᠭᠤᠮᠲᠠ ᠰᠢᠪᠲᠤᠯᠬᠤ ᠳᠠᠶᠢᠨ ᠤ ᠢᠯᠠᠯᠲᠠ ᠶᠢ ᠤᠯᠬᠤ ᠴᠢᠬᠤᠯᠠ ᠡᠬᠦᠷᠭᠡ ᠪᠤᠯᠤᠨ᠎ᠠ᠃ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠢᠯᠡᠳᠭᠡᠯ ᠳᠤ᠂ ᠮᠦᠡᠭᠬᠦᠨ ᠬᠦᠢᠯᠬᠡᠬᠡᠨ ᠤ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠦ᠂ ᠰᠢᠰᠲ᠋ᠧᠮᠲᠦ ᠴᠢᠨᠠᠷᠲᠠᠢ ᠮᠦᠡᠭᠬᠦᠨ ᠬᠦᠢᠯᠬᠡᠬᠡᠨ ᠤ ᠲᠦᠭᠰᠢᠬᠦᠷᠢ ᠦᠯᠦ ᠡᠬᠦᠰᠬᠦ ᠬᠤᠷᠢᠭ᠎ᠠ ᠱᠤᠭᠤᠮ ᠢ ᠰᠠᠬᠢᠬᠤ ᠭᠡᠷᠡᠭᠳᠡᠢ ᠭᠡᠵᠦ ᠲᠤᠷᠠᠲᠤᠬᠰᠠᠨ ᠪᠠᠶᠢᠨ᠎ᠠ᠃      ᠲᠤᠮᠲᠠᠲᠦ ᠤᠯᠤᠰ ᠤᠨ ᠪᠠᠩᠬᠢ ᠶᠢᠨ ᠦᠢᠯᠡᠰ ᠤᠨ ᠬᠢᠨᠠᠨ ᠬᠠᠮᠢᠶᠠᠷᠤᠯᠲᠠ ᠶᠢᠨ ᠵᠦᠪᠯᠡᠯ ᠤᠨ ᠲᠡᠷᠢᠬᠦᠯᠡᠭᠴᠢ ᠬᠦᠸᠧ ᠱᠦ ᠴᠢᠩ ᠲᠦᠯᠦᠬᠡᠯᠡᠭᠴᠢ᠂ ᠮᠦᠡᠭᠬᠦᠨ ᠬᠦᠢᠯᠬᠡᠬᠡᠨ ᠤ ᠲᠦᠭᠰᠢᠬᠦᠷᠢ ᠶᠢ ᠰᠡᠷᠭᠡᠶᠢᠯᠡᠬᠦ ᠪᠠ ᠪᠠᠩᠬᠢ ᠶᠢᠨ ᠦᠢᠯᠡᠰ ᠤᠨ ᠵᠠᠬ᠎ᠠ ᠲᠡᠯᠭᠡᠬᠦᠷ ᠤᠨ ᠰᠠᠮᠠᠭᠤᠷᠠᠯ ᠢ ᠵᠠᠰᠠᠬᠤ ᠲᠠᠯ᠎ᠠ ᠪᠠᠷ᠂ ᠡᠨᠡ ᠵᠢᠯ ᠠᠵᠢᠯ ᠨᠢᠭᠡᠳᠡᠨ᠂ ᠬᠦᠷᠦᠩᠭᠡ ᠠᠬᠤᠶᠢᠯᠠᠯ᠂ ᠦᠷᠢ ᠰᠢᠷᠢ ᠶᠢᠨ ᠪᠤᠰᠤ ᠡᠵᠡᠩᠨᠡᠯᠳᠡ ᠭᠤᠷᠪᠠᠨ ᠴᠢᠬᠤᠯᠠ ᠬᠦᠷᠢᠶ᠎ᠡ ᠴᠠᠷᠠᠭ᠎ᠠ ᠶᠢ ᠲᠤᠬᠳᠠᠭᠠᠬᠰᠠᠨ ᠭᠡᠪᠡ᠃ ᠬᠠᠮᠤᠭ ᠤᠨ ᠲᠦᠷᠦᠬᠦᠨ ᠳᠤ᠂ ᠡᠨᠡ ᠭᠤᠷᠪᠠᠨ ᠬᠦᠷᠢᠶ᠎ᠡ ᠴᠠᠷᠠᠭ᠎ᠠ ᠨᠢ ᠰᠡᠬᠦᠳᠡᠷ ᠪᠠᠩᠬᠢ᠂ ᠰᠤᠯᠪᠢᠴᠠᠯ ᠮᠦᠡᠭᠭᠦᠨ ᠬᠦᠢᠯᠭᠡᠭᠡᠨ᠂ ᠬᠡᠷ ᠭᠠᠵᠠᠷ ᠤᠨ ᠬᠦᠷᠦᠩᠭᠡ ᠶᠢᠨ ᠬᠦᠭᠡᠰᠦᠷᠡᠯ᠂ ᠤᠷᠤᠨ ᠨᠤᠲᠤᠭ ᠤᠨ ᠵᠠᠰᠠᠭ ᠤᠨ ᠤᠷᠲᠤᠨ ᠤ ᠦᠷᠢ ᠦᠭᠴᠡᠭᠡ ᠵᠡᠷᠭᠡ ᠨᠡᠯᠢᠶᠡᠳ ᠳᠤᠪᠤᠶᠢᠮ᠎ᠠ ᠲᠦᠭᠰᠢᠭᠦᠷᠢ ᠨᠦᠭᠦᠳ ᠢ ᠬᠠᠮᠤᠷᠤᠭᠰᠠᠨ ᠪᠠᠶᠢᠨ᠎ᠠ᠃ ᠡᠬᠦᠨ ᠤ ᠬᠠᠮᠲᠦ ᠪᠠᠰᠠ ᠲᠡᠬᠦᠨ ᠲᠠᠢ ᠬᠤᠯᠪᠤᠭᠲᠠᠯ ᠪᠦᠬᠦᠢ ᠠᠵᠢᠯᠯᠠᠭᠠᠨ ᠤ ᠴᠢᠨᠠᠷᠲᠠᠢ ᠲᠦᠭᠰᠢᠬᠦᠷᠢ ᠶᠢ ᠬᠠᠮᠤᠷᠴᠠᠢ᠂ ᠡᠶᠢᠮᠦ ᠠᠴᠠ ᠡᠷᠭᠡᠪᠰᠢ ᠬᠦᠴᠦ ᠪᠠᠨ ᠲᠦᠪᠯᠡᠷᠡᠬᠦᠯᠦᠨ ᠴᠡᠭᠴᠡᠯᠡᠨ ᠵᠠᠰᠠᠬᠤ ᠴᠢᠬᠤᠯᠠᠲᠠᠢ᠃      ᠪᠦᠬᠦ ᠲᠠᠯ᠎ᠠ ᠪᠠᠷ ᠨᠡᠭᠡᠭᠡᠯᠳᠡ ᠬᠢᠬᠦ ᠰᠢᠨ᠎ᠡ ᠪᠠᠶᠢᠳᠠᠯ ᠤᠨ ᠪᠦᠷᠢᠯᠲᠦᠬᠦ ᠶᠢ ᠠᠬᠢᠭᠤᠯᠬᠤ᠄ ᠴᠢᠯᠦᠬᠡᠲᠦ ᠠᠷᠠᠯᠵᠢᠶᠠᠨ ᠤ ᠲᠤᠭᠤᠷᠢᠭ ᠲᠤ ᠦᠬᠡᠷᠡᠴᠢᠯᠡᠯᠳᠡ ᠶᠢᠨ ᠨᠡᠩ ᠶᠡᠭᠡ ᠡᠵᠡᠨ ᠮᠡᠳᠡᠬᠦ ᠡᠷᠭᠡ ᠶᠢ ᠤᠯᠭᠤᠬᠤ ᠭᠡᠷᠡᠭᠳᠡᠢ      ᠴᠢᠯᠦᠬᠡᠲᠦ ᠠᠷᠠᠯᠵᠢᠶᠠᠨ ᠤ ᠲᠤᠷᠰᠢᠯᠲᠠ ᠶᠢᠨ ᠲᠤᠭᠤᠷᠢᠭ ᠲᠤ ᠦᠬᠡᠷᠡᠴᠢᠯᠡᠯᠳᠡ ᠶᠢᠨ ᠨᠡᠩ ᠶᠡᠭᠡ ᠡᠵᠡᠨ ᠮᠡᠳᠡᠬᠦ ᠡᠷᠭᠡ ᠶᠢ ᠤᠯᠭᠤᠵᠦ᠂ ᠴᠢᠯᠦᠬᠡᠲᠦ ᠠᠷᠠᠯᠵᠢᠶᠠᠨ ᠤ ᠭᠠᠷᠠᠮ ᠢ ᠬᠠᠶᠢᠨ ᠰᠦᠪᠡᠭᠴᠢᠯᠡᠵᠦ ᠪᠦᠲᠦᠭᠡᠨ ᠪᠠᠶᠢᠭᠤᠯᠬᠤ ᠭᠡᠷᠡᠭᠳᠡᠢ ᠭᠡᠵᠦ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠢᠯᠡᠳᠭᠡᠯ ᠳᠤ ᠲᠤᠷᠠᠲᠤᠬᠰᠠᠨ ᠶᠤᠮ᠃      ᠡᠨᠡ ᠵᠢᠯ ᠤᠨ 3 ᠳ᠋ᠤᠭᠠᠷ ᠰᠠᠷ᠎ᠠ ᠤᠨ ᠰᠡᠬᠦᠯᠴᠢ ᠪᠠᠷ᠂ ᠲᠦᠷᠦ ᠶᠢᠨ ᠶᠠᠪᠤᠲᠠᠯ ᠤᠨ ᠬᠤᠷᠢᠶᠠᠨ ᠠᠴᠠ ᠯᠢᠶᠤᠤᠨᠢᠩ᠂ ᠵᠧᠵᠢᠶᠠᠩ᠂ ᠾᠧᠨᠠᠨ᠂ ᠬᠤᠪᠸᠢ ᠵᠡᠷᠭᠡ 7 ᠴᠢᠯᠦᠬᠡᠲᠦ ᠠᠷᠠᠯᠵᠢᠶᠠᠨ ᠤ ᠲᠤᠭᠤᠷᠢᠭ ᠢ ᠪᠠᠶᠢᠭᠤᠯᠬᠤ ᠶᠢ ᠵᠦᠪᠰᠢᠶᠡᠷᠡᠵᠤ᠂ ᠴᠢᠯᠦᠬᠡᠲᠦ ᠠᠷᠠᠯᠵᠢᠶᠠᠨ ᠤ ᠲᠤᠭᠤᠷᠢᠭ ᠢ 11 ᠪᠤᠯᠭᠠᠨ ᠨᠡᠮᠡᠭᠳᠡᠭᠦᠯᠵᠤ᠂ ᠨᠡᠩ ᠶᠡᠭᠡ ᠬᠦᠷᠢᠶ᠎ᠡ ᠬᠡᠪᠴᠢᠶ᠎ᠡ᠂ ᠨᠡᠩ ᠤᠯᠠᠨ ᠬᠦᠷᠢᠶ᠎ᠡ ᠴᠠᠷᠠᠭᠠᠨ ᠳᠤ ᠤᠷᠢᠲᠡᠪᠡᠷ ᠬᠢᠵᠤ ᠤᠷᠢᠳᠡᠪᠡᠷ ᠲᠤᠷᠰᠢᠬᠤ ᠶᠢ ᠪᠡᠶᠡᠯᠡᠬᠦᠯᠵᠤ᠂ ᠨᠡᠭᠡᠭᠡᠯᠳᠡ ᠶᠢᠨ ᠰᠢᠨ᠎ᠡ ᠪᠠᠶᠢᠳᠠᠯ ᠢ ᠬᠦᠲᠦᠯᠦᠨ ᠵᠢᠯᠤᠭᠤᠲᠤᠭᠰᠠᠨ ᠪᠠᠶᠢᠨ᠎ᠠ᠃      ᠤᠲᠤᠬᠠᠨ ᠳᠤ᠂ ᠴᠢᠯᠦᠬᠡᠲᠦ ᠠᠷᠠᠯᠵᠢᠶᠠᠨ ᠤ ᠲᠤᠭᠤᠷᠢᠭ ᠤᠨ ᠵᠠᠷᠢᠮ ᠱᠠᠲᠦ ᠦᠶᠡᠴᠢ ᠴᠢᠨᠠᠷᠲᠠᠢ ᠦᠬᠡᠷᠡᠴᠢᠯᠡᠯᠳᠡ ᠶᠢᠨ ᠬᠠᠷᠠᠯᠲᠠ ᠨᠢᠬᠡᠨᠳᠡ ᠪᠡᠶᠡᠯᠡᠭᠳᠡᠭᠰᠡᠨ᠃ ᠤᠯᠤᠰ ᠤᠨ ᠲᠤᠲᠤᠭᠠᠲᠦᠬᠢ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠵᠦ ᠲᠡᠰ ᠲᠡᠪᠰᠢᠬᠦ ᠶᠢᠨ ᠲᠤᠯᠭᠠᠮ᠎ᠠ ᠪᠤᠯᠵᠦ ᠢᠷᠡᠬᠦ ᠪᠠ ᠤᠯᠠᠨ ᠤᠯᠤᠰ ᠤᠨ ᠠᠵᠦ ᠠᠬᠤᠢ  ᠶᠢᠨ ᠪᠠᠶᠢᠳᠠᠯ ᠤᠨ ᠲᠦᠷᠭᠡᠨ ᠬᠤᠪᠢᠷᠠᠯᠲᠠ ᠶᠢ ᠲᠠᠭᠠᠯᠲᠤᠨ᠂ ᠴᠢᠯᠦᠬᠡᠲᠦ ᠠᠷᠠᠯᠵᠢᠶᠠᠨ ᠤ ᠲᠤᠭᠤᠷᠢᠭ ᠤᠨ ᠦᠬᠡᠷᠡᠴᠢᠯᠡᠯᠳᠡ ᠶᠢ ᠡᠷᠭᠡᠪᠰᠢ ᠲᠦᠷᠭᠡᠳᠭᠡᠬᠦ ᠭᠡᠷᠡᠭᠳᠡᠢ᠂ ᠲᠡᠬᠦᠨ ᠳᠤ ᠨᠡᠩ ᠶᠡᠭᠡ ᠡᠵᠡᠨ ᠮᠡᠳᠡᠬᠦ ᠡᠷᠭᠡ ᠤᠯᠭᠤᠵᠦ᠂ ᠦᠬᠡᠷᠡᠴᠢᠯᠡᠯᠳᠡ ᠶᠢᠨ ᠠᠮᠢᠵᠢᠷᠠᠯ ᠤᠨ ᠬᠦᠴᠦᠨ ᠢ ᠨᠢ ᠬᠦᠭᠵᠢᠭᠡᠬᠦ ᠭᠡᠷᠡᠭᠳᠡᠢ ᠭᠡᠵᠦ ᠬᠤᠸᠠ ᠵᠦᠩ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠴᠢᠯᠦᠬᠡᠲᠦ ᠠᠷᠠᠯᠵᠢᠶᠠᠨ ᠤ ᠲᠤᠭᠤᠷᠢᠭ ᠤᠨ ᠰᠤᠲᠤᠯᠭᠠᠨ ᠤ ᠲᠦᠪ ᠤᠨ ᠬᠦᠢᠴᠡᠳᠬᠡᠭᠴᠢ ᠡᠷᠬᠢᠯᠡᠭᠴᠢ ᠴᠧᠨ ᠪᠦᠸᠧ ᠫᠷᠤᠹᠧᠰᠰᠤᠷ ᠶᠠᠷᠢᠨ᠎ᠠ᠃      ︽ᠴᠢᠯᠦᠬᠡᠲᠦ ᠠᠷᠠᠯᠵᠢᠶᠠᠨ ᠤ ᠭᠠᠷᠠᠮ ᠪᠤᠯ ᠴᠢᠯᠦᠬᠡᠲᠦ ᠠᠷᠠᠯᠵᠢᠶᠠᠨ ᠤ ᠲᠤᠭᠤᠷᠢᠭ ᠤᠨ ᠤᠯᠠᠮ ᠨᠢᠭᠡ ᠠᠯᠬᠤᠮ ᠤᠨ ᠦᠷᠬᠦᠯᠵᠢᠯᠠᠯ ᠪᠠ ᠲᠡᠭᠡᠭᠰᠢᠯᠡᠯᠳᠡ ᠮᠦᠨ︾᠃ ᠴᠢᠯᠦᠬᠡᠲᠦ ᠠᠷᠠᠯᠵᠢᠶᠠᠨ ᠤ ᠭᠠᠷᠠᠮ ᠨᠢ ᠤᠲᠤ ᠪᠠᠶᠢᠭ᠎ᠠ ᠴᠢᠯᠦᠬᠡᠲᠦ ᠠᠷᠠᠯᠵᠢᠶᠠᠨ ᠤ ᠲᠤᠭᠤᠷᠢᠭ ᠤᠯᠠᠨ ᠤᠯᠤᠰ ᠤᠨ ᠲᠡᠷᠢᠬᠦᠨ ᠤ ᠨᠡᠭᠡᠭᠡᠯᠳᠡ ᠶᠢᠨ ᠬᠢᠷᠢ ᠲᠦᠪᠰᠢᠨ ᠲᠠᠢ ᠪᠠᠷᠢᠮᠵᠢᠶ᠎ᠠ ᠨᠡᠶᠢᠴᠡᠭᠦᠯᠦᠭᠰᠡᠨ ᠰᠠᠭᠤᠷᠢᠨ ᠲᠡᠭᠡᠷ᠎ᠡ ᠴᠢᠲᠠᠪᠦᠷᠢᠲᠠᠨ᠂ ᠡᠳ᠋ ᠪᠠᠷᠠᠭ᠎ᠠ ᠵᠡᠷᠭᠡ ᠴᠢᠬᠤᠯᠠ ᠡᠯᠧᠮᠧᠨ᠋ᠲ ᠤᠨ ᠪᠦᠷᠢᠮᠦᠰᠤᠨ ᠴᠢᠯᠦᠬᠡᠲᠦ ᠡᠷᠬᠢᠯᠳᠡ ᠶᠢ ᠬᠠᠶᠢᠨ ᠰᠦᠪᠡᠭᠴᠢᠯᠡᠬᠦ᠂ ᠮᠦᠡᠭᠬᠦᠨ ᠬᠦᠢᠯᠬᠡᠬᠡᠨ ᠪᠠ ᠤᠯᠠᠨ ᠤᠯᠤᠰ ᠤᠨ ᠵᠠᠬ᠎ᠠ ᠲᠡᠯᠭᠡᠬᠦᠷ ᠤᠨ ᠬᠦᠢᠴᠡᠳ ᠠᠭᠤᠰᠤᠯᠴᠠᠯ ᠵᠡᠷᠭᠡ ᠲᠠᠯ᠎ᠠ ᠪᠠᠷ ᠤᠯᠠᠨ ᠤᠯᠤᠰ ᠤᠨ ᠬᠠᠮᠤᠭ ᠤᠨ ᠦᠨᠲᠦᠷ ᠨᠡᠭᠡᠭᠡᠯᠳᠡ ᠶᠢᠨ ᠪᠠᠷᠢᠮᠵᠢᠶ᠎ᠠ ᠲᠠᠢ ᠨᠢᠭᠡᠳᠦᠯᠳᠡᠢ ᠪᠠᠶᠢᠬᠤ ᠭᠡᠷᠡᠭᠳᠡᠢ᠃ ᠴᠢᠯᠦᠬᠡᠲᠦ ᠠᠷᠠᠯᠵᠢᠶᠠᠨ ᠤ ᠭᠠᠷᠠᠮ ᠢ ᠬᠠᠶᠢᠨ ᠰᠦᠪᠡᠭᠴᠢᠯᠡᠵᠦ ᠪᠦᠲᠦᠭᠡᠨ ᠪᠠᠶᠢᠭᠤᠯᠬᠤ ᠨᠢ ᠮᠠᠨ ᠤ ᠤᠯᠤᠰ ᠤᠨ ᠭᠠᠲᠠᠭᠠᠲᠦ ᠨᠡᠭᠡᠭᠡᠯᠳᠡ ᠶᠢᠨ ᠬᠢᠷᠢ ᠲᠦᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠬᠦ ᠳᠤ ᠠᠰᠢᠬᠲᠠᠢ ᠶᠤᠮ ᠭᠡᠵᠦ ᠴᠧᠨ ᠪᠦᠸᠧ ᠫᠷᠤᠹᠧᠰᠰᠤᠷ ᠢᠯᠡᠷᠬᠡᠶᠢᠯᠡᠪᠡ᠃      ᠠᠮᠢ ᠠᠬᠤᠢ ᠶᠢᠨ ᠤᠷᠴᠢᠨ ᠳᠤᠭᠤᠷᠢᠨ ᠤ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠦᠭᠡᠷᠡᠴᠢᠯᠡᠬᠦ᠄ ᠤᠯᠤᠰ ᠤᠨ ᠦᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠬᠡ ᠶᠢᠨ ᠬᠠᠮᠢᠶᠠᠷᠦᠯᠳᠡ ᠪᠡ ᠪᠠᠶᠢᠭᠠᠯᠢ ᠶᠢᠨ ᠠᠮᠢ ᠠᠬᠤᠢ ᠶᠢᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠤᠨ᠎ᠠ      ᠨᠠᠮ ᠤᠨ ᠠᠷᠪᠡ ᠶᠢᠰᠦᠳᠦᠬᠡᠷ ᠶᠡᠭᠡ ᠬᠤᠷᠡᠯ ᠤᠨ ᠢᠯᠡᠳᠬᠡᠯ‌‍ᠳᠥ᠂ ᠤᠯᠤᠰ ᠤᠨ ᠦᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠬᠡ ᠶᠢᠨ ᠬᠠᠮᠢᠶᠠᠷᠦᠯᠳᠡ ᠪᠡ ᠪᠠᠶᠢᠭᠠᠯᠢ ᠶᠢᠨ ᠠᠮᠢ ᠠᠬᠤᠢ ᠶᠢᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠵᠤ᠂ ᠪᠦᠬᠦ ᠠᠷᠡᠳ ᠤᠨ ᠦᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠬᠡ ᠶᠢᠨ ᠦᠮᠴᠢᠯᠡᠭᠴᠢ ᠶᠢᠨ ᠡᠬᠦᠷᠬᠡ ᠬᠠᠷᠢᠭᠤᠴᠠᠯᠭ᠎ᠠ ᠶᠢ ᠨᠢᠭᠡᠳᠦᠯᠳᠡᠢ ᠬᠡᠷᠡᠭᠵᠢᠬᠦᠯᠤᠨ᠂ ᠪᠦᠬᠦᠶᠢᠢᠯᠡ ᠨᠤᠳᠤᠭ ᠳᠡᠪᠢᠰᠬᠡᠷ ᠤᠨ ᠤᠷᠤᠨ ᠵᠠᠢ ᠶᠢᠨ ᠬᠡᠷᠡᠭᠯᠡᠭᠡ ᠶᠢᠨ ᠬᠠᠮᠢᠶᠡᠷᠦᠯᠳᠡ ᠪᠡ ᠠᠮᠢ ᠠᠬᠤᠢ ᠶᠢ ᠬᠠᠮᠠᠭᠠᠯᠠᠨ ᠰᠠᠷᠬᠦᠬᠡᠬᠦ ᠡᠬᠦᠷᠬᠡ ᠬᠠᠷᠢᠭᠤᠴᠠᠯᠭ᠎ᠠ ᠶᠢ ᠨᠢᠬᠡᠳᠦᠯᠳᠡᠢ ᠬᠡᠷᠡᠭᠵᠢᠬᠦᠯᠵᠦ᠂ ᠬᠤᠳᠠ ᠪᠠᠯᠭᠠᠰᠤᠨ ᠤ ᠡᠯ᠎ᠠ ᠵᠦᠢᠯ ᠤᠨ ᠪᠤᠬᠢᠷᠳᠦᠯ ᠢ ᠭᠠᠳᠠᠭᠰᠢᠯᠠᠭᠤᠯᠬᠤ ᠪᠡ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠡᠬᠦᠷᠬᠡ ᠬᠠᠷᠢᠭᠤᠴᠠᠯᠭ᠎ᠠ ᠶᠢ ᠬᠢᠨᠠᠨ ᠬᠠᠮᠢᠶᠠᠷᠬᠤ ᠶᠢ ᠨᠢᠬᠡᠳᠦᠯᠳᠡᠢ ᠬᠡᠷᠡᠭᠵᠢᠭᠦᠯᠦᠨ᠎ᠠ ᠬᠡᠵᠦ ᠲᠤᠷᠠᠳᠴᠠᠢ᠃      ᠳᠦᠷᠦ ᠶᠢᠨ ᠶᠠᠪᠤᠳᠠᠯ ᠤᠨ ᠬᠤᠷᠢᠶ᠎ᠠ ᠶᠢᠨ ᠬᠦᠭᠵᠢᠬᠦᠯᠦᠯᠳᠡ ᠶᠢᠨ ᠰᠤᠳᠤᠯᠭᠠᠨ ᠤ ᠳᠦᠪ ᠤᠨ ᠡᠬᠢ ᠪᠠᠶᠠᠯᠢᠭ ᠪᠡ ᠤᠷᠴᠢᠨ ᠳᠤᠭᠤᠷᠢᠨ ᠤ ᠳᠦᠷᠦ ᠶᠢᠨ ᠪᠤᠳᠤᠯᠭ᠎ᠠ ᠶᠢᠨ ᠰᠤᠳᠤᠯᠭᠠᠨ ᠤ ᠭᠠᠵᠠᠷ ᠤᠨ ᠳᠠᠳ᠋ ᠳᠠᠷᠤᠭ᠎ᠠ ᠯᠢ ᠽᠦᠸᠧ ᠵᠢᠶᠦ᠋ᠨ ᠬᠡᠯᠡᠬᠦ ᠳᠡᠭᠡᠨ᠂ ᠠᠭᠤᠯᠡ ᠤᠰᠤ ᠤᠢ ᠰᠢᠭᠤᠢ ᠬᠡᠬᠡᠷ᠎ᠠ ᠲᠠᠯ᠎ᠠ ᠨᠠᠭᠤᠷ ᠭᠤᠤᠯ ᠨᠢ ᠨᠢᠬᠡᠨ ᠪᠦᠷᠢᠨ ᠳᠦᠬᠦᠷ ᠠᠮᠢ ᠠᠬᠤᠢ ᠶᠢᠨ ᠰᠢᠰᠲ᠋ᠧᠮ ᠪᠤᠯᠬᠤ ᠶᠤᠮ᠂ ᠭᠡᠪᠡᠴᠤ ᠤᠳᠤ ᠶᠢᠨ ᠤᠯᠠᠨ ᠲᠠᠯ᠎ᠠ ᠶᠢᠨ ᠬᠢᠨᠠᠨ ᠬᠠᠮᠢᠶᠠᠷᠤᠯᠳᠠ ᠨᠢ ᠬᠠᠮᠠᠭᠠᠯᠠᠬᠤ ᠬᠠᠷᠠᠯᠳᠠ ᠶᠢ ᠪᠡᠶᠡᠯᠡᠬᠦᠯᠬᠦ ᠶᠢ ᠨᠦᠯᠦᠭᠡᠯᠡᠵᠤ ᠪᠠᠶᠢᠨ᠎ᠠ ᠬᠡᠵᠡᠢ᠃      ᠪᠡᠬᠡᠵᠢᠩ ᠬᠤᠳᠠ ᠶᠢᠨ ᠤᠷᠴᠢᠨ ᠳᠤᠭᠤᠷᠢᠨ ᠢ ᠬᠠᠮᠠᠭᠠᠯᠠᠬᠤ ᠬᠢᠨᠠᠨ ᠬᠡᠮᠵᠢᠬᠦ ᠳᠦᠪ ᠤᠨ ᠠᠭᠠᠷ ᠮᠠᠨᠳᠠᠯ ᠤᠨ ᠳᠠᠰᠤᠭ ᠤᠨ ᠡᠷᠬᠢᠯᠡᠭᠴᠢ ᠯᠢ ᠶᠦᠨ ᠳᠢᠩ ᠳᠦᠯᠦᠬᠡᠯᠡᠭᠴᠢ ᠶᠢᠨ ᠦᠵᠡᠬᠦ ᠪᠠᠷ᠂ ᠡᠨᠡᠬᠦ ᠦᠵᠦ ᠳᠦᠯᠦᠪᠯᠡᠭᠡ ᠨᠢ ᠪᠠᠶᠢᠭᠤᠯᠤᠮᠵᠢ ᠶᠢᠨ ᠴᠢᠳᠠᠪᠤᠷᠢ ᠶᠢ ᠨᠡᠶᠢᠳᠬᠡᠵᠦ᠂ ᠬᠦᠴᠦ ᠪᠠᠨ ᠬᠠᠮᠳᠤᠳᠬᠠᠨ ᠬᠢᠨᠠᠨ ᠬᠠᠮᠢᠶᠠᠷᠬᠤ ᠶᠢ ᠪᠦᠷᠢᠯᠳᠦᠬᠦᠯᠬᠦ  ᠳᠤ ᠠᠰᠢᠡᠡᠳᠠᠢ ᠪᠠᠶᠢᠳᠠᠭ᠃ ᠡᠨᠡ ᠨᠢ᠂ ᠢᠯᠡᠳᠬᠡᠯ ᠳᠤ ᠵᠢᠭᠠᠵᠦ ᠭᠠᠷᠭᠠᠭᠰᠠᠨ ︽ᠡᠨᠡ ᠦᠶ᠎ᠠ ᠶᠢᠨ ᠬᠦᠮᠦᠰ ᠬᠠᠮᠳᠤᠪᠡᠷ ᠴᠢᠷᠮᠠᠶᠢᠨ ᠠᠮᠢ ᠠᠬᠤᠢ ᠶᠢᠨ ᠤᠷᠴᠢᠨ ᠳᠤᠭᠤᠷᠢᠨ ᠢᠶᠠᠨ ᠬᠠᠮᠠᠭᠠᠯᠠᠬᠤ︾ ᠶᠢᠨ ᠰᠢᠢᠳᠪᠤᠷᠢ ᠪᠡ ᠤᠶ ᠤᠬᠠᠭᠠᠨ ᠢ ᠬᠦᠢᠴᠡᠳ ᠢᠯᠡᠷᠡᠬᠦᠯᠵᠡᠢ᠃      ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠦᠬᠡᠷᠡᠴᠢᠯᠡᠯᠳᠡ᠄ ᠮᠤᠵᠢ ᠬᠤᠳᠠ ᠰᠢᠶᠡᠨ ᠨᠢ ᠡᠬᠦᠷᠬᠡ ᠴᠢᠳᠠᠪᠬᠢ ᠤᠶᠢᠷᠠᠯᠴᠠᠭ᠎ᠠ ᠨᠠᠮ ᠵᠠᠰᠠᠭ ᠤᠨ ᠪᠠᠶᠢᠭᠤᠯᠭ᠎ᠠ ᠳᠤ ᠨᠡᠶᠢᠯᠡᠭᠦᠯᠬᠦ ᠪᠡ ᠬᠠᠮᠳᠤᠷᠡᠨ ᠠᠯᠪᠠᠯᠠᠬᠤ ᠶᠢ ᠰᠦᠪᠡᠭᠴᠢᠯᠡᠨ᠎ᠠ      ᠨᠠᠮ ᠤᠨ ᠠᠷᠪᠡ ᠶᠢᠰᠦᠳᠦᠭᠡᠷ ᠶᠡᠭᠡ ᠬᠤᠷᠡᠯ ᠤᠨ ᠢᠯᠡᠳᠬᠡᠯ ᠳᠤ᠂ ᠮᠤᠵᠢ ᠶᠢᠨ ᠳᠡᠰ ᠵᠢᠴᠢ ᠳᠡᠬᠦᠨ ᠠᠴᠠ ᠳᠤᠷᠤᠭᠰᠢᠬᠢ ᠵᠠᠰᠠᠭ ᠤᠨ ᠤᠷᠳᠦᠨ ᠳᠤ ᠨᠡᠩ ᠤᠯᠠᠨ ᠡᠵᠡᠨ ᠮᠡᠳᠡᠬᠦ ᠡᠷᠬᠡ ᠶᠢ ᠤᠯᠭᠤᠨ᠎ᠠ᠃ ᠮᠤᠵᠢ ᠬᠤᠳᠠ ᠰᠢᠶᠡᠨ  ᠤ ᠡᠬᠦᠷᠬᠡ ᠴᠢᠳᠠᠪᠬᠢ ᠤᠶᠢᠷᠠᠯᠴᠠᠭ᠎ᠠ ᠨᠠᠮ ᠵᠠᠰᠠᠭ ᠤᠨ ᠪᠠᠶᠢᠭᠤᠯᠭ᠎ᠠ ᠳᠤ ᠨᠡᠶᠢᠯᠡᠭᠦᠯᠵᠦ ᠪᠠᠶᠢᠭᠤᠯᠬᠤ ᠪᠤᠶᠤ ᠡᠰᠡᠬᠦᠯ᠎ᠠ ᠬᠠᠮᠳᠤᠷᠡᠨ ᠠᠯᠪᠠᠯᠠᠬᠤ ᠶᠢ ᠰᠦᠪᠡᠭᠴᠢᠯᠡᠨ᠎ᠠ᠃      ︽ᠡᠨᠡ ᠬᠤᠶᠡᠷ ᠳᠦᠷᠦᠯ ᠤᠨ ᠦᠬᠡᠷᠡᠴᠢᠯᠡᠯᠳᠡ ᠶᠢᠨ ᠠᠷᠭ᠎ᠠ ᠬᠡᠮᠵᠢᠶ᠎ᠠ ᠪᠤᠯ ᠤᠯᠤᠰ ᠤᠨ ᠵᠠᠰᠠᠯᠳᠠ ᠶᠢᠨ ᠰᠢᠰᠲ᠋ᠧᠮ ᠤᠨ ᠤᠳᠤᠬᠢᠴᠢᠯᠠᠯᠳᠠ ᠳᠤ ᠵᠤᠬᠢᠴᠠᠬᠤ ᠴᠢᠬᠤᠯᠡ ᠠᠭᠤᠯᠭ᠎ᠠ ᠪᠤᠯᠤᠨ᠎ᠠ︾᠃ ᠮᠤᠵᠢ ᠶᠢᠨ ᠳᠡᠰ ᠵᠢᠴᠢ ᠳᠡᠬᠦᠨ ᠠᠴᠠ ᠳᠤᠷᠤᠭᠰᠢᠬᠢ ᠤᠷᠤᠨ ᠨᠤᠳᠤᠭ ᠤᠨ ᠵᠠᠰᠠᠭ ᠤᠨ ᠤᠷᠳᠦᠨ ᠳᠤ ᠨᠡᠩ ᠤᠯᠠᠨ ᠡᠵᠡᠨ ᠮᠡᠳᠡᠬᠦ ᠡᠷᠬᠡ ᠶᠢ ᠤᠯᠭᠤᠬᠤ ᠨᠢ ᠤᠳᠤᠬᠠᠨ ᠤ ᠮᠠᠨ ᠤ ᠤᠯᠤᠰ ᠤᠨ ᠡᠯ᠎ᠠ ᠭᠠᠵᠠᠷ ᠤᠷᠤᠨ ᠤ ᠬᠦᠭᠵᠢᠯᠳᠡ ᠳᠡᠩᠴᠡᠬᠦᠷᠢ ᠦᠬᠡᠢ ᠬᠦᠢᠴᠡᠳ ᠦᠬᠡᠢ ᠪᠠᠶᠢᠳᠠᠯ ᠢ ᠨᠡᠩ ᠰᠠᠶᠢᠨ ᠨᠡᠩ ᠬᠠᠨᠳᠤᠯᠭᠠᠳᠦ ᠴᠢᠨᠡᠷᠳᠡᠢ ᠰᠢᠢᠳᠪᠤᠷᠢᠯᠡᠬᠦ ᠪᠤᠯᠤᠨ᠎ᠠ᠃ ᠨᠠᠮ ᠵᠠᠰᠠᠭ  ᠤᠨ ᠪᠠᠶᠢᠭᠤᠯᠭ᠎ᠠ ᠨᠡᠶᠢᠯᠡᠭᠦᠯᠵᠦ ᠪᠠᠶᠢᠭᠤᠯᠬᠤ ᠪᠤᠶᠤ ᠡᠰᠡᠬᠦᠯ᠎ᠠ ᠬᠠᠮᠳᠤᠷᠡᠨ ᠠᠯᠪᠠᠯᠠᠬᠤ ᠶᠢ ᠰᠦᠪᠡᠭᠴᠢᠯᠡᠬᠦ ᠨᠢ ᠦᠨᠳᠦᠰᠦᠨ ᠱᠠᠳᠦᠨ ᠤ ᠨᠠᠮ ᠵᠠᠰᠠᠭ ᠤᠨ ᠪᠠᠶᠢᠭᠤᠯᠤᠮᠵᠢ ᠶᠢᠨ ᠠᠳᠠᠯᠢᠪᠳᠦᠷ ᠳᠠᠪᠬᠤᠴᠠᠭᠰᠠᠨ᠂ ᠠᠵᠢᠯ ᠤᠨ ᠬᠤᠪᠢᠶᠡᠷᠢ ᠳᠤᠳᠤ ᠪᠤᠰᠦ᠂ ᠬᠦᠮᠦᠨ ᠬᠡᠳᠦ ᠤᠯᠠᠨ ᠵᠡᠷᠬᠡ ᠠᠰᠠᠭᠤᠳᠠᠯ ᠢ ᠰᠢᠢᠳᠪᠤᠷᠢᠯᠡᠬᠦ ᠳᠤ ᠠᠰᠢᠭᠳᠠᠢ ᠬᠡᠵᠦ ᠳᠤᠮᠳᠠᠳᠦ ᠤᠯᠤᠰ ᠤᠨ ᠠᠷᠡᠳ ᠤᠨ ᠶᠡᠭᠡ ᠰᠤᠷᠭᠠᠭᠤᠯᠢ ᠶᠢᠨ ᠤᠯᠤᠰ ᠤᠨ ᠬᠦᠭᠵᠢᠬᠦᠯᠦᠯᠳᠡ ᠪᠤᠯᠤᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠯᠢᠦ ᠫᠧᠩ ᠢᠯᠡᠷᠬᠡᠶᠢᠯᠡᠵᠡᠢ᠃      ︽ᠦᠨᠳᠦᠰᠦᠨ ᠱᠠᠳᠦᠨ ᠤ ᠨᠠᠮ ᠵᠠᠰᠠᠭ ᠤᠨ ᠪᠠᠶᠢᠭᠤᠯᠭ᠎ᠠ ᠨᠡᠶᠢᠯᠡᠭᠦᠯᠵᠦ ᠪᠠᠶᠢᠭᠤᠯᠬᠤ ᠪᠤᠶᠤ ᠡᠰᠡᠬᠦᠯ᠎ᠠ ᠬᠠᠮᠳᠤᠷᠡᠨ ᠠᠯᠪᠠᠯᠠᠬᠤ ᠶᠢ ᠰᠦᠪᠡᠭᠴᠢᠯᠡᠬᠦ ᠨᠢ ᠠᠵᠢᠯ ᠤᠨ ᠶᠠᠪᠤᠴᠠ ᠶᠢ ᠰᠢᠯᠢᠳᠡᠭᠵᠢᠬᠦᠯᠦᠨ ᠴᠤᠮᠬᠠᠳᠬᠠᠬᠤ ᠳᠤ ᠠᠰᠢᠭᠳᠠᠢ ᠪᠠᠶᠢᠵᠤ᠂ ᠠᠵᠢᠯ ᠤᠨ ᠨᠤᠷᠮ᠎ᠠ ᠶᠢ ᠳᠡᠬᠡᠭᠰᠢᠯᠡᠬᠦᠯᠦᠨ᠎ᠠ︾ ᠬᠡᠵᠦ ᠾᠧᠨᠡᠨ ᠮᠤᠵᠢ ᠶᠢᠨ ᠯᠠᠨ ᠺᠤᠤ ᠰᠢᠶᠡᠨ  ᠤ ᠨᠠᠮ ᠤᠨ ᠬᠤᠷᠢᠶ᠎ᠠ ᠶᠢᠨ ᠱᠦᠵᠢ ᠼᠠᠢ ᠰᠦᠩ ᠲᠤᠤ ᠳᠦᠯᠦᠬᠡᠯᠡᠭᠴᠢ ᠬᠡᠯᠡᠨ᠎ᠠ᠃      ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠭᠦᠨᠵᠡᠭᠡᠶᠢᠷᠡᠭᠦᠯᠬᠦ᠄ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠳᠤᠷᠰᠢᠯᠳᠡ ᠶᠢᠨ ᠴᠢᠭ᠋ ᠢ ᠪᠦᠬᠦ ᠤᠯᠤᠰ ᠲᠤ ᠳᠡᠯᠬᠡᠷᠡᠬᠦᠯᠦᠨ᠎ᠠ      ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠢᠯᠡᠳᠬᠡᠯ ᠳᠤ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠳᠤᠷᠰᠢᠯᠳᠡ ᠶᠢᠨ ᠴᠢᠭ᠋ ᠤᠨ ᠠᠵᠢᠯ ᠢ ᠪᠦᠬᠦ ᠤᠯᠤᠰ ᠲᠤ ᠳᠡᠯᠬᠡᠷᠡᠬᠦᠯᠦᠨ᠎ᠠ︔ ᠤᠯᠤᠰ ᠤᠨ ᠬᠢᠨᠠᠨ ᠪᠠᠶᠢᠴᠠᠭᠠᠬᠤ ᠬᠠᠤᠯᠢ ᠶᠢ ᠳᠤᠭᠳᠠᠭᠠᠵᠦ᠂ ᠬᠢᠨᠠᠨ ᠪᠠᠶᠢᠴᠠᠭᠠᠬᠤ ᠵᠦᠪᠯᠡᠯ ᠳᠤ ᠡᠬᠦᠷᠬᠡ ᠬᠠᠷᠢᠭᠤᠴᠠᠯᠭ᠎ᠠ ᠶᠢᠨ ᠡᠷᠬᠡ ᠮᠡᠳᠡᠯ ᠪᠡ ᠪᠠᠶᠢᠴᠠᠭᠠᠬᠤ ᠠᠷᠭ᠎ᠠ ᠪᠠᠷᠢᠯ ᠢ ᠬᠠᠤᠯᠢ ᠶᠤᠰᠤᠭᠠᠷ ᠤᠯᠭᠤᠵᠦ᠂ ᠬᠤᠴᠤᠷᠭᠠᠨ ᠠᠪᠬᠤ ᠪᠠᠷ ︽ᠬᠤᠤᠰ ᠳᠦᠷᠢᠮ︾ ᠤᠨ ᠠᠷᠭ᠎ᠠ ᠬᠡᠮᠵᠢᠶ᠎ᠠ ᠶᠢ ᠤᠷᠤᠯᠠᠭᠤᠯᠤᠨ᠎ᠠ ᠬᠡᠵᠦ ᠳᠤᠷᠠᠳᠴᠠᠢ᠃      ᠤᠳᠤᠬᠠᠨ ᠳᠤ᠂ ᠪᠡᠬᠡᠵᠢᠩ᠂ ᠱᠠᠨ ᠰᠢ᠂ ᠵᠧᠵᠢᠶᠡᠩ ᠭᠤᠷᠪᠡᠨ ᠮᠤᠵᠢ ᠬᠤᠳᠠ ᠨᠢ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠳᠤᠷᠰᠢᠯᠳᠡ ᠶᠢᠨ ᠴᠢᠭ᠋ ᠤᠨ ᠡᠬᠦᠷᠬᠡ ᠶᠢ ᠨᠢᠬᠡᠨᠳᠡ ᠪᠦᠬᠦ ᠳᠠᠯ᠎ᠠ ᠪᠠᠷ ᠪᠡᠶᠡᠯᠡᠬᠦᠯᠵᠦ᠂ ᠬᠤᠶᠢᠰᠢᠳᠠ ᠶᠢᠨ ᠦᠬᠡᠷᠡᠴᠢᠯᠡᠯᠳᠡ ᠶᠢ ᠳᠦᠯᠬᠢᠨ ᠠᠬᠢᠭᠤᠯᠬᠤ ᠳᠤ ᠪᠠᠶᠠᠯᠢᠭ ᠳᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃      ︽ᠢᠯᠡᠳᠭᠡᠯ ᠳᠤ ᠳᠤᠷᠠᠳᠤᠭᠰᠠᠨ ᠬᠤᠯᠪᠤᠭᠳᠠᠯ ᠪᠦᠬᠦᠢ ᠦᠬᠡᠷᠡᠴᠢᠯᠡᠯᠳᠡ ᠶᠢᠨ ᠠᠷᠭ᠎ᠠ ᠬᠡᠮᠵᠢᠶ᠎ᠠ ᠪᠤᠯ ᠡᠮᠤᠨᠡᠬᠢ ᠬᠤᠭᠤᠴᠠᠭᠠᠨ ᠤ ᠳᠤᠷᠰᠢᠯᠳᠡ ᠶᠢᠨ ᠴᠢᠭ᠋ ᠤᠨ ᠳᠤᠷᠰᠢᠯᠭ᠎ᠠ ᠶᠢᠨ ᠤᠯᠠᠮ ᠨᠢᠬᠡ ᠠᠯᠬᠤᠮ ᠤᠨ ᠳ᠋ᠦᠩᠨᠡᠯᠲᠡ ᠪᠡ ᠲᠤᠳᠤᠷᠬᠠᠶᠢᠯᠠᠯ ᠶᠤᠮ᠂ ᠮᠦᠨ ᠴᠦ ᠬᠠᠤᠯᠢ ᠳᠤᠭᠳᠠᠭᠠᠬᠤ ᠪᠠᠷ ᠳᠠᠮᠵᠢᠨ ᠦᠬᠡᠷᠡᠴᠢᠯᠡᠯᠳᠡ ᠶᠢ ᠳᠦᠯᠬᠢᠨ ᠠᠬᠢᠭᠤᠯᠬᠤ ᠶᠢ ᠦᠨᠳᠦᠰᠦᠨ ᠠᠴᠠ ᠨᠢ ᠪᠠᠳᠤᠯᠠᠵᠦ ᠪᠠᠶᠢᠨ᠎ᠠ︾᠃ ᠵᠢᠱᠢᠶᠡᠯᠡᠪᠡᠯ᠂ ᠬᠤᠴᠤᠷᠭᠠᠨ ᠠᠪᠬᠤ ᠪᠤᠯ ᠳᠠᠷᠦᠢ ᠡᠬᠦᠨ ᠠᠴᠠ ᠡᠮᠦᠨᠡᠬᠢ ᠭᠤᠷᠪᠡᠨ ᠭᠠᠵᠠᠷ ᠤᠨ ᠳᠤᠷᠰᠢᠯᠳᠡ ᠶᠢᠨ ᠴᠢᠭ᠋ ᠤᠨ ᠳᠦᠰᠦᠯ ᠳᠤᠮᠳᠠᠬᠢ ᠬᠢᠨᠠᠨ ᠪᠠᠶᠢᠴᠠᠭᠠᠬᠤ ᠵᠦᠪᠯᠡᠯ ᠳᠤ ᠤᠯᠭᠤᠭᠰᠠᠨ ᠠᠪᠴᠦ ᠪᠤᠯᠬᠤ ᠨᠢᠬᠡ ᠵᠦᠢᠯ ᠤᠨ ᠠᠷᠭ᠎ᠠ ᠬᠡᠮᠵᠢᠶ᠎ᠠ ᠪᠤᠯᠤᠨ᠎ᠠ ᠬᠡᠵᠦ ᠪᠡᠬᠡᠵᠢᠩ ᠶᠡᠭᠡ ᠰᠤᠷᠭᠠᠭᠤᠯᠢ ᠶᠢᠨ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠤᠳᠤᠯᠭᠠᠨ ᠤ ᠳᠦᠪ ᠤᠨ ᠳᠡᠳ᠋ ᠡᠷᠬᠢᠯᠡᠭᠴᠢ ᠵᠤᠸᠠᠩ ᠳ᠋ᠧ ᠱᠦᠢ ᠬᠡᠯᠡᠵᠡᠢ᠃      ᠳᠦᠪ ᠤᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠶᠠᠮᠤᠨ ᠤ ᠰᠠᠶᠢᠳ ᠶᠠᠩ ᠰᠢᠶᠦᠦ ᠳ᠋ᠦ᠋ ᠳᠦᠯᠦᠬᠡᠯᠡᠭᠴᠢ ᠨᠠᠮ ᠤᠨ ᠠᠷᠪᠡ ᠶᠢᠰᠦᠳᠦᠬᠡᠷ ᠶᠡᠭᠡ ᠬᠤᠷᠡᠯ ᠤᠨ ᠰᠤᠷᠪᠤᠯᠵᠢᠯᠠᠭᠴᠢ ᠶᠢᠨ ᠳᠠᠶᠢᠯᠠᠯᠭ᠎ᠠ ᠳᠡᠬᠡᠷ᠎ᠠ ᠢᠯᠡᠷᠬᠡᠶᠢᠯᠡᠬᠦ ᠳᠡᠭᠡᠨ᠂ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠤᠤᠷ᠎ᠠ᠂ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ ᠪᠡ ᠬᠢᠨᠠᠨ ᠪᠠᠶᠢᠴᠠᠭᠠᠬᠤ ᠵᠦᠪᠯᠡᠯ ᠨᠢ ᠬᠠᠮᠳᠤᠷᠡᠨ ᠠᠯᠪᠠᠯᠠᠬᠤ ᠨᠢ ᠨᠠᠮ ᠤᠨ ᠤᠳᠤᠷᠢᠳᠤᠭᠰᠠᠨ ᠨᠠᠮ ᠤᠨ ᠳᠤᠳᠤᠭᠠᠳᠤ ᠶᠢᠨ ᠬᠢᠨᠠᠯᠳᠠ ᠳᠠᠯᠪᠢᠬᠤ ᠪᠡ ᠤᠯᠤᠰ ᠤᠨ ᠬᠢᠨᠡᠯᠳᠡ ᠳᠠᠯᠪᠢᠬᠤ ᠶᠢᠨ ᠤᠷᠭᠠᠨᠢᠭ ᠨᠢᠬᠡᠳᠦᠯ ᠢ ᠬᠦᠢᠴᠡᠳ ᠬᠠᠷᠠᠭᠤᠯᠪᠠ ᠬᠡᠵᠡᠢ᠃      ᠺᠠᠳ᠋ᠷ ᠢ ᠬᠢᠨᠠᠨ ᠦᠨᠡᠯᠡᠬᠦ ᠳᠤᠭᠳᠠᠴᠠ ᠶᠢ ᠳᠡᠬᠦᠯᠳᠡᠷᠵᠢᠬᠦᠯᠬᠦ᠄ ᠴᠢᠩᠭ᠎ᠠ ᠬᠠᠮᠢᠶᠠᠷᠬᠤ ᠪᠡ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠵᠦ᠂ ᠤᠷᠮᠠᠰᠢᠭᠤᠯᠬᠤ ᠪᠡ ᠬᠢᠵᠠᠭᠠᠷᠯᠠᠬᠤ ᠶᠢ ᠵᠡᠷᠬᠡᠪᠡᠷ ᠴᠢᠬᠤᠯᠠᠴᠢᠯᠡᠨ᠎ᠠ      ᠨᠠᠮ ᠤᠨ ᠠᠷᠪᠡ ᠶᠢᠰᠦᠳᠦᠬᠡᠷ ᠶᠡᠭᠡ ᠬᠤᠷᠡᠯ ᠳᠤ᠂ ᠴᠢᠩᠭ᠎ᠠ ᠬᠠᠮᠢᠶᠠᠷᠬᠤ ᠪᠡ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠵᠦ᠂ ᠤᠷᠮᠠᠰᠢᠭᠤᠯᠬᠤ ᠪᠡ ᠬᠢᠵᠠᠭᠠᠷᠯᠠᠬᠤ ᠶᠢ ᠵᠡᠷᠬᠡᠪᠡᠷ ᠴᠢᠬᠤᠯᠠᠴᠢᠯᠡᠬᠤ ᠶᠢ ᠪᠠᠷᠢᠮᠳᠠᠯᠠᠵᠦ᠂ ᠺᠠᠳ᠋ᠷ ᠢ ᠬᠢᠨᠠᠨ ᠦᠨᠡᠯᠡᠬᠦ ᠳᠤᠭᠳᠠᠴᠠ ᠶᠢ ᠳᠡᠬᠦᠯᠳᠡᠷᠵᠢᠬᠦᠯᠦᠨ᠂ ᠤᠷᠮᠠᠰᠢᠭᠤᠯᠬᠤ ᠳᠤᠭᠳᠠᠴᠠ ᠪᠤᠯᠤᠨ ᠠᠯᠳᠠᠭ᠎ᠠ ᠪᠤᠷᠤᠭᠤ ᠶᠢ ᠪᠠᠭᠳᠠᠭᠠᠬᠤ ᠪᠠ ᠵᠠᠯᠠᠷᠠᠭᠤᠯᠬᠤ ᠲᠤᠬᠳᠠᠴᠠ ᠶᠢ ᠪᠠᠶᠢᠭᠤᠯᠵᠤ᠂ ᠳᠤᠭ ᠳᠡᠮᠳᠡᠭ ᠳᠤᠳᠤᠷᠬᠠᠢ ᠪᠠᠷ ᠳᠡᠳᠡᠬᠡᠷ ᠵᠤᠷᠢᠭᠳᠠᠢ ᠪᠠᠷ ᠬᠠᠷᠢᠭᠤᠴᠠᠯᠭ᠎ᠠ ᠡᠬᠦᠷᠬᠡᠯᠡᠳᠡᠭ᠂ ᠯᠠᠪᠳᠠᠭᠤᠨ ᠪᠠᠳᠤᠳᠠᠢ ᠪᠠᠷ ᠠᠵᠢᠯᠯᠠᠳᠠᠭ᠂ ᠬᠤᠪᠢ ᠶᠢᠨ ᠠᠰᠢᠭ ᠳᠤᠰᠠ ᠪᠠᠨ ᠪᠤᠳᠤᠳᠠᠭ ᠦᠬᠡᠢ ᠺᠠᠳ᠋ᠷᠴᠤᠳ ᠲᠤ ᠳᠦᠰᠢᠭ ᠵᠤᠷᠢᠭᠵᠢᠭᠤᠯᠤᠯ ᠪᠤᠯᠬᠤ ᠬᠡᠷᠡᠭᠳᠡᠢ ᠬᠡᠵᠦ ᠳᠤᠷᠡᠳᠴᠠᠢ᠃      ︽ᠢᠳᠡᠬᠡᠯ ᠬᠦᠰᠡᠯ ᠤᠨ ᠤᠯᠤᠰ ᠲᠦᠷᠦ ᠦᠵᠡᠯ ᠰᠠᠨᠠᠭ᠎ᠠ ᠶᠢᠨ ᠰᠤᠷᠭᠠᠨ ᠬᠦᠮᠦᠵᠢᠯ ᠢ ᠴᠢᠩᠭᠠᠳᠬᠠᠨ᠂ ᠰᠠᠬᠢᠯᠭ᠎ᠠ ᠪᠠᠳᠦ ᠶᠢᠨ ᠬᠡᠷᠡᠭᠵᠢᠬᠦᠯᠦᠯᠳᠡ ᠶᠢ ᠴᠢᠩᠭᠠᠷᠠᠭᠤᠯᠤᠨ᠎ᠠ᠃ ᠺᠠᠳ᠋ᠷ ᠢ ᠰᠢᠯᠢᠨ ᠳᠡᠪᠰᠢᠬᠦᠯᠬᠦ ᠠᠵᠢᠯ ᠢ ᠴᠢᠩᠭ᠎ᠠ ᠠᠳᠬᠤᠵᠦ᠂ ᠠᠰᠠᠭᠤᠳᠠᠯ ᠲᠠᠢ ᠪᠠᠶᠢᠲᠠᠯ᠎ᠠ ᠰᠢᠯᠢᠨ ᠲᠡᠪᠰᠢᠭᠦᠯᠬᠦ ᠶᠢ ᠡᠷᠡᠰ ᠬᠤᠷᠢᠡᠡᠯᠠᠨ᠎ᠠ︾᠃ ᠦᠬᠡᠷᠡᠴᠢᠯᠡᠯᠳᠡ ᠨᠢ ᠢᠯᠠᠭᠳᠠᠯ ᠳᠤ ᠪᠠᠭᠳᠠᠭᠠᠮᠵᠢᠳᠡᠢ ᠬᠠᠨᠳᠤᠪᠡᠯ ᠰᠠᠶ᠋ᠢ ᠦᠷᠬᠡᠨ ᠤᠯᠠᠨ ᠺᠠᠳ᠋ᠷᠴᠤᠳ ᠤᠨ ᠰᠢᠨ᠎ᠠ ᠶᠢ ᠡᠬᠦᠳᠬᠦ ᠪᠡ ᠡᠷᠡᠮᠡᠬᠡᠶᠢᠯᠡᠨ ᠳᠡᠮᠡᠴᠡᠬᠦ ᠢᠳᠡᠪᠬᠢᠳᠦ ᠴᠢᠨᠡᠷ ᠪᠡ ᠰᠠᠨᠠᠭᠠᠴᠢᠯᠠᠭᠠᠳᠦ ᠴᠢᠨᠡᠷ ᠢ ᠬᠦᠭᠵᠢᠬᠡᠵᠦ ᠳᠡᠶᠢᠯᠦᠨ᠎ᠡ᠃ ᠡᠯ᠎ᠠ ᠱᠠᠳᠦᠨ ᠤ ᠨᠠᠮ ᠤᠨ ᠵᠤᠬᠢᠶᠡᠨ ᠪᠠᠶᠢᠭᠤᠯᠤᠯᠲᠠ ᠶᠢᠨ ᠪᠤᠳᠠᠳᠠᠢ᠂ ᠪᠦᠷᠢᠨ ᠳᠦᠬᠦᠷ ᠳᠤᠭᠳᠠᠴᠠ ᠶᠢ ᠤᠯᠠᠮ ᠨᠢᠬᠡ ᠠᠯᠬᠤᠮ ᠨᠠᠷᠢᠯᠢᠭᠵᠢᠭᠤᠯᠬᠤ ᠶᠢ ᠱᠠᠭᠠᠷᠳᠠᠨ᠎ᠠ ᠬᠡᠵᠦ ᠤᠯᠤᠰ ᠤᠨ ᠵᠠᠰᠠᠭ ᠵᠠᠬᠢᠷᠭᠠᠨ ᠤ ᠳᠡᠬᠡᠳᠦ ᠰᠤᠷᠭᠠᠭᠤᠯᠢ ᠶᠢᠨ ᠫᠷᠤᠹᠧᠰᠰᠤᠷ ᠵᠦ ᠯᠢ ᠵᠢᠶᠠ ᠢᠯᠡᠷᠬᠡᠶᠢᠯᠡᠵᠡᠢ᠃
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ