ᠲᠥᠪ ᠤᠨ ᠡᠷᠬᠡ ᠶᠢ ᠲᠠᠯᠪᠢᠬᠤ ᠬᠠᠮᠢᠶᠠᠷᠬᠤ ᠦᠢᠯᠡᠴᠢᠯᠡᠬᠦ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠶᠢ ᠲᠦᠷᠭᠡᠳᠬᠡᠵᠦ᠂ ᠵᠠᠰᠠᠭ ᠵᠠᠬᠢᠷᠭᠠᠨ ᠤ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠶᠢᠨ ᠡᠳ᠋ ᠤᠨ | ᠵᠠᠰᠠᠭ ᠤᠨ ᠲᠢᠩᠬᠢᠮ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠳᠦᠷᠢᠮ ᠤᠨ | ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠨ | ᠬᠠᠮᠢᠶᠠᠷᠬᠤ ᠬᠡᠪ ᠵᠠᠭᠪᠤᠷ ᠢ ᠰᠠᠶᠢᠵᠢᠷᠠᠭᠤᠯᠤᠨ ᠪᠦᠷᠢᠨᠰᠢᠭᠦᠯᠪᠡ᠃ 10 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠤᠨ ᠨᠢᠭᠡᠴᠡ ᠶᠢᠨ ᠵᠠᠰᠠᠭ ᠤᠨ ᠣᠷᠳᠣᠨ ᠤ | ᠬᠤᠳᠠᠯᠳᠤᠨ ᠠᠪᠬᠤ ᠶᠠᠪᠤᠳᠠᠯ ᠳᠤ ᠳᠠᠩᠰᠠᠯᠠᠭᠤᠯᠬᠤ ᠳᠦᠷᠢᠮᠲᠦ ᠬᠠᠮᠢᠶᠠᠷᠤᠯᠲᠠ ᠶᠢ ᠬᠡᠷᠡᠭᠵᠢᠭᠦᠯᠪᠡ᠃ ᠵᠠᠰᠠᠭ ᠤᠨ | ᠣᠷᠳᠣᠨ ᠤ ᠬᠤᠳᠠᠯᠳᠤᠨ ᠠᠪᠬᠤ ᠶᠠᠪᠤᠳᠠᠯ ᠳᠤ ᠳᠠᠩᠰᠠᠯᠠᠭᠤᠯᠬᠤ ᠳᠦᠷᠢᠮᠲᠦ ᠬᠠᠮᠢᠶᠠᠷᠤᠯᠲᠠ ᠶᠢ ᠬᠡᠷᠡᠭᠵᠢᠭᠦᠯᠬᠦ ᠶᠢᠨ | ᠭᠤᠣᠯ ᠠᠭᠤᠯᠭ᠎ᠠ ᠪᠤᠯ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ ᠬᠤᠳᠠᠯᠳᠤᠨ ᠠᠪᠤᠭᠰᠠᠨ ᠵᠠᠰᠠᠭ ᠤᠨ | ᠣᠷᠳᠣᠨ ᠤ ᠬᠤᠳᠠᠯᠳᠤᠨ ᠠᠪᠬᠤ ᠪᠦᠬᠦᠶᠢᠯᠡ ᠶᠠᠪᠤᠳᠠᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ | ᠵᠥᠪᠰᠢᠶᠡᠷᠡᠭᠦᠯᠦᠭᠰᠡᠨ ᠤ ᠲᠠᠷᠠᠭ᠎ᠠ ᠦᠪᠡᠷᠲᠡᠭᠡᠨ ᠪᠦᠷᠢᠳᠬᠡᠨ ᠳᠠᠩᠰᠠᠯᠠᠨ᠎ᠠ︔ ᠵᠠᠰᠠᠭ ᠤᠨ ᠣᠷᠳᠣᠨ ᠤ ᠬᠢᠵᠠᠭᠠᠷᠲᠤ | ᠲᠤᠭ᠎ᠠ ᠠᠴᠠ ᠳᠣᠷᠣᠭᠰᠢᠬᠢ ᠬᠤᠳᠠᠯᠳᠤᠨ ᠠᠪᠬᠤ ᠶᠠᠪᠤᠳᠠᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠴᠢᠩᠭ᠎ᠠ | ᠬᠢᠨᠠᠨ ᠬᠠᠷᠭᠤᠭᠤᠯᠵᠤ᠂ ᠬᠢᠵᠠᠭᠠᠷᠲᠤ ᠲᠤᠭ᠎ᠠ ᠠᠴᠠ ᠳᠡᠭᠡᠭᠰᠢᠬᠢ ᠶᠢ ᠨᠢ ᠡᠳ᠋ ᠤᠨ ᠵᠠᠰᠠᠭ ᠤᠨ ᠰᠠᠯᠠᠭ᠎ᠠ ᠮᠦᠴᠢᠷ | ᠴᠢᠩᠭ᠎ᠠ ᠬᠢᠨᠠᠵᠤ᠂ ᠡᠷᠬᠡ ᠬᠠᠷᠢᠭᠤᠴᠠᠯᠭ᠎ᠠ ᠪᠠᠷ ᠨᠢ ᠠᠵᠢᠯ ᠬᠤᠪᠢᠶᠠᠷᠢᠯᠠᠨ ᠬᠠᠮᠲᠤ ᠪᠠᠷ ᠬᠠᠮᠢᠶᠠᠷᠬᠤ ᠠᠵᠢᠯ ᠤᠨ ᠬᠡᠪ | ᠵᠠᠭᠪᠤᠷ ᠢ ᠪᠠᠶᠢᠭᠤᠯᠤᠨ᠎ᠠ︔ ᠢᠨᠲ᠋ᠧᠷ ᠰᠦᠯᠵᠢᠶ᠎ᠡ + ᠬᠡᠪ ᠵᠠᠭᠪᠤᠷ ᠢ ᠬᠡᠷᠡᠭᠯᠡᠵᠦ᠂ ᠲᠡᠰ ᠳᠡᠪᠰᠢᠭᠦᠯᠦᠭᠰᠡᠨ ᠤ | ᠳᠠᠷᠠᠭᠠᠬᠢ ᠵᠠᠰᠠᠭ ᠤᠨ ᠣᠷᠳᠣᠨ ᠤ ᠬᠤᠳᠠᠯᠳᠤᠨ ᠠᠪᠬᠤ ᠶᠠᠪᠤᠳᠠᠯ ᠤᠨ ᠳᠣᠲᠣᠭᠠᠳᠤ ᠭᠠᠳᠠᠭᠠᠳᠤ ᠶᠢᠨ ᠰᠦᠯᠵᠢᠶᠡᠨ ᠤ | ᠮᠡᠳᠡᠭᠡ ᠵᠠᠩᠭᠢ ᠶᠢ ᠠᠦ᠋ᠲ᠋ᠣᠴᠢᠯᠠᠭᠰᠠᠨ ᠰᠣᠯᠢᠯᠴᠠᠭ᠎ᠠ ᠬᠢᠵᠦ᠂ ᠬᠤᠳᠠᠯᠳᠤᠨ ᠠᠪᠤᠭᠴᠢ᠂ ᠣᠷᠣᠯᠠᠨ ᠭᠦᠢᠴᠡᠳᠬᠡᠬᠦ | ᠪᠠᠶᠢᠭᠤᠯᠤᠮᠵᠢ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ | ᠶᠡᠭᠡ ᠪᠠᠷ ᠳᠥᠭᠦᠮ ᠦᠵᠡᠭᠦᠯᠦᠨ᠎ᠡ᠃ ᠤᠶᠢᠯᠠᠭᠠᠭᠰᠠᠨ ᠢᠶᠠᠷ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠶᠠᠪᠤᠳᠠᠯ ᠳᠤ ᠳᠠᠩᠰᠠᠯᠠᠭᠤᠯᠬᠤ ᠳᠦᠷᠢᠮᠲᠤ ᠬᠠᠮᠢᠶᠠᠷᠤᠯᠲᠠ ᠶᠢ ᠬᠡᠷᠡᠭᠵᠢᠭᠦᠯᠦᠭᠰᠡᠨ ᠤ ᠳᠠᠷᠠᠭ᠎ᠠ ᠵᠠᠰᠠᠭ ᠤᠨ ᠣᠷᠳᠣᠨ ᠤ | ᠬᠤᠳᠠᠯᠳᠤᠨ ᠠᠪᠬᠤ ᠲᠥᠯᠥᠪᠯᠡᠭᠡ ᠶᠢ ᠬᠢᠨᠠᠨ ᠬᠠᠷᠭᠤᠭᠤᠯᠬᠤ ᠶᠠᠪᠤᠴᠠ ᠶᠢ ᠶᠡᠭᠡ ᠪᠠᠷ ᠪᠤᠭᠤᠨᠢᠰᠵᠤ᠂ ᠡᠳ᠋ ᠤᠨ | ᠵᠠᠰᠠᠭ ᠤᠨ ᠪᠡᠯᠡ ᠮᠦᠩᠭᠦ ᠶᠢᠨ ᠵᠠᠷᠤᠯᠭ᠎ᠠ ᠶᠢᠨ ᠠᠬᠢᠴᠠ ᠶᠢ ᠲᠦᠷᠭᠡᠳᠬᠡᠬᠦ ᠳᠤ ᠢᠳᠡᠪᠬᠢᠲᠡᠶ ᠠᠬᠢᠭᠤᠯᠬᠤ ᠦᠢᠯᠡᠳᠦᠯ | ᠦᠵᠡᠭᠦᠯᠬᠦ ᠪᠣᠯᠤᠨ᠎ᠠ᠃ |