ᠲᠦᠷᠦᠭᠦᠭᠡᠨ᠂ ᠰᠤᠷᠪᠤᠯᠵᠢᠯᠠᠭᠴᠢ ᠦᠪᠦᠷ ᠮᠤᠩᠭᠤᠯ ᠤᠨ ᠬᠢᠯᠢ ᠪᠠᠷ ᠤᠷᠤᠭᠤᠯᠵᠤ ᠭᠠᠷᠭᠠᠬᠤ ᠶᠢ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠳᠤᠪᠴᠢᠶ᠎ᠡ ᠠᠴᠠ ᠤᠢᠢᠯᠠᠭᠠᠭᠰᠠᠨ ᠢᠶᠠᠷ᠂ 2017 ᠣᠨ ᠤ ᠲᠦᠷᠦᠬᠦᠤ ᠭᠤᠷᠪᠠᠨ | ᠤᠯᠠᠷᠢᠯ ᠳᠤ ᠮᠠᠨᠵᠤᠤᠷ ᠤᠨ ᠬᠢᠯᠢ ᠪᠠᠷ ᠤᠷᠤᠭᠤᠯᠵᠤ ᠭᠠᠷᠭᠠᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ | ᠳᠤᠪᠴᠢᠶ᠎ᠠ ᠶᠢᠨ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠵᠤ ᠬᠢᠷᠢ ᠳᠡᠩᠴᠡᠭᠰᠡᠨ ᠭᠠᠳᠠᠭᠠᠳᠤ ᠳᠤ ᠭᠠᠷᠭᠠᠭᠰᠠᠨ | ᠵᠢᠮᠢᠰ ᠨᠤᠭᠤᠭ᠎ᠠ ᠨᠡᠶᠢᠳᠡ 23249 ᠪᠦᠯᠦᠭ᠂ 30.08 ᠲᠦᠮᠡᠨ ᠳᠤᠨ ᠪᠠᠶᠢᠵᠤ᠂ ᠪᠠᠷᠠᠭᠠᠨ ᠤ ᠦᠷᠳᠡᠭ ᠨᠢ | 18806 ᠲᠦᠮᠡᠨ ᠳ᠋ᠤᠯᠯᠠᠷ ᠲᠤ ᠬᠦᠷᠴᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠳᠤᠰ ᠳᠤᠰ | 18.33%᠂ 30.72% ᠪᠠ 21.82% ᠢᠶᠠᠷ ᠨᠡᠮᠡᠭᠳᠡᠵᠤ᠂ ᠳᠤᠭᠳᠠᠭᠤᠨ ᠢᠶᠠᠷ ᠨᠡᠮᠡᠭᠳᠡᠬᠦ ᠬᠠᠨᠳᠤᠰᠢ | ᠢᠯᠡᠷᠡᠵᠡᠢ᠃ | ᠡᠨᠡ ᠵᠢᠯ ᠠᠴᠠ ᠨᠠᠰᠢ᠂ ᠮᠠᠨ ᠤ ᠤᠯᠤᠰ ᠤᠨ ᠵᠢᠮᠢᠰ ᠤᠨ ᠭᠠᠷᠤᠯᠳᠠ ᠶᠢᠨ ᠤᠷᠤᠨ ᠡᠯᠪᠡᠭ ᠬᠤᠷᠢᠶᠡᠯᠳᠠ | ᠤᠯᠵᠤ᠂ ᠬᠤᠳᠠᠯᠳᠤᠨ ᠠᠪᠬᠤ ᠦᠨ᠎ᠡ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠮᠡᠳᠡᠭᠳᠠᠮ᠎ᠠ | ᠪᠠᠭᠤᠷᠠᠵᠤ᠂ ᠵᠢᠮᠢᠰ ᠢ ᠶᠡᠭᠡ ᠬᠡᠮᠵᠢᠶ᠎ᠡ ᠪᠠᠷ ᠭᠠᠳᠠᠭᠠᠳᠤ ᠳᠤ ᠭᠠᠷᠭᠠᠬᠤ ᠳᠠᠪᠠᠭᠤᠯᠢᠭ ᠢ ᠪᠤᠢ ᠪᠤᠯᠭᠠᠪᠠ᠃ ᠡᠬᠦᠨ ᠤ | ᠬᠠᠮᠳᠤ᠂ ᠰᠢᠨ᠎ᠡ ᠪᠠᠷ ᠨᠡᠮᠡᠭᠳᠡᠭᠰᠡᠨ ᠲᠡᠮᠦᠷ ᠵᠠᠮ ᠤᠨ ᠰᠢᠩᠭᠡᠯᠢᠭ ᠤᠨ ᠳᠡᠭᠡᠭᠡᠪᠦᠷᠢᠯᠡᠯᠳᠡ ᠶᠢᠨ ᠬᠡᠯᠪᠡᠷᠢ ᠪᠠᠷ ᠰᠢᠨ᠎ᠡ | ᠰᠤᠷᠭᠤᠭ ᠵᠢᠮᠢᠰ ᠨᠤᠭᠤᠭ᠎ᠠ ᠶᠢ ᠳᠤᠯᠠᠭᠠᠠ ᠢ ᠬᠠᠳᠠᠭᠠᠯᠠᠬᠤ ᠴᠢᠩᠭᠡᠯᠢᠭ ᠲᠤ ᠰᠠᠪᠠᠯᠠᠨ ᠳᠡᠭᠡᠭᠡᠪᠦᠷᠢᠯᠡᠵᠤ᠂ ᠰᠢᠭᠤᠳ | ᠮᠤᠰᠺᠧᠨ ᠵᠡᠷᠭᠡ ᠭᠠᠵᠠᠷ ᠲᠤ ᠳᠡᠭᠡᠭᠡᠪᠦᠷᠢᠯᠡᠭᠰᠡᠨ ᠨᠢ ᠮᠠᠨ ᠤ ᠤᠯᠤᠰ ᠤᠨ ᠵᠢᠮᠢᠰ ᠨᠤᠭᠤᠭ᠎ᠠ ᠶᠢ ᠤᠷᠤᠰ ᠲᠤ | ᠭᠠᠷᠭᠠᠬᠤ ᠳᠤ ᠤᠯᠠᠮᠵᠢᠯᠠᠯᠳᠤ ᠵᠠᠰᠠᠮᠠᠯ ᠵᠠᠮ ᠤᠨ ᠳᠡᠭᠡᠭᠡᠪᠦᠷᠢᠯᠡᠯᠳᠡ ᠠᠴᠠ ᠲᠡᠮᠦᠷ ᠵᠠᠮ ᠤᠨ ᠳᠡᠭᠡᠭᠡᠪᠦᠷᠢᠯᠡᠯᠳᠡ ᠵᠦᠭ | ᠬᠤᠪᠢᠷᠠᠭᠰᠠᠨ ᠠᠰᠢᠭ ᠲᠠᠢ ᠰᠦᠪᠡᠭᠴᠢᠯᠡᠯᠳᠠ ᠪᠤᠯᠵᠡᠢ᠂ ᠮᠦᠨ ᠴᠤ ᠡᠸᠦ᠋ᠷᠦᠫᠠ ᠠᠽᠢᠶ᠎ᠠ ᠶᠢᠨ ᠡᠬᠡ ᠬᠠᠭᠤᠷᠠᠢ ᠶᠢᠨ | ᠳᠡᠮᠦᠷ ᠵᠠᠮ ᠤᠨ ᠳᠤᠤᠷ ᠢ ᠬᠦᠢᠴᠡᠳ ᠠᠰᠢᠬᠯᠠᠵᠤ᠂ ᠮᠠᠨ ᠤ ᠤᠯᠤᠰ ᠤᠨ ᠤᠨᠴᠠᠯᠢᠭᠳᠤ᠂ ᠰᠢᠯᠢᠳᠡᠭ ᠡᠬᠦᠯᠳᠡᠷ ᠤᠨ | ᠲᠠᠷᠢᠶᠠᠯᠠᠩ ᠤᠨ ᠪᠦᠳᠦᠭᠡᠭᠳᠡᠬᠦᠨ ᠢ ᠤᠷᠤᠰ ᠲᠤ ᠭᠠᠷᠭᠠᠬᠤ ᠰᠢᠨ᠎ᠡ ᠵᠠᠮ ᠢ ᠨᠡᠭᠡᠭᠡᠪᠡ᠃ |