ᠥᠪᠥᠷ ᠮᠣᠩᠭᠤᠯ ᠪᠥᠬᠦ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠲᠣᠣᠷ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠢ ᠠᠬᠢᠭᠤᠯᠬᠤ ᠬᠠᠷᠠᠭᠠᠨ ᠳᠠᠪᠲᠠᠮᠵᠢ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2017/10/30
     10 ᠳ᠋ᠤᠭᠠᠷ ᠰᠠᠷ᠎ᠠ ᠶᠢᠨ 24᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠲᠣᠣᠷ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢ ᠲᠦᠯᠬᠢᠨ ᠠᠬᠢᠭᠤᠯᠬᠤ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠬᠢᠵᠤ᠂ ᠬᠤᠷᠠᠯ ᠠᠴᠠ 2017 ᠣᠨ ᠤ ᠲᠤᠷᠰᠢ ᠪᠥᠬᠦ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠲᠣᠣᠷ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠪᠠᠶᠢᠳᠠᠯ ᠢ ᠵᠠᠷᠯᠠᠨ ᠨᠡᠶᠢᠲᠡᠯᠡᠵᠦ᠂ ᠳᠠᠷᠠᠭᠠᠴᠢ ᠶᠢᠨ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠶᠠᠩ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠬᠤᠷᠠᠯ ᠠᠴᠠ ᠵᠢᠭᠠᠭᠰᠠᠨ ᠨᠢ᠂ ᠨᠢᠭᠡ ᠵᠢᠯ ᠤᠨ ᠲᠤᠷᠰᠢ ᠡᠯ᠎ᠡ ᠱᠠᠲᠤᠨ ᠤ ᠢᠳᠡᠭᠡᠨ ᠪᠠ ᠡᠮ ᠤᠨ ᠵᠦᠢᠯ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠲᠣᠣᠷ ᠰᠦᠯᠵᠢᠶ᠎ᠡ ᠶᠢ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠯᠲᠠ ᠬᠠᠮᠢᠶᠠᠷᠤᠯᠲᠠ ᠶᠢ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠢᠯᠡᠳᠲᠡ ᠠᠮᠵᠢᠯᠲᠠ ᠣᠯᠤᠭᠰᠠᠨ ᠪᠠᠶᠢᠨ᠎ᠠ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠷᠬᠡᠪᠰᠢ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠬᠦᠴᠢᠷ ᠪᠡᠷᠬᠡᠰᠢᠶᠡᠯ ᠪᠠ ᠠᠰᠠᠭᠤᠳᠠᠯ ᠢ ᠢᠯᠠᠨ ᠳᠠᠪᠠᠵᠦ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠷᠮᠠᠶᠢᠨ ᠠᠬᠢᠭᠤᠯᠬᠤ ᠬᠡᠷᠡᠭᠲᠡᠶ︔ ᠲᠠᠨᠢᠯᠲᠠ ᠪᠠᠨ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ︔ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠪᠦᠬᠦ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠲᠡᠭᠦᠯᠳᠡᠷᠵᠢᠭᠦᠯᠦᠯᠲᠡ ᠪᠠ ᠬᠡᠷᠡᠭᠯᠡᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ︔ ᠬᠠᠷᠢᠭᠤᠴᠠᠯᠭ᠎ᠠ ᠶᠢ ᠳᠠᠭᠰᠢᠷᠠᠭᠤᠯᠵᠦ᠂ ᠮᠡᠳᠡᠭᠡ ᠵᠠᠩᠭᠢᠵᠢᠭᠤᠯᠬᠤ ᠠᠵᠢᠯ ᠢ ᠰᠢᠮᠳᠠᠭᠤᠯᠤᠨ ᠪᠠᠶᠢᠴᠠᠭᠠᠵᠦ ᠨᠡᠶᠢᠲᠡᠯᠡᠬᠦ ᠪᠠ ᠬᠢᠨᠠᠨ ᠰᠢᠯᠭᠠᠵᠤ ᠦᠨᠡᠯᠡᠬᠦ ᠠᠵᠢᠯ ᠤᠨ ᠬᠦᠴᠦᠯᠡᠴᠡ ᠪᠠᠨ ᠴᠢᠩᠭᠠᠳᠬᠠᠬᠤ ᠬᠡᠷᠡᠭᠲᠡᠶ︔ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠡᠯ᠎ᠡ ᠲᠥᠷᠥᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠥᠪᠰᠢᠨ ᠤ ᠬᠠᠮᠠᠭᠠᠯᠠᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠨᠢ ᠤᠯᠤᠰ ᠣᠷᠣᠨ ᠤ ᠥᠨᠢ ᠤᠳᠠᠭᠠᠨ ᠠᠮᠤᠷ ᠲᠥᠪᠰᠢᠨ ᠳᠤ ᠬᠤᠯᠪᠣᠭᠳᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠲᠦᠮᠡᠨ ᠤ ᠠᠵᠠ ᠵᠢᠷᠭᠠᠯ ᠳᠤ ᠬᠤᠯᠪᠣᠭᠳᠠᠨ᠎ᠠ᠂ ᠡᠯ᠎ᠡ ᠨᠢᠭᠡᠴᠡ ᠶᠢᠨ ᠬᠢᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠬᠥᠳᠡᠯᠭᠡᠬᠦ ᠬᠦᠴᠦᠨ ᠪᠣᠯᠭᠠᠵᠤ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠡᠭᠦᠷᠭᠡ ᠶᠢ ᠨᠡᠩ ᠥᠨᠳᠥᠷ ᠶᠠᠰᠤ ᠴᠢᠨᠠᠷ ᠲᠠᠢ ᠰᠠᠶᠢᠲᠤᠷ ᠪᠡᠶᠡᠯᠡᠭᠦᠯᠤᠨ᠂ ᠪᠥᠬᠦ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠶ ᠭᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号