10 ᠳ᠋ᠤᠭᠠᠷ ᠰᠠᠷ᠎ᠠ ᠶᠢᠨ 27 ᠤ ᠡᠳᠤᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ | ᠨᠠᠮ ᠤᠨ ᠤᠳᠤᠷᠢᠳᠬᠤ ᠳᠤᠭᠤᠶᠢᠯᠠᠩ 2017 ᠤᠨ ᠤ 10 ᠳ᠋ᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ︵ | ᠦᠷᠬᠡᠳᠭᠡᠭᠰᠡᠨ︶ ᠶᠢᠨ ᠬᠤᠷᠠᠯ ᠬᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠲᠤᠰᠬᠠᠢ ᠰᠡᠳᠦᠪ ᠢᠶᠠᠷ ᠰᠤᠷᠤᠯᠴᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠳᠡᠷᠢᠭᠦᠯᠡᠭᠴᠢ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ | ᠬᠤᠷᠠᠯ ᠡᠷᠬᠢᠯᠡᠭᠰᠡᠨ ᠪᠦᠭᠡᠳ ᠶᠠᠷᠢᠶ᠎ᠠ ᠳᠠᠯᠪᠢᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠠ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ | ᠯᠢᠦ ᠰᠢᠨ ᠯᠧ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ | ᠳᠤᠤᠱᠯᠠᠭᠤᠯᠬᠤ ᠶᠢᠨ ᠲᠤᠭᠤᠷᠢᠨ ᠳᠤ ᠳᠣᠰ ᠳᠣᠰ ᠦᠭᠡ ᠬᠡᠯᠡᠪᠡ᠃ | ᠪᠦ᠋ ᠰᠢᠶᠤᠤ ᠯᠢᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯ ᠴᠠᠭ ᠦᠶ᠎ᠡ ᠶᠢ ᠵᠠᠭᠠᠭᠯᠠᠭᠰᠠᠨ ᠠᠭᠤᠤ | ᠶᠡᠭᠡ ᠠᠴᠢ ᠬᠤᠯᠪᠤᠭᠳᠠᠯ ᠲᠠᠢ ᠶᠤᠮ᠃ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ | ᠣᠬᠠᠭᠤᠯᠤᠨ ᠳᠣᠣᠱᠯᠠᠭᠤᠯᠬᠤ ᠶᠢ ᠤᠳᠤᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ | ᠤᠯᠤᠰ ᠲᠦᠷᠦ ᠶᠢᠨ ᠡᠭᠦᠷᠭᠡ ᠪᠤᠯᠭᠠᠵᠤ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ ᠨᠠᠷ ᠲᠦᠷᠦᠭᠦᠯᠡᠨ ᠰᠣᠷᠣᠯᠴᠠᠵᠣ ᠣᠬᠠᠭᠤᠯᠣᠨ ᠳᠣᠣᠱᠯᠠᠭᠤᠯᠵᠣ᠂ ᠪᠦᠬᠦ ᠣᠷᠣᠨ ᠤ ᠵᠠᠰᠠᠭ ᠤᠨ | ᠣᠷᠳᠣᠨ ᠤ ᠰᠢᠰᠲ᠋ᠧᠮ ᠳᠤ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ | ᠳᠣᠣᠱᠯᠠᠭᠤᠯᠬᠤ ᠬᠠᠯᠠᠭᠤᠨ ᠦᠷᠨᠢᠯᠳᠡ ᠭᠠᠷᠭᠠᠬᠤ ᠶᠢ ᠬᠦᠳᠦᠯᠦᠨ ᠳᠠᠭᠠᠭᠤᠯᠵᠣ ᠠᠬᠢᠭᠤᠯᠬᠤ ᠬᠡᠷᠡᠭᠳᠠᠢ᠃ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠠ ᠳᠤ ᠣᠷᠣᠭᠰᠠᠨ ᠴᠢᠬᠤᠯᠠ ᠠᠴᠢ ᠬᠤᠯᠪᠤᠭᠳᠠᠯ ᠢ | ᠬᠦᠨᠵᠡᠭᠡᠢ ᠤᠶᠢᠯᠠᠭᠠᠨ ᠡᠵᠡᠮᠰᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢᠨ ᠳᠡᠦᠬᠡᠨ ᠪᠠᠶᠢᠷᠢ ᠰᠠᠭᠤᠷᠢ᠂ ᠪᠠᠶᠠᠯᠢᠭ ᠠᠭᠤᠯᠣᠭᠳᠠᠬᠤᠨ | ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠬᠦᠨᠵᠡᠭᠡᠢ ᠤᠶᠢᠯᠠᠭᠠᠨ ᠡᠵᠡᠮᠰᠢᠵᠤ᠂ ᠮᠠᠨ ᠤ ᠤᠯᠤᠰ ᠤᠨ ᠨᠡᠶᠢᠭᠡᠮ ᠤᠨ | ᠭᠤᠤᠯ ᠵᠦᠷᠢᠴᠡᠯ ᠳᠡᠦᠭᠡᠳᠦ ᠴᠢᠨᠠᠷᠳᠠᠢ ᠬᠤᠪᠢᠷᠠᠯᠳᠠ ᠭᠠᠷᠤᠭᠰᠠᠨ ᠰᠢᠨ᠎ᠡ ᠮᠠᠭᠠᠳᠯᠠᠯᠳᠠ ᠵᠢᠴᠢ ᠴᠢᠨᠡᠭᠡᠯᠢᠭ ᠨᠡᠶᠢᠭᠡᠮ ᠢ | ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠳᠠ ᠶᠢ ᠤᠯᠬᠤ᠂ ᠲᠤᠮᠤ ᠤᠯᠤᠰ ᠠᠴᠠ ᠪᠠᠨ ᠨᠡᠶᠢᠭᠡᠮ ᠵᠢᠷᠤᠮᠲᠤ | ᠤᠳᠤᠬᠢᠴᠢᠯᠠᠭᠰᠠᠨ ᠬᠦᠴᠦᠷᠭᠡᠭ ᠤᠯᠤᠰ ᠵᠦᠭ ᠳᠠᠪᠰᠢᠬᠤ ᠪᠠᠶᠢᠯᠳᠤᠬᠤ ᠪᠤᠳᠤᠯᠭ᠎ᠠ ᠶᠢᠨ ᠳᠤᠬᠢᠷᠠᠭᠤᠯᠤᠯᠳᠠ ᠶᠢ | ᠬᠦᠨᠵᠡᠭᠡᠢ ᠤᠶᠢᠯᠠᠭᠠᠨ ᠡᠵᠡᠮᠰᠢᠵᠤ᠂ ᠰᠢᠨ᠎ᠡ ᠴᠠᠭ ᠦᠶ᠎ᠡ ᠳᠠᠬᠢ ᠨᠠᠮ ᠤᠨ ᠳᠡᠦᠭᠡᠳᠦ ᠡᠭᠦᠷᠭᠡ ᠪᠣᠯᠣᠨ ᠨᠠᠮ ᠤᠨ | ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠶᠢ ᠬᠦᠨᠵᠡᠭᠡᠢ ᠤᠶᠢᠯᠠᠭᠠᠨ ᠡᠵᠡᠮᠰᠢᠵᠤ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠦᠨᠡᠨᠬᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠳᠡᠭᠡᠷ᠎ᠡ ᠨᠢᠭᠡᠳᠬᠡᠬᠦ | ᠬᠡᠷᠡᠭᠳᠠᠢ ᠭᠡᠵᠦ ᠵᠢᠭᠠᠵᠣ ᠭᠠᠷᠭᠠᠪᠠ᠃ | ᠪᠦ᠋ ᠰᠢᠶᠤᠤ ᠯᠢᠨ᠂ ︽ᠲᠦᠷᠪᠡᠨ ᠤᠬᠠᠮᠰᠠᠷ︾ ᠢᠶᠠᠨ ᠨᠡᠮᠡᠭᠳᠡᠭᠦᠯᠵᠤ᠂ ᠲᠦᠪ ᠤᠨ ᠡᠷᠭᠡ ᠰᠦᠷ ᠪᠣᠯᠣᠨ | ᠲᠦᠪᠯᠡᠷᠡᠩᠭᠦᠢ ᠨᠢᠬᠡᠳᠦᠯᠳᠠᠢ ᠤᠳᠤᠷᠢᠳᠤᠯᠭ᠎ᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠭᠤᠣᠯᠯᠠᠭᠴᠢ ᠪᠣᠯᠬᠤ | ᠶᠡᠷᠦᠩᠬᠡᠢ ᠱᠦᠵᠢ ᠰᠢ ᠶᠢᠨ ᠫᠢᠩ ᠢ ᠣᠬᠠᠮᠰᠠᠷ ᠠᠴᠠ ᠪᠠᠨ ᠬᠠᠮᠠᠭᠠᠯᠠᠵᠣ᠂ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠣᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠳᠠᠢ ᠪᠠᠶᠢᠬᠤ ᠬᠡᠷᠡᠭᠳᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠳᠠᠷᠢᠬᠢ ᠳᠤᠯᠤᠭᠠᠢ ᠪᠠᠨ ᠵᠡᠪᠰᠡᠭᠯᠡᠨ᠂ | ᠬᠦᠴᠦᠨ ᠴᠢᠳᠠᠯ ᠢᠶᠠᠨ ᠨᠢᠭᠳᠠᠷᠠᠭᠤᠯᠵᠣ᠂ ᠠᠵᠢᠯ ᠢᠶᠠᠨ ᠠᠬᠢᠭᠤᠯᠬᠤ ᠬᠡᠷᠡᠭᠳᠠᠢ᠃ ᠭᠦᠨᠵᠡᠭᠡᠢ ᠪᠠᠶᠢᠴᠠᠭᠠᠨ | ᠰᠤᠳᠤᠯᠵᠣ᠂ ᠪᠤᠳᠠᠳᠠᠢ ᠲᠠᠢ ᠨᠢᠭᠳᠠ ᠤᠶᠠᠯᠳᠤᠭᠤᠯᠤᠨ᠂ ᠠᠵᠢᠯ ᠢᠶᠠᠨ ᠪᠦᠳᠦᠭᠡᠯᠴᠢ ᠪᠠᠷ ᠦᠷᠨᠢᠭᠦᠯᠵᠤ᠂ ᠠᠷᠪᠠ | ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠦᠭᠡᠷᠡᠴᠢᠯᠡᠯᠳᠡ ᠬᠦᠭᠵᠢᠯᠳᠡ ᠶᠢᠨ ᠪᠤᠳᠠᠳᠠᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠦᠨᠡᠨ ᠪᠣᠳᠠᠳᠠᠢ | ᠦᠷ᠎ᠡ ᠪᠦᠳᠦᠭᠡᠯ ᠪᠤᠯᠭᠠᠨ ᠤᠯᠠᠷᠢᠭᠤᠯᠵᠤ᠂ ᠬᠦᠭᠵᠢᠯᠳᠡ ᠳᠡᠩᠴᠡᠭᠦᠷᠢ ᠦᠭᠡᠢ ᠬᠦᠢᠴᠡᠳ ᠦᠭᠡᠢ ᠪᠠᠶᠢᠬᠤ | ᠠᠰᠠᠭᠤᠳᠠᠯ ᠢ ᠬᠦᠴᠦ ᠲᠠᠯᠪᠢᠨ ᠰᠠᠶᠢᠲᠤᠷ ᠰᠢᠢᠳᠪᠦᠷᠢᠯᠡᠵᠤ᠂ ᠠᠷᠠᠳ ᠲᠦᠮᠡᠨ ᠤ ᠡᠳᠤᠷ ᠢᠷᠡᠭᠦᠶ᠎ᠡ ᠨᠡᠮᠡᠭᠳᠡᠵᠤ | ᠪᠠᠶᠢᠭ᠎ᠠ ᠤᠯᠠᠨ ᠳᠠᠯ᠎ᠠ ᠶᠢᠨ ᠬᠡᠷᠡᠭᠴᠡᠭᠡ ᠶᠢ ᠨᠡᠩ ᠰᠠᠶᠢᠨ ᠬᠠᠩᠭᠠᠬᠤ ᠬᠡᠷᠡᠭᠳᠠᠢ᠃ ᠨᠠᠮ ᠤᠨ ᠤᠭ ᠰᠠᠨᠠᠭ᠎ᠠ ᠪᠣᠯᠣᠨ | ᠡᠭᠦᠷᠭᠡ ᠬᠠᠷᠢᠭᠤᠴᠠᠯᠭ᠎ᠠ ᠶᠢ ᠪᠠᠳᠤ ᠴᠡᠭᠡᠵᠢᠯᠡᠵᠦ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠰᠢᠨ᠎ᠡ ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠲᠠ ᠶᠢ ᠳᠡᠷᠡ ᠬᠡᠪ ᠢᠶᠠᠷ ᠨᠢ | ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠣᠷᠳᠠᠯ ᠴᠢᠭᠡᠴᠢ ᠵᠠᠰᠠᠭ ᠤᠨ | ᠪᠠᠶᠢᠭᠤᠯᠤᠯᠲᠠ ᠪᠣᠯᠣᠨ ᠢᠯᠵᠢᠷᠠᠯ ᠢ ᠡᠰᠡᠷᠭᠦᠴᠡᠬᠦ ᠳᠡᠮᠡᠴᠡᠯ ᠢ ᠦᠷᠭᠦᠯᠵᠢᠯᠡᠨ ᠬᠦᠨᠵᠡᠭᠡᠢ ᠠᠬᠢᠭᠤᠯᠵᠤ᠂ ᠵᠠᠰᠠᠭ ᠤᠨ | ᠤᠷᠳᠤᠨ ᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠪᠤᠯᠤᠨ ᠲᠦᠪᠰᠢᠨ ᠢ ᠴᠢᠷᠮᠠᠶᠢᠨ | ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠪᠡᠷᠳᠡᠭᠡᠨ ᠵᠠᠰᠠᠬᠤ ᠤᠷᠤᠨ ᠤ ᠡᠯ᠎ᠡ ᠦᠢᠯᠡᠰ ᠤᠨ ᠬᠦᠭᠵᠢᠯᠳᠡ ᠶᠢᠨ | ᠰᠢᠨ᠎ᠡ ᠪᠠᠶᠢᠳᠠᠯ ᠢ ᠴᠢᠷᠮᠠᠶᠢᠨ ᠨᠡᠭᠡᠭᠡᠬᠦ ᠬᠡᠷᠡᠭᠳᠠᠢ ᠭᠡᠵᠦ ᠴᠢᠬᠤᠯᠠᠴᠢᠯᠠᠪᠠ᠃ |