ᠥᠪᠥᠷ ᠮᠣᠩᠭᠤᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠦᠨᠡᠯᠡᠨ ᠵᠢᠱᠢᠯᠲᠡ ᠳᠤ ᠶᠢᠰᠦᠨ ᠬᠤᠪᠢ ᠶᠢᠨ ᠬᠤᠰᠢᠭᠤ ᠰᠢᠶᠠᠨ ᠪᠠᠷᠢᠮᠵᠢᠶ᠎ᠠ ᠳᠤ ᠬᠦᠷᠪᠡ
ᠨᠡᠶᠢᠲᠡᠯᠡᠭᠰᠡᠨ ᠴᠠᠭ᠄
2017/10/30
      ᠡᠨᠡ ᠵᠢᠯ᠂ ᠥᠪᠥᠷ ᠮᠣᠩᠭᠤᠯ ᠤᠨ 32 ᠬᠤᠰᠢᠭᠤ ᠰᠢᠶᠠᠨ ︵ᠬᠤᠳᠠ᠂ ᠲᠣᠭᠤᠷᠢᠭ︶ ᠤᠯᠤᠰ ᠠᠴᠠ ᠲᠣᠭᠲᠠᠭᠠᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠠᠯ᠎ᠠ ᠪᠠᠷ ᠦᠨᠳᠦᠰᠦᠨ ᠳᠡᠭᠡᠨ ᠲᠡᠩᠴᠡᠭᠦᠷᠢᠲᠡᠶ ᠪᠠᠶᠢᠬᠤ ᠰᠢᠶᠠᠨ ᠢ ᠦᠨᠡᠯᠡᠨ ᠵᠢᠱᠢᠵᠦ ᠦᠨᠡᠮᠰᠢᠬᠦ ᠪᠠᠷᠢᠮᠵᠢᠶ᠎ᠠ ᠳᠤ ᠬᠦᠷᠪᠡ᠂ ᠦᠨᠦ ᠪᠤᠯᠬᠤ ᠳᠤ ᠥᠪᠥᠷ ᠮᠣᠩᠭᠤᠯ ᠤᠨ ᠪᠠᠷᠢᠮᠵᠢᠶ᠎ᠠ ᠳᠤ ᠬᠦᠷᠦᠭᠰᠡᠨ ᠬᠤᠰᠢᠭᠤ ᠰᠢᠶᠠᠨ ︵ᠬᠤᠳᠠ᠂ ᠲᠣᠭᠤᠷᠢᠭ︶ ᠨᠡᠶᠢᠲᠡ 93 ᠪᠤᠯᠵᠤ᠂ ᠰᠢᠶᠠᠨ ᠤ ᠬᠡᠪᠴᠢᠶ᠎ᠡ ᠪᠠᠷ ᠨᠢᠭᠡᠴᠡ ᠪᠣᠯᠭᠠᠨ ᠪᠡᠶᠡᠯᠡᠭᠦᠯᠦᠭᠰᠡᠨ ᠨᠤᠷᠮ᠎ᠠ ᠨᠢ 91.2%᠎ ᠲᠤ ᠬᠦᠷᠴᠦ᠂ ᠤᠯᠤᠰ ᠠᠴᠠ ᠪᠠᠭᠤᠯᠭᠠᠭᠰᠠᠨ ᠬᠠᠷᠠᠯᠲᠠ᠂ ᠡᠭᠦᠷᠭᠡ ᠶᠢ ᠭᠤᠷᠪᠠᠨ ᠵᠢᠯ ᠤᠷᠢᠳᠴᠢᠯᠠᠨ ᠪᠡᠶᠡᠯᠡᠭᠦᠯᠦᠭᠰᠡᠨ ᠪᠠᠶᠢᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠶᠢᠨ ᠲᠤᠯᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂  ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔ ᠪᠦᠬᠦ ᠣᠷᠣᠨ ᠤ 76 ᠬᠤᠰᠢᠭᠤ ᠰᠢᠶᠠᠨ ︵ᠬᠤᠳᠠ᠂ ᠲᠣᠭᠤᠷᠢᠭ︶᠂ 2084 ᠰᠤᠷᠭᠠᠭᠤᠯᠢ ᠳᠤ ︽ᠪᠠᠭᠤᠷᠠᠢ ᠰᠤᠷᠭᠠᠭᠤᠯᠢ ᠶᠢ ᠪᠦᠬᠦ ᠲᠠᠯ᠎ᠠ ᠪᠠᠷ ᠰᠠᠶᠢᠵᠢᠷᠠᠭᠤᠯᠬᠤ︾ ᠢᠨᠵᠧᠨᠧᠷᠢᠩ ᠢ ᠬᠡᠷᠡᠭᠵᠢᠬᠦᠯᠦᠨ᠎ᠡ︔ ᠪᠠᠭᠰᠢ ᠪᠣᠯᠤᠨ ᠰᠤᠷᠭᠠᠭᠤᠯᠢ ᠶᠢᠨ ᠵᠠᠬᠢᠷᠤᠯ ᠤᠨ ᠰᠣᠯᠢᠯᠴᠠᠭ᠎ᠠ ᠶᠢ ᠠᠬᠢᠭᠤᠯᠬᠤ᠂ ᠭᠡᠷ ᠨᠤᠲᠤᠭ ᠲᠠᠭᠠᠨ ᠦᠯᠡᠳᠡᠵᠤ ᠬᠤᠴᠣᠷᠤᠭᠰᠠᠨ ᠬᠡᠦᠬᠡᠳ ᠪᠤᠯᠤᠨ ᠬᠤᠲᠠ ᠣᠷᠣᠵᠤ ᠠᠵᠢᠯ ᠬᠥᠳᠡᠯᠮᠦᠷᠢ ᠬᠢᠵᠦ ᠠᠵᠢᠯ ᠤᠯᠤᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠶᠢ ᠪᠠᠲᠤᠯᠠᠬᠤ᠂ ᠰᠤᠷᠤᠯᠭ᠎ᠠ ᠪᠠᠨ ᠲᠤᠷᠭᠤᠨ ᠵᠤᠭᠰᠤᠭᠠᠬᠤ ᠶᠢ ᠬᠢᠵᠠᠭᠠᠷᠯᠠᠨ ᠰᠤᠷᠤᠯᠭ᠎ᠠ ᠶᠢ ᠨᠢ ᠪᠠᠲᠤᠯᠠᠬᠤ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠦᠡᠭᠭᠡᠷᠡᠭᠦᠯᠬᠦ᠂ ᠰᠤᠷᠭᠠᠭᠤᠯᠢ ᠰᠣᠩᠭᠤᠬᠤ ᠰᠤᠷᠤᠭᠴᠢ ᠶᠢ ᠴᠢᠩᠭ᠎ᠠ ᠬᠢᠵᠠᠭᠠᠷᠯᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠰᠢᠯᠭᠠᠬᠤ ᠦᠭᠡᠶ ᠪᠠᠷ ᠤᠶᠢᠷ᠎ᠠ ᠬᠠᠪᠢ ᠶᠢᠨ ᠰᠤᠷᠭᠠᠭᠤᠯᠢ ᠳᠤ ᠣᠷᠣᠭᠤᠯᠬᠤ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ︔ ︽ᠲᠤᠮᠤ ᠣᠷᠣ︾᠂ ᠪᠦᠳᠦᠭᠦᠯᠢᠭ ᠵᠤᠷᠯᠤᠩ᠂ ᠬᠤᠭᠤᠯᠠᠨ ᠭᠡᠷ ᠤᠨ ᠰᠢᠷᠣᠶ ᠵᠤᠤᠬ᠎ᠠ᠂ ᠬᠢᠰᠠ ᠳᠤᠯᠠᠭᠠᠯᠠᠯᠲᠠ ᠵᠡᠷᠭᠡ ᠠᠰᠠᠭᠤᠳᠠᠯ ᠢ ᠰᠢᠢᠳᠪᠦᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号