ᠤᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ | ᠪᠥᠬᠦ ᠣᠷᠣᠨ ᠳᠤ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠦᠯᠦ ᠰᠢᠯᠭᠠᠨ ᠪᠠᠶᠢᠴᠠᠭᠠᠯᠭᠠᠭᠰᠠᠨ᠂ | ᠬᠡᠷᠡᠭᠯᠡᠭᠡᠨ ᠠᠴᠠ ᠦᠯᠦ ᠭᠠᠷᠭᠠᠭᠰᠠᠨ ᠭᠤᠤᠯᠳᠠᠯᠭ᠎ᠠ ᠲᠠᠢ ᠲᠡᠷᠭᠡ ᠶᠢ ᠪᠥᠬᠦ ᠲᠠᠯ᠎ᠠ ᠪᠠᠷ ᠴᠡᠪᠡᠷᠯᠡᠨ ᠢᠯᠭᠠᠷᠠᠭᠤᠯᠤᠨ᠎ᠠ | ᠭᠡᠵᠦ ᠮᠡᠳᠡᠭᠳᠡᠪᠡ᠃ | 10 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ᠂ ᠪᠦᠬᠦ ᠣᠷᠣᠨ ᠳᠤ 10149 ᠬᠦᠨᠳᠦ ᠬᠡᠯᠪᠡᠷᠢ ᠶᠢᠨ | ᠪᠠᠷᠠᠭᠠᠨ ᠤ ᠲᠡᠷᠭᠡ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠰᠢᠯᠭᠠᠨ ᠪᠠᠶᠢᠴᠠᠭᠠᠯᠭᠠᠭᠰᠠᠨ ᠦᠭᠡᠢ ᠪᠠᠶᠢᠬᠤ ᠪᠦᠭᠡᠳ | ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠬᠡᠷᠡᠭᠴᠡᠭᠡ ᠠᠴᠠ ᠭᠠᠷᠭᠠᠭᠰᠠᠨ ᠦᠭᠡᠢ ᠲᠡᠷᠭᠡ 289 ᠪᠠᠶᠢᠨ᠎ᠠ᠃ | ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠬᠡᠷᠡᠭᠯᠡᠭᠡᠨ ᠠᠴᠠ ᠭᠠᠷᠭᠠᠭᠰᠠᠨ ᠦᠭᠡᠢ 4 ᠠᠴᠠ ᠳᠡᠭᠡᠭᠰᠢ ᠲᠡᠷᠭᠡ ᠲᠠᠢ | ᠲᠡᠭᠡᠭᠡᠪᠦᠷᠢ ᠶᠢᠨ ᠠᠵᠤ ᠠᠬᠤᠶᠢᠯᠠᠯ 9 ᠪᠠᠶᠢᠨ᠎ᠠ︔ 10 ᠠᠴᠠ ᠳᠡᠭᠡᠭᠰᠢ ᠲᠡᠷᠭᠡ ᠨᠢ ᠬᠤᠭᠤᠴᠠᠭ᠎ᠠ ᠨᠢ ᠬᠡᠲᠦᠷᠡᠭᠰᠡᠨ | ᠪᠠᠶᠢᠲᠠᠯ᠎ᠠ ᠰᠢᠯᠭᠠᠨ ᠪᠠᠶᠢᠴᠠᠭᠠᠯᠭᠠᠭᠰᠠᠨ ᠦᠭᠡᠢ ᠲᠡᠭᠡᠭᠡᠪᠦᠷᠢ ᠶᠢᠨ ᠠᠵᠤ ᠠᠬᠤᠶᠢᠯᠠᠯ 106 ᠪᠠᠶᠢᠨ᠎ᠠ᠂ ᠡᠳᠡᠭᠡᠷ | ᠲᠡᠭᠡᠭᠡᠪᠦᠷᠢ ᠶᠢᠨ ᠠᠵᠤ ᠠᠬᠤᠶᠢᠯᠠᠯ ᠳᠤ ᠪᠠᠰᠠ ᠲᠡᠭᠡᠭᠡᠪᠦᠷᠢ ᠶᠢᠨ ᠠᠵᠤ ᠠᠬᠤᠶᠢᠯᠠᠯ ᠤᠨ ᠢᠯᠡᠷᠬᠡᠶᠢᠯᠡᠯ ᠡᠯᠭᠦᠨ | ᠡᠵᠡᠩᠨᠡᠯᠲᠡ ᠬᠢᠵᠦ ᠪᠠᠶᠢᠬᠤ ᠲᠡᠭᠡᠭᠡᠪᠦᠷᠢ ᠶᠢᠨ ᠠᠵᠤ ᠠᠬᠤᠶᠢᠯᠠᠯ ᠢᠶᠠᠷ ᠣᠨᠳᠣᠣ ᠭᠠᠵᠠᠷ ᠲᠤ ᠳᠠᠩᠰᠠᠯᠠᠭᠤᠯᠤᠭᠰᠠᠨ᠂ | ᠲᠣᠭᠲᠠᠭᠠᠯ ᠢ ᠵᠥᠷᠢᠴᠡᠨ ᠵᠠᠬ᠎ᠠ ᠳᠡᠯᠭᠡᠭᠦᠷ ᠲᠤ ᠤᠷᠤᠭᠰᠠᠨ ᠵᠡᠷᠭᠡ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ | ᠣᠷᠣᠰᠢᠵᠤ ᠪᠠᠶᠢᠨ᠎ᠠ᠃ ᠲᠠᠯᠳᠠ ᠭᠡᠮ ᠢ ᠠᠷᠢᠯᠭᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠲᠣᠪᠴᠢᠶ᠎ᠠ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠬᠡᠷᠡᠭᠯᠡᠭᠡᠨ ᠠᠴᠠ ᠭᠠᠷᠭᠠᠭᠰᠠᠨ ᠦᠭᠡᠢ᠂ ᠬᠤᠭᠤᠴᠠᠭ᠎ᠠ ᠨᠢ | ᠬᠡᠲᠦᠷᠡᠭᠰᠡᠨ ᠪᠠᠶᠢᠲᠠᠯ᠎ᠠ ᠰᠢᠯᠭᠠᠨ ᠪᠠᠶᠢᠴᠠᠭᠠᠯᠭᠠᠭᠰᠠᠨ ᠦᠭᠡᠢ ᠲᠡᠷᠭᠡ ᠬᠥᠰᠬᠡ ᠨᠡᠯᠢᠶᠡᠳ ᠤᠯᠠᠨ ᠪᠠᠶᠢᠬᠤ 8 | ᠭᠤᠣᠯᠳᠠᠯᠭ᠎ᠠ ᠲᠠᠢ ᠲᠡᠭᠡᠭᠡᠪᠦᠷᠢ ᠶᠢᠨ ᠠᠵᠤ ᠠᠬᠤᠶᠢᠯᠠᠯ ᠢ ᠢᠯᠡᠴᠢᠯᠡᠨ ᠮᠡᠳᠡᠭᠡᠯᠡᠵᠦ᠂ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠨᠢ ᠤᠯᠠᠮ ᠨᠢᠭᠡ ᠠᠯᠬᠤᠮ ᠰᠢᠪᠠᠳᠠᠨ ᠱᠠᠭᠠᠷᠳᠠᠵᠤ᠂ | ᠠᠮᠤᠷ ᠲᠦᠪᠰᠢᠨ ᠤ ᠬᠠᠮᠢᠶᠠᠷᠤᠯᠲᠠ ᠶᠢᠨ ᠬᠠᠤᠯᠢ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠯᠭᠡᠵᠦ᠂ ᠲᠡᠷᠭᠡ | ᠬᠦᠰᠭᠡ ᠶᠢ ᠴᠠᠭ ᠲᠤᠬᠠᠶ ᠳᠤᠨᠢ ᠬᠠᠤᠯᠢ ᠲᠣᠭᠲᠠᠭᠠᠯ ᠶᠣᠰᠣᠭᠠᠷ ᠰᠢᠯᠭᠠᠨ ᠪᠠᠶᠢᠴᠠᠭᠠᠬᠤ ᠪᠠ ᠬᠡᠷᠡᠭᠯᠡᠭᠡᠨ ᠠᠴᠠ | ᠭᠠᠷᠭᠠᠵᠤ᠂ ᠡᠵᠡᠩᠨᠡᠯᠲᠡ ᠬᠢᠵᠦ ᠪᠠᠶᠢᠭ᠎ᠠ ᠲᠡᠷᠭᠡ ᠬᠦᠰᠭᠡ ᠶᠢ ᠢᠯᠭᠠᠷᠠᠭᠤᠯᠤᠨ ᠴᠡᠪᠡᠷᠯᠡᠵᠦ᠂ ᠠᠮᠤᠷ ᠲᠦᠪᠰᠢᠨ ᠤ | ᠲᠠᠯᠳᠠ ᠭᠡᠮ ᠢ ᠤᠭ ᠦᠨᠳᠦᠰᠦ ᠠᠴᠠ ᠨᠢ ᠡᠷᠡᠰ ᠠᠷᠢᠯᠭᠠᠬᠤ ᠪᠠᠷ ᠪᠤᠯᠪᠠ᠃ ᠡᠨᠡ 8 ᠠᠵᠤ ᠠᠬᠤᠶᠢᠯᠠᠯ ᠨᠢ ᠳᠤᠰ | ᠳᠤᠰ᠄ ᠥᠪᠥᠷ ᠮᠣᠩᠭᠤᠯ ᠤᠨ ᠦᠬᠠᠶ ᠬᠤᠲᠠ ᠶᠢᠨ ᠿᠢ ᠾᠧᠩ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠦᠬᠠᠶ ᠬᠤᠲᠠ ᠶᠢᠨ ᠯᠢ ᠳ᠋ᠠ ᠲᠡᠭᠡᠭᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ | ᠬᠥᠬᠡᠬᠤᠲᠠ ᠶᠢᠨ ᠲᠣᠭᠲᠠᠬᠤ ᠰᠢᠶᠠᠨ ᠤ ᠬᠤᠸᠠ ᠲᠠᠢ ᠮᠠᠰᠢᠨ ᠲᠡᠷᠭᠡᠨ ᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ | ᠲᠣᠭᠲᠠᠬᠤ ᠰᠢᠶᠠᠨ ᠤ ᠯᠦᠩ ᠲᠧᠩ ᠳ᠋ᠠ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠦ᠋ ᠰᠢᠨ | ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ᠂ ᠠᠷᠤᠨ ᠬᠤᠰᠢᠭᠤᠨ ᠤ ᠨᠠᠵᠢ ᠪᠠᠯᠭᠠᠰᠤ ᠶᠢᠨ ᠷᠦᠩ ᠰᠢᠩ | ᠲᠡᠭᠡᠭᠡᠪᠦᠷᠢ ᠶᠢᠨ ᠭᠠᠳᠠᠭᠰᠢ ᠵᠥᠭᠡᠭᠡᠪᠦᠷᠢᠯᠡᠬᠦ ᠲᠡᠷᠭᠡᠨ ᠠᠩᠭᠢ᠂ ᠱᠠᠩᠬᠠᠶ ᠶᠢᠨ ᠿᠢ ᠶᠧᠦ ᠮᠠᠰᠢᠨ ᠲᠡᠷᠭᠡᠨ ᠤ | ᠲᠡᠭᠡᠭᠡᠪᠦᠷᠢ ᠶᠢᠨ ᠬᠢᠵᠠᠭᠠᠷᠲᠤ ᠺᠤᠮᠫᠠᠨᠢ ᠶᠢᠨ ᠬᠥᠯᠥᠨ ᠪᠤᠶᠢᠷ ᠬᠤᠲᠠ ᠳᠠᠬᠢ ᠬᠤᠪᠢᠶᠠᠷᠢ ᠺᠣᠮᠫᠠᠨᠢ᠂ ᠡᠸᠡᠩᠬᠢ | ᠬᠤᠰᠢᠭᠤᠨ ᠤ ᠪᠠᠶᠠᠨᠲᠣᠬᠤᠶ ᠪᠠᠯᠭᠠᠰᠤ ᠶᠢᠨ ᠴᠦᠨ ᠯᠧᠢ ᠲᠡᠭᠡᠭᠡᠪᠦᠷᠢ ᠶᠢᠨ ᠠᠩᠬᠢ ᠵᠡᠷᠭᠡ ᠪᠤᠯᠤᠨ᠎ᠠ᠃ |