ᠦᠪᠡᠷᠲᠡᠭᠡᠨ ᠵᠠᠰᠠᠬᠤ ᠤᠷᠤᠨ ᠶᠢᠰᠦᠳᠦᠭᠡᠷ ᠰᠠᠷ᠎ᠠ ᠶᠢᠨ ᠶᠢᠰᠦᠨ ᠤ ᠪᠠᠶᠠᠷ ᠤᠨ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2017/10/30
     10 ᠳ᠋ᠤᠭᠠᠷ ᠰᠠᠷ᠎ᠠ ᠶᠢᠨ 28᠎ ᠤ ᠡᠳᠦᠷ ᠪᠤᠯ ᠮᠠᠨ ᠤ ᠤᠯᠤᠰ ᠤᠨ ᠤᠯᠠᠮᠵᠢᠯᠠᠯᠳᠦ ᠪᠠᠶᠠᠷ ᠪᠤᠯᠬᠤ ᠶᠢᠰᠦᠳᠦᠭᠡᠷ ᠰᠠᠷ᠎ᠠ ᠶᠢᠨ ᠶᠢᠰᠦᠨ ᠤ ᠪᠠᠶᠠᠷ ᠤᠨ ᠡᠳᠦᠷ ᠪᠤᠯᠤᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠨᠠᠰᠤᠵᠢᠯ ᠤᠨ ᠠᠵᠢᠯ ᠤᠨ ᠵᠦᠪᠯᠡᠯ ᠤᠨ ᠡᠷᠬᠢᠯᠡᠭᠴᠢ ᠽᠧᠩ ᠢ ᠴᠦᠨ᠂ ᠦᠪᠡᠷᠲᠡᠭᠡᠨ ᠵᠠᠰᠠᠬᠤ ᠤᠷᠤᠨ ᠎ ᠤ ᠳᠡᠳ᠋ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠨᠠᠰᠤᠵᠢᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠯᠢᠦ ᠰᠢᠨ ᠯᠧ ᠲᠤᠰ ᠲᠤᠰ ᠦᠪᠡᠷᠲᠡᠭᠡᠨ ᠵᠠᠰᠠᠬᠤ ᠤᠷᠤᠨ ᠪᠠ ᠬᠦᠬᠡᠬᠤᠳᠠ ᠶᠢᠨ ᠭᠡᠰᠡᠭ ᠨᠠᠰᠤᠵᠢᠯ ᠤᠨ ᠠᠵᠢᠯ ᠤᠨ ᠪᠠᠶᠢᠭᠤᠯᠭ᠎ᠠ ᠪᠠ ᠨᠠᠰᠤᠳᠠᠨ ᠢ ᠲᠤᠬᠤᠨᠢᠭᠤᠯᠵᠦ᠂ ᠳᠡᠳᠡᠨ ᠳᠤ ᠦᠪᠡᠷᠲᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ᠂ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠶᠢ ᠬᠦᠷᠭᠡᠵᠡᠢ᠃      ᠽᠧᠩ ᠢ ᠴᠦᠨ ᠤᠷᠢᠳ ᠬᠤᠵᠢᠳ ᠥᠪᠦᠷ ᠮᠤᠩᠭᠤᠯ ᠤᠨ ᠨᠠᠰᠤᠲᠠᠶᠢᠴᠤᠳ ᠤᠨ ᠶᠡᠭᠡ ᠰᠤᠷᠭᠠᠭᠤᠯᠢ᠂ ᠬᠦᠬᠡᠬᠤᠳᠠ ᠶᠢᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ ᠬᠦᠷᠴᠦ᠂ ᠰᠤᠷᠤᠯᠭᠠᠳᠠᠨ ᠪᠠ ᠨᠡᠶᠢᠲᠡ ᠶᠢᠨ ᠪᠠᠶᠢᠷᠢ ᠳᠤ ᠰᠠᠭᠤᠭ᠎ᠠ ᠨᠠᠰᠤᠳᠠᠨ ᠢ ᠲᠤᠬᠤᠨᠢᠭᠤᠯᠬᠤ ᠶᠢᠨ ᠬᠠᠮᠳᠦ ᠨᠡᠶᠢᠭᠡᠮ ᠲᠤᠭᠤᠷᠢᠭ ᠲᠤ 84 ᠨᠠᠰᠤᠳᠠᠢ ᠯᠢᠤᠢ ᠹᠧᠩ ᠶᠢᠩ ᠪᠠ 81 ᠨᠠᠰᠤᠳᠠᠢ ᠹᠦ᠋ ᠬᠦᠸᠧ ᠵᠦᠩ ᠬᠤᠶᠠᠷ ᠨᠠᠰᠤᠳᠠᠨ ᠢ ᠲᠤᠰ ᠲᠤᠰ ᠲᠤᠬᠤᠨᠢᠭᠤᠯᠵᠦ᠂ ᠳᠡᠳᠡᠨ ᠳᠤ ᠲᠤᠬᠤᠨᠢᠭᠤᠯᠬᠤ ᠮᠦᠩᠬᠦ ᠭᠠᠷᠳᠠᠭᠤᠯᠵᠦ᠂ ᠪᠠᠶᠠᠷ ᠤᠨ ᠡᠳᠦᠷ ᠤᠨ ᠮᠡᠨᠳᠤᠴᠢᠯᠠᠯ ᠳᠡᠪᠰᠢᠬᠦᠯᠵᠡᠢ᠃      ᠽᠧᠩ ᠢ ᠴᠦᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ᠂ ᠬᠦᠮᠦᠨ ᠠᠮᠠ ᠶᠢᠨ ᠨᠠᠰᠤᠵᠢᠯ ᠢ ᠢᠳᠡᠪᠬᠢᠳᠠᠢ ᠠᠷᠭᠠᠴᠠᠵᠦ᠂ ᠨᠠᠰᠤᠵᠢᠯ ᠤᠨ ᠠᠰᠠᠷᠠᠮᠵᠢ᠂ ᠨᠠᠰᠤᠳᠠᠨ ᠢᠶᠠᠨ ᠠᠴᠢᠯᠠᠬᠤ᠂ ᠨᠠᠰᠤᠳᠠᠨ ᠢᠶᠠᠨ ᠬᠦᠨᠳᠦᠳᠭᠡᠬᠦ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠪᠠ ᠨᠡᠶᠢᠭᠡᠮ ᠤᠨ ᠤᠷᠴᠢᠨ ᠲᠤᠭᠤᠷᠢᠨ ᠢ ᠪᠠᠶᠢᠭᠤᠯᠤᠨ ᠪᠦᠷᠢᠯᠳᠦᠬᠦᠯᠬᠦ ᠭᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠠᠰᠤᠵᠢᠯ ᠎ ᠤᠨ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠨᠠᠰᠤᠲᠠᠶᠢᠴᠤᠳ ᠲᠤ ᠳᠠᠰᠤᠷᠠᠯᠳᠠ ᠦᠭᠡᠢ ᠪᠠᠷ ᠰᠠᠶᠢᠨ ᠰᠠᠶᠢᠬᠠᠨ ᠠᠮᠢᠳᠤᠷᠠᠯ ᠪᠠ ᠤᠷᠤᠰᠢᠨ ᠰᠠᠭᠤᠬᠤ ᠤᠷᠴᠢᠨ ᠲᠤᠭᠤᠷᠢᠨ ᠢ ᠪᠦᠷᠢᠯᠳᠦᠬᠦᠯᠦᠨ ᠦᠭᠴᠦ᠂ ᠨᠠᠰᠤᠲᠠᠶᠢᠴᠤᠳ ᠎ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠬᠦᠯᠵᠦ ᠪᠠᠶᠢᠨ᠎ᠠ᠃ ᠪᠢᠳᠠ ᠪᠦᠬᠦ ᠨᠡᠶᠢᠭᠡᠮ ᠳᠤ ᠨᠠᠰᠤᠵᠢᠯ ᠤᠨ ᠠᠰᠠᠷᠠᠮᠵᠢ᠂ ᠨᠠᠰᠤᠳᠠᠨ ᠢᠶᠠᠨ ᠠᠴᠢᠯᠠᠬᠤ᠂ ᠨᠠᠰᠤᠳᠠᠨ ᠢᠶᠠᠨ ᠬᠦᠨᠳᠦᠳᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠦ᠂ ᠨᠠᠰᠤ ᠠᠬᠢᠬᠤ ᠳᠤ ᠠᠰᠠᠷᠠᠮᠵᠢ ᠲᠠᠢ᠂ ᠨᠠᠰᠤ ᠠᠬᠢᠬᠤ ᠳᠤ ᠰᠤᠷᠭᠠᠨ ᠬᠦᠮᠦᠵᠢᠯ ᠲᠠᠢ᠂ ᠨᠠᠰᠤ ᠠᠬᠢᠬᠤ ᠳᠤ ᠪᠠᠶᠠᠷ ᠴᠡᠩᠭᠡᠯ ᠲᠠᠢ ᠪᠦᠭᠡᠳ ᠠᠮᠵᠢᠯᠳᠠ ᠪᠦᠳᠦᠮᠵᠢ ᠭᠠᠷᠭᠠᠬᠤ ᠳᠤ ᠨᠦᠬᠦᠴᠡᠯ ᠪᠦᠷᠢᠯᠳᠦᠭᠦᠯᠵᠤ ᠦᠭᠬᠦ ᠭᠡᠷᠡᠭᠲᠡᠢ ᠭᠡᠵᠦ ᠵᠢᠭᠠᠵᠦ ᠭᠠᠷᠭᠠᠪᠠ᠃      ᠯᠢᠦ ᠰᠢᠨ ᠯᠧ ᠬᠦᠬᠡᠬᠤᠳᠠ ᠶᠢᠨ ᠬᠤᠳᠤᠩ ᠠᠷᠠᠳ ᠤᠨ ᠲᠤᠭᠤᠷᠢᠬ ᠤᠨ ᠶᠢᠨ ᠬᠠᠢ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠪᠠ ᠮᠦᠰᠯᠢᠮ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ ᠰᠠᠭᠤᠭ᠎ᠠ ᠨᠠᠰᠤᠳᠠᠨ ᠢ ᠲᠤᠬᠤᠨᠢᠭᠤᠯᠬᠤ ᠶᠢᠨ ᠬᠠᠮᠳᠦ ᠲᠤᠬᠤᠨᠢᠭᠤᠯᠬᠤ ᠮᠦᠩᠬᠦ ᠭᠠᠷᠳᠠᠭᠤᠯᠪᠠ᠃ ᠳᠡᠷᠡ᠂ ᠡᠯ᠎ᠠ ᠱᠠᠳᠤᠨ ᠤ ᠵᠠᠰᠠᠭ ᠤᠨ ᠤᠷᠳᠤᠨ ᠪᠠ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠬᠢᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠠᠬᠢ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠲᠦᠬᠦᠭᠡᠷᠤᠮᠵᠢ ᠶᠢ ᠳᠡᠬᠦᠯᠳᠡᠷᠵᠢᠬᠦᠯᠵᠦ᠂ ᠨᠠᠰᠤᠲᠠᠶᠢᠴᠤᠳ ᠲᠤ ᠨᠠᠰᠤ ᠠᠬᠢᠬᠤ ᠳᠤ ᠠᠰᠠᠷᠠᠮᠵᠢ ᠲᠠᠢ᠂ ᠨᠠᠰᠤ ᠠᠬᠢᠬᠤ ᠳᠤ ᠪᠠᠶᠠᠷ ᠴᠡᠩᠭᠡᠯ ᠲᠠᠢ ᠪᠠᠶᠢᠬᠤ ᠰᠠᠶᠢᠨ ᠰᠠᠶᠢᠬᠠᠨ ᠨᠦᠬᠦᠴᠡᠯ ᠢ ᠪᠦᠷᠢᠯᠳᠦᠭᠦᠯᠵᠤ ᠦᠭᠬᠦ ᠭᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号