10 ᠳ᠋ᠤᠭᠠᠷ ᠰᠠᠷ᠎ᠠ ᠶᠢᠨ 28 ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ | ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠶᠢᠯᠠᠩ 47 ᠳ᠋ᠤᠭᠠᠷ ᠤᠳᠠᠭ᠎ᠠ ᠶᠢᠨ ︵ᠦᠷᠭᠡᠳᠭᠡᠭᠰᠡᠨ︶ | ᠬᠤᠷᠠᠯ ᠬᠤᠷᠠᠯᠳᠤᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠪᠦᠬᠦ | ᠤᠷᠤᠨ ᠤ ᠺᠠᠳ᠋ᠷᠴᠤᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠰᠤᠷᠤᠯᠴᠠᠨ | ᠤᠬᠠᠭᠤᠯᠵᠦ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠵᠠᠢ᠃ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠶᠢᠯᠠᠩ | ᠤᠨ ᠱᠦᠵᠢ᠂ ᠲᠠᠷᠢᠬᠦᠯᠡᠭᠴᠢ ᠷᠧᠨ ᠶᠠ ᠫᠢᠩ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠦ | ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠠᠷᠢᠬᠦᠯᠡᠭᠴᠢ | ᠴᠧᠨ ᠢᠥᠢ ᠬᠤᠷᠠᠯ ᠢ ᠡᠷᠬᠢᠯᠡᠵᠦ᠂ ᠳᠡᠳ᠋ ᠲᠠᠷᠢᠬᠦᠯᠡᠭᠴᠢ ᠸᠠᠩ ᠵᠦᠩ ᠡᠾᠧ᠂ ᠳ᠋ᠦᠩ ᠡᠾᠧᠩ ᠢᠥᠢ᠂ ᠵᠧᠩ ᠹᠦ᠋ | ᠲᠢᠶᠠᠨ᠂ ᠨᠢᠥ ᠭᠤᠸᠠᠩ ᠮᠢᠩ᠂ ᠴᠠᠩ ᠬᠠᠢ᠂ ᠯᠢᠶᠠᠩ ᠲᠢᠶᠧ ᠴᠧᠩ᠂ ᠯᠦᠸᠧ ᡁᠢ ᠬᠤ᠋ ᠵᠢᠴᠢ ᠨᠠᠷᠢᠨ ᠪᠢᠴᠢᠭ ᠤᠨ | ᠳᠠᠷᠤᠭ᠎ᠠ ᠸᠧᠢ ᠵᠢᠶᠦ᠋ᠨ ᠬᠤᠷᠠᠯ ᠳᠤ ᠤᠷᠤᠯᠴᠠᠵᠠᠢ᠃ | ᠷᠧᠨ ᠶᠠ ᠫᠢᠩ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠨᠢ ᠳᠡᠯᠡᠬᠡᠢ ᠳ᠋ᠠᠬᠢᠨ ᠤ ᠠᠩᠬᠠᠷᠤᠯ ᠢ | ᠲᠠᠲᠠᠵᠦ᠂ ᠤᠯᠤᠰ ᠲᠠᠶᠠᠭᠠᠷ ᠲᠤ ᠵᠦᠢᠷᠯᠠᠰᠢ ᠦᠬᠡᠢ ᠢᠲᠡᠭᠡᠯ ᠵᠤᠷᠢᠭ ᠪᠤᠯᠤᠨ ᠤᠮᠤᠬᠰᠢᠯᠲᠦ ᠰᠡᠳᠬᠢᠯᠭᠡ | ᠲᠦᠷᠦᠭᠳᠡᠬᠦᠯᠦᠭᠰᠡᠨ ᠴᠢᠬᠤᠯᠠ ᠶᠡᠭᠡ ᠡᠬᠦᠷᠭᠡ ᠬᠠᠷᠢᠭᠤᠴᠠᠯᠭ᠎ᠠ ᠶᠢ ᠡᠬᠦᠷᠭᠡᠯᠡᠭᠰᠡᠨ ᠲᠡᠥᠭᠡᠲᠦ ᠴᠢᠨᠠᠷᠲᠠᠢ ᠦᠪᠡᠳᠡᠭᠰᠢ | ᠬᠤᠷᠠᠯ ᠪᠠᠶᠢᠵᠦ᠂ ᠴᠠᠭ ᠦᠶ᠎ᠡ ᠶᠢ ᠵᠠᠭᠠᠬᠯᠠᠬᠰᠠᠨ ᠠᠭᠤᠤ ᠶᠡᠭᠡ ᠠᠴᠢ ᠬᠤᠯᠪᠤᠬᠳᠠᠯ ᠲᠠᠢ᠃ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢ ᠲᠦᠯᠦᠭᠡᠯᠡᠨ ᠶᠡᠭᠡ | ᠬᠤᠷᠠᠯ ᠳᠤ ᠬᠢᠭᠰᠡᠨ ᠢᠯᠡᠳᠭᠡᠯ ᠨᠢ ᠠᠯᠤᠰ ᠭᠡᠳᠤ ᠶᠢᠨ ᠠᠴᠢ ᠬᠤᠯᠪᠤᠭᠳᠠᠯ ᠲᠠᠢ᠂ ᠲᠤᠭ ᠲᠡᠮᠳᠡᠭ ᠢᠯᠡ ᠳᠤᠳᠤᠷᠬᠠᠢ᠂ | ᠤᠳᠬ᠎ᠠ ᠰᠠᠨᠠᠭ᠎ᠠ ᠬᠦᠨ ᠬᠦᠨᠵᠡᠬᠡᠢ ᠪᠠᠶᠢᠵᠤ᠂ ᠬᠦᠮᠦᠰ ᠢ ᠤᠷᠮᠠᠰᠢᠭᠤᠯᠤᠨ ᠵᠤᠷᠢᠬᠵᠢᠭᠤᠯᠵᠠᠢ᠃ ᠦᠩᠭᠡᠷᠡᠭᠰᠡᠨ | ᠲᠠᠪᠤᠨ ᠵᠢᠯ ᠤᠨ ᠨᠠᠮ ᠪᠤᠯᠤᠨ ᠤᠯᠤᠰ ᠤᠨ ᠠᠵᠢᠯ ᠦᠢᠯᠡᠰ ᠤᠨ ᠲᠡᠥᠭᠡᠲᠦ ᠴᠢᠨᠠᠷᠲᠠᠢ ᠠᠮᠵᠢᠯᠲᠠ ᠪᠦᠳᠤᠮᠵᠢ᠂ | ᠲᠡᠥᠭᠡᠲᠦ ᠴᠢᠨᠠᠷᠲᠠᠢ ᠬᠤᠪᠢᠷᠠᠯᠳᠠ ᠵᠢᠴᠢ ᠰᠢᠯᠳᠠᠭᠠᠨ ᠢ ᠬᠦᠨᠵᠡᠬᠡᠢ ᠰᠤᠷᠤᠯᠴᠠᠨ ᠤᠠᠬᠪᠤᠷᠢᠯᠠᠵᠤ᠂ ᠳᠤᠮᠳᠠᠳᠦ ᠤᠯᠤᠰ | ᠤᠨ ᠤᠨᠴᠠᠯᠢᠭ ᠲᠠᠢ ᠨᠡᠶᠢᠬᠡᠮ ᠵᠢᠷᠦᠮ ᠤᠨ ᠰᠢᠨ᠎ᠠ ᠴᠠᠭ ᠦᠶ᠎ᠡ ᠳᠤ ᠤᠷᠤᠬᠰᠠᠨ ᠰᠢᠨ᠎ᠠ ᠤᠨᠴᠠᠯᠢᠭ ᠢ ᠰᠤᠷᠤᠯᠴᠠᠨ | ᠤᠬᠠᠪᠤᠷᠢᠯᠠᠵᠦ᠂ ᠮᠠᠨ ᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠳᠤ ᠬᠤᠪᠢᠷᠠᠯᠲᠠ ᠭᠠᠷᠤᠭᠰᠠᠨ ᠰᠢᠨ᠎ᠠ | ᠨᠤᠲᠠᠯᠠᠯᠲᠠ ᠶᠢ ᠰᠤᠷᠤᠯᠴᠠᠨ ᠤᠬᠠᠪᠤᠷᠢᠯᠠᠵᠦ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ | ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢᠨ ᠲᠡᠥᠬᠡ ᠶᠢᠨ ᠪᠠᠶᠢᠷᠢ ᠰᠠᠭᠤᠷᠢ ᠪᠤᠯᠤᠨ ᠵᠢᠯᠤᠭᠤᠳᠬᠤ | ᠠᠴᠢ ᠬᠤᠯᠪᠤᠬᠳᠠᠯ ᠢ ᠰᠤᠷᠤᠯᠴᠠᠨ ᠤᠬᠠᠪᠤᠷᠢᠯᠠᠵᠦ᠂ ᠰᠢᠨ᠎ᠠ ᠴᠠᠭ ᠦᠶ᠎ᠡ ᠶᠢᠨ ᠨᠠᠮ ᠤᠨ ᠲᠡᠥᠭᠡᠲᠦ ᠡᠬᠦᠷᠭᠡ ᠪᠤᠯᠤᠨ | ᠨᠠᠮ ᠤᠨ ᠪᠠᠶᠢᠭᠤᠯᠤᠯᠲᠠ ᠶᠢᠨ ᠰᠢᠨ᠎ᠠ ᠱᠠᠭᠠᠷᠳᠠᠯᠭ᠎ᠠ ᠶᠢ ᠰᠤᠷᠤᠯᠴᠠᠨ ᠤᠬᠠᠪᠤᠷᠢᠯᠠᠵᠦ᠂ ᠦᠵᠡᠯ ᠰᠠᠨᠠᠭ᠎ᠠ ᠪᠤᠯᠤᠨ | ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠲᠡᠭᠡᠷ᠎ᠠ ᠨᠢᠭᠡᠳᠭᠡᠵᠤ᠂ | ᠤᠢ ᠤᠬᠠᠭᠠᠨ ᠪᠠ ᠬᠦᠴᠦᠨ ᠴᠢᠳᠠᠯ ᠢᠶᠠᠨ ᠠᠷᠪᠠ ᠶᠢᠰᠦᠳᠦᠬᠡᠷ ᠶᠡᠭᠡ ᠬᠤᠷᠠᠯ ᠠᠴᠠ ᠲᠤᠬᠲᠠᠭᠠᠬᠰᠠᠨ ᠬᠠᠷᠠᠯᠲᠠ | ᠡᠬᠦᠷᠭᠡ ᠳᠡᠭᠡᠷ᠎ᠡ ᠲᠦᠪᠯᠡᠷᠡᠬᠦᠯᠬᠦ ᠬᠡᠷᠡᠭᠲᠡᠢ ᠭᠡᠵᠦ ᠵᠢᠭᠠᠵᠦ ᠭᠠᠷᠭᠠᠵᠠᠢ᠃ | ᠷᠧᠨ ᠶᠠ ᠫᠢᠩ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠲᠤᠷ | ᠰᠤᠷᠤᠯᠴᠠᠬᠤ᠂ ᠰᠠᠶᠢᠲᠤᠷ ᠤᠬᠠᠭᠤᠯᠬᠤ᠂ ᠰᠠᠶᠢᠲᠤᠷ ᠲᠤᠤᠱᠯᠠᠭᠤᠯᠬᠤ ᠨᠢ ᠤᠳᠤᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠲᠡᠷᠢᠬᠦᠨ ᠴᠢᠬᠤᠯᠠ ᠤᠯᠤᠰ ᠲᠦᠷᠦ ᠶᠢᠨ ᠡᠬᠦᠷᠭᠡ ᠪᠤᠯᠤᠨ᠎ᠠ᠃ ᠤᠯᠤᠰ ᠲᠦᠷᠦ ᠶᠢᠨ ᠵᠦᠪᠯᠡᠯᠬᠡᠨ | ᠤ ᠨᠠᠮ ᠤᠨ ᠤᠳᠤᠷᠢᠳᠬᠤ ᠳᠤᠭᠤᠶᠢᠯᠠᠩ ᠲᠦᠪ ᠤᠨ ᠪᠠᠶᠢᠷᠢᠯᠠᠭᠤᠯᠤᠯᠲᠠ ᠪᠤᠯᠤᠨ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠤᠰᠤᠭᠠᠷ᠂ ᠨᠠᠷᠢᠨ ᠨᠢᠮᠪᠠᠢ ᠵᠤᠬᠢᠶᠠᠨ ᠪᠠᠶᠢᠭᠤᠯᠵᠦ᠂ ᠲᠦᠷᠦᠬᠦᠯᠡᠨ | ᠰᠤᠷᠤᠯᠴᠠᠨ ᠲᠤᠤᠱᠯᠠᠭᠤᠯᠵᠦ᠂ ᠤᠯᠤᠰ ᠲᠦᠷᠦ ᠶᠢᠨ ᠵᠦᠪᠯᠡᠯᠬᠡᠨ ᠤ ᠪᠠᠶᠢᠭᠤᠯᠭ᠎ᠠ ᠶᠢᠨ ᠢᠶᠠᠨ ᠬᠦᠳᠤᠯᠤᠨ | ᠲᠠᠭᠠᠭᠤᠯᠵᠤ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠦ | ᠲᠤᠤᠱᠯᠠᠭᠤᠯᠬᠤ ᠬᠠᠯᠠᠭᠤᠨ ᠦᠷᠨᠢᠯᠲᠡ ᠶᠢ ᠲᠠᠷᠤᠢ ᠲᠦᠷᠭᠡᠨ ᠭᠠᠷᠭᠠᠬᠤ ᠬᠡᠷᠡᠭᠲᠡᠢ᠃ ᠨᠠᠮ ᠤᠨ ᠠᠷᠪᠠ ᠶᠢᠰᠦᠳᠦᠬᠡᠷ | ᠶᠡᠭᠡ ᠬᠤᠷᠠᠯ ᠤᠨ ᠢᠯᠡᠳᠭᠡᠯ ᠳᠠᠬᠢ ᠵᠦᠪᠯᠡᠬᠦ ᠠᠷᠠᠳᠴᠢᠯᠠᠯ ᠤᠨ ᠴᠢᠬᠤᠯᠠ ᠱᠠᠭᠠᠷᠳᠠᠯᠭ᠎ᠠ ᠶᠤᠰᠤᠭᠠᠷ᠂ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠭᠡᠬᠦ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠪᠠᠨ ᠳᠡᠭᠡᠭᠰᠢᠯᠡᠬᠦᠯᠤᠨ᠂ ᠲᠤᠰᠢᠶᠠᠯ ᠬᠠᠷᠢᠭᠤᠴᠠᠯᠭ᠎ᠠ ᠪᠠᠨ | ᠬᠦᠢᠴᠡᠳᠭᠡᠬᠦ ᠪᠤᠲᠠᠳᠦ ᠦᠷ᠎ᠡ ᠪᠦᠲᠦᠮᠵᠢ ᠪᠠᠨ ᠨᠡᠮᠡᠭᠳᠡᠭᠦᠯᠵᠦ᠂ ᠤᠨᠢᠨ ᠲᠡᠭᠡᠷ᠎ᠠ ᠨᠢ ᠠᠷᠭ᠎ᠠ ᠤᠬᠠᠭᠠᠨ ᠭᠠᠷᠭᠠᠵᠦ | ᠠᠷᠭ᠎ᠠ ᠪᠤᠳᠤᠯᠭ᠎ᠠ ᠲᠡᠪᠰᠢᠬᠦᠯᠤᠨ᠂ ᠲᠦᠷᠦ ᠶᠢᠨ ᠶᠠᠪᠤᠳᠠᠯ ᠢ ᠵᠦᠪᠯᠡᠵᠦ ᠬᠢᠨᠠᠯᠲᠠ ᠳᠠᠯᠪᠢᠬᠤ ᠳᠠᠭᠠᠨ ᠵᠠᠩᠬᠢᠯᠠᠭ᠎ᠠ ᠶᠢ | ᠠᠳᠬᠤᠵᠦ᠂ ᠢᠮᠠᠬᠳᠠ ᠦᠯᠦ ᠬᠤᠶᠢᠷᠭᠤᠰᠢᠬᠤ ᠤᠶᠤᠨ ᠰᠠᠨᠠᠭᠠᠨ ᠤ ᠲᠦᠷᠰᠤ ᠪᠠᠶᠢᠳᠠᠯ ᠪᠤᠯᠤᠨ ᠴᠤᠴᠠᠯᠳᠠ ᠦᠭᠡᠢ | ᠤᠷᠤᠭᠰᠢᠯᠠᠬᠤ ᠲᠠᠮᠠᠴᠠᠯ ᠤᠨ ᠲᠦᠷᠰᠤ ᠪᠠᠶᠢᠳᠠᠯ ᠢᠶᠠᠷ ︽ᠦᠵᠡᠰᠬᠦᠯᠡᠩᠲᠦ ᠰᠠᠶᠢᠬᠠᠨ ᠦᠪᠦᠷ ᠮᠤᠩᠭᠤᠯ ᠢᠶᠠᠨ | ᠪᠦᠲᠦᠬᠡᠨ ᠪᠠᠶᠢᠭᠤᠯᠵᠦ ᠠᠭᠤᠥ ᠶᠡᠭᠡ ᠳᠤᠮᠳᠠᠳᠦ ᠶᠢᠨ ᠵᠡᠬᠦᠳᠦ ᠪᠠᠨ ᠬᠠᠮᠲᠤᠪᠡᠷ ᠲᠡᠷᠭᠡᠯᠰᠢᠬᠦᠯᠬᠦ︾ ᠳᠤ ᠤᠯᠤᠰ | ᠲᠦᠷᠦ ᠶᠢᠨ ᠵᠦᠪᠯᠡᠯᠬᠡᠨ ᠤ ᠤᠢ ᠤᠬᠠᠭᠠᠨ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠤᠨ ᠳᠠᠷᠠᠭ᠎ᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ | ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ 72 ᠳ᠋ᠤᠭᠠᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠢ | ᠬᠤᠷᠠᠯᠳᠤᠭᠤᠯᠵᠦ᠂ ︽ᠮᠠᠨ ᠤ ᠤᠷᠤᠨ ᠤ ᠤᠨᠴᠠᠯᠢᠬᠲᠦ ᠮᠦᠽᠸᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ | ᠬᠦᠭᠵᠢᠯᠲᠡ ᠶᠢ ᠠᠬᠢᠭᠤᠯᠬᠤ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ︾᠂ ︽ᠬᠠᠥᠯᠢ ᠶᠤᠰᠤᠭᠠᠷ ᠵᠠᠰᠠᠭ | ᠶᠠᠪᠤᠭᠤᠯᠬᠤ ᠲᠦᠷᠢᠮ ᠤᠨ ᠰᠢᠰᠲ᠋ᠧᠮ ᠢ ᠲᠡᠭᠦᠯᠳᠡᠷᠵᠢᠬᠦᠯᠵᠤ᠂ ᠦᠪᠡᠷᠲᠡᠭᠡᠨ ᠵᠠᠰᠠᠬᠤ ᠤᠷᠤᠨ ᠤ ᠬᠠᠥᠯᠢᠵᠢᠯ ᠤᠨ | ᠵᠠᠰᠠᠭ ᠤᠨ ᠤᠷᠲᠦᠨ ᠤ ᠪᠠᠶᠢᠭᠤᠯᠤᠯᠲᠠ ᠶᠢ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ︾ | ᠶᠢ ᠬᠢᠨᠠᠨ ᠵᠦᠪᠯᠡᠪᠠ᠃ |