ᠡᠨᠡ ᠵᠢᠯ ᠥᠪᠥᠷ ᠮᠣᠩᠭᠤᠯ ︽ᠭᠤᠷᠪᠠᠨ ᠣᠷᠣᠨ︾᠎ ᠤ ᠰᠢᠨᠵᠢᠯᠡᠬᠦ ᠤᠬᠠᠭᠠᠨ ᠮᠡᠷᠭᠡᠵᠢᠯ ᠤᠨ 896 ᠠᠵᠢᠯᠲᠠᠨ ᠢ ᠦᠨᠳᠦᠰᠦᠨ ᠱᠠᠲᠤᠨ ᠳᠤ ᠦᠢᠯᠡᠴᠢᠯᠡᠭᠦᠯᠬᠦ ᠪᠠᠷ ᠰᠣᠩᠭᠤᠨ ᠲᠣᠮᠢᠯᠠᠪᠠ
ᠨᠡᠶᠢᠲᠡᠯᠡᠭᠰᠡᠨ ᠴᠠᠭ᠄
2017/10/30
      ᠦᠢᠷ᠎ᠠ ᠶᠢᠨ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠥᠪᠥᠷ ᠮᠣᠩᠭᠤᠯ ᠤᠨ ᠰᠣᠩᠭᠤᠨ ᠲᠣᠮᠢᠯᠠᠬᠤ ︽ᠭᠤᠷᠪᠠᠨ ᠣᠷᠣᠨ︾᠎ ᠤ ᠰᠢᠨᠵᠢᠯᠡᠬᠦ ᠤᠬᠠᠭᠠᠨ ᠮᠡᠷᠭᠡᠵᠢᠯ ᠤᠨ 896 ᠠᠵᠢᠯᠲᠠᠨ ᠢ ᠵᠥᠪᠰᠢᠶᠡᠷᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ 114 ᠠᠵᠢᠯᠲᠠᠨ ᠳᠤ ᠪᠣᠯᠪᠠᠰᠤᠷᠠᠯ ᠬᠥᠷᠲᠡᠭᠡᠨ᠂ ᠲᠥᠪ ᠤᠨ ᠡᠳ᠋ ᠤᠨ ᠵᠠᠰᠠᠭ ᠠᠴᠠ ᠵᠠᠷᠤᠳᠠᠯ ᠤᠨ ᠳᠡᠮᠵᠢᠯᠭᠡ 1806 ᠲᠦᠮᠡᠨ ᠲᠥᠭᠦᠷᠢᠭ ᠣᠯᠪᠠ᠃ ︽ᠭᠤᠷᠪᠠᠨ ᠣᠷᠣᠨ︾᠎ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠲᠤᠰᠬᠠᠶ ᠲᠥᠯᠥᠪᠯᠡᠭᠡ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠤᠨ ᠬᠡᠷᠡᠭᠵᠢᠭᠦᠯᠦᠯᠲᠡ ᠳᠠᠬᠢ ︽ᠬᠢᠯᠢ ᠬᠢᠵᠠᠭᠠᠷ ᠤᠨ ᠶᠠᠳᠠᠭᠤ ᠬᠥᠴᠢᠷᠳᠡᠯᠲᠡᠢ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠣᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢ ᠴᠢᠳᠠᠪᠤᠷᠢᠲᠠᠨ ᠢᠶᠠᠷ ᠳᠡᠮᠵᠢᠬᠦ ᠲᠥᠯᠥᠪᠯᠡᠭᠡ︾᠎ ᠶᠢᠨ ᠲᠤᠰᠬᠠᠶ ᠵᠦᠢᠯ ᠤᠨ ᠨᠢᠭᠡ ᠨᠢ ᠮᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠲᠦᠷᠦᠭᠦᠯᠡᠨ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠬᠥᠲᠥᠯᠥᠨ ᠵᠢᠯᠣᠭᠤᠳᠴᠤ ᠬᠢᠯᠢ ᠬᠢᠵᠠᠭᠠᠷ ᠤᠨ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ︵︽ᠭᠤᠷᠪᠠᠨ ᠣᠷᠣᠨ︾ ᠭᠡᠵᠦ ᠲᠣᠪᠴᠢᠯᠠᠨ᠎ᠠ︶᠎ ᠲᠤ ᠣᠴᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠬᠢᠬᠦ ᠪᠠ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠢᠳᠡᠪᠬᠢᠲᠡᠶ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ︽ᠭᠤᠷᠪᠠᠨ ᠣᠷᠣᠨ︾᠎ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠬᠦ ᠢᠳᠡᠪᠬᠢ ᠦᠢᠯᠡᠳᠦᠯ ᠢ ᠨᠢ ᠭᠦᠢᠴᠡᠳ ᠪᠠᠳᠠᠷᠠᠭᠤᠯᠵᠦ᠂ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠤᠶᠤᠨ ᠮᠡᠳᠡᠯᠭᠡ ᠶᠢᠨ ᠳᠡᠮᠵᠢᠯᠭᠡ᠂ ᠮᠡᠷᠭᠡᠵᠢᠯ ᠤᠨ ᠳᠡᠮᠵᠢᠯᠭᠡ ᠦᠵᠡᠭᠦᠯᠬᠦ ᠶᠢ ᠥᠷᠭᠡᠳᠬᠡᠬᠦ ᠪᠠᠷ ᠵᠣᠷᠢᠯᠭ᠎ᠠ ᠪᠣᠯᠭᠠᠵᠠᠢ᠃      ᠪᠦᠷᠢᠳᠬᠡᠯ ᠢ ᠦᠨᠳᠦᠰᠦᠯᠡᠪᠡᠯ᠂ 2014 ᠣᠨ ᠳᠤ ︽ᠭᠤᠷᠪᠠᠨ ᠣᠷᠣᠨ︾᠎ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠲᠤᠰᠬᠠᠶ ᠲᠥᠯᠥᠪᠯᠡᠭᠡ ᠶᠢ ᠬᠡᠷᠡᠭᠵᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠡ ᠪᠦᠯᠦᠭ ᠰᠢᠯᠢᠳᠡᠭ ᠠᠵᠢᠯᠲᠠᠳ ᠢ ᠰᠤᠩᠭᠤᠨ ᠲᠤᠬᠠᠶ ᠶᠢᠨ ᠭᠠᠵᠠᠷ ᠤᠨ ᠠᠵᠤ ᠠᠬᠤᠶᠢᠯᠠᠯ᠂ ᠲᠠᠷᠢᠶᠠᠯᠠᠩ ᠤᠨ ᠠᠵᠤ ᠠᠬᠤᠶ ᠶᠢᠨ ᠬᠠᠮᠲᠤᠷᠠᠨ ᠠᠵᠢᠯᠯᠠᠬᠤ ᠵᠣᠬᠢᠶᠠᠨ ᠪᠠᠶᠢᠭᠤᠯᠤᠯᠲᠠ᠂ ᠳᠠᠷᠢᠵᠤ ᠲᠡᠵᠢᠭᠡᠬᠦ ᠲᠣᠮᠣ ᠡᠷᠦᠬᠡ ᠵᠢᠴᠢ ᠶᠠᠳᠠᠭᠤ ᠭᠦᠴᠢᠷᠳᠡᠯᠲᠡᠢ ᠲᠣᠰᠬᠤᠨ᠂ ᠶᠠᠳᠠᠭᠤ ᠬᠦᠴᠢᠷᠳᠡᠯᠲᠡᠶ ᠡᠷᠦᠬᠡ ᠯᠦᠭᠡ ᠬᠤᠣᠰᠯᠠᠯ ᠪᠣᠯᠭᠠᠵᠤ᠂ ᠲᠤᠬᠠᠶ ᠶᠢᠨ ᠭᠠᠵᠠᠷ ᠤᠨ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠤᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ᠂ ᠮᠡᠷᠭᠡᠵᠢᠯ ᠤᠨ ᠪᠣᠯᠪᠠᠰᠤᠷᠠᠯ ᠬᠥᠷᠲᠡᠭᠡᠬᠦ᠂ ᠦᠷ᠎ᠡ ᠪᠦᠲᠦᠭᠡᠯ ᠢ ᠳᠡᠯᠭᠡᠷᠡᠭᠦᠯᠬᠦ ᠪᠠ ᠬᠡᠷᠡᠭᠯᠡᠬᠦ ᠶᠢᠨ ᠵᠢᠱᠢᠶ᠎ᠡ ᠦᠵᠡᠭᠦᠯᠬᠦ ᠠᠵᠢᠯᠯᠠᠭᠠᠨ ᠥᠷᠨᠢᠭᠦᠯᠵᠦ᠂ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠳᠠᠭᠤ ᠶᠢ ᠲᠡᠳᠬᠦᠬᠦ ᠠᠵᠢᠯ ᠳᠤ ᠴᠢᠬᠤᠯᠠ ᠦᠢᠯᠡᠳᠦᠯ ᠦᠵᠡᠭᠦᠯᠵᠡᠢ᠃ ᠥᠨᠥ ᠪᠣᠯᠬᠤ ᠳᠤ᠂ ᠪᠥᠬᠦ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠨᠡᠶᠢᠲᠡ 3314 ᠰᠣᠩᠭᠤᠨ ᠲᠣᠮᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ 400 ᠭᠠᠷᠤᠢ ᠬᠦᠮᠦᠨ ᠤᠳᠠᠭ᠎ᠠ ᠪᠣᠯᠪᠠᠰᠤᠷᠠᠭᠤᠯᠵᠤ᠂ ᠲᠥᠪ ᠤᠨ ᠡᠳ᠋ ᠤᠨ ᠵᠠᠰᠠᠭ ᠠᠴᠠ 6716 ᠲᠦᠮᠡᠨ ᠲᠥᠭᠦᠷᠢᠭ ᠤᠨ ᠵᠠᠷᠤᠳᠠᠯ ᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号