10 ᠳ᠋ᠤᠭᠠᠷ ᠰᠠᠷ᠎ᠠ ᠶᠢᠨ 27 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ | ᠤᠷᠤᠨ ᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠪᠠ᠃ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠭᠰᠠᠨ ᠤ ᠬᠠᠮᠳᠣ ᠶᠠᠷᠢᠶ᠎ᠠ ᠲᠠᠯᠪᠢᠪᠠ᠃ ᠳᠡᠷᠡ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ | ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠲᠡᠭᠡᠷ᠎ᠠ ᠨᠢᠭᠡᠳᠭᠡᠵᠤ᠂ ᠤᠶᠤᠨ | ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠬᠳᠠᠭᠠᠬᠰᠠᠨ ᠬᠠᠷᠠᠯᠳᠠ | ᠡᠭᠦᠷᠭᠡ ᠲᠡᠭᠡᠷ᠎ᠠ ᠲᠦᠪᠯᠡᠷᠡᠭᠦᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ︽ᠦᠵᠡᠰᠭᠦᠯᠡᠩᠳᠦ | ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ | ᠲᠡᠷᠬᠡᠯᠰᠢᠭᠦᠯᠭᠦ︾ ᠶᠢᠨ ᠲᠦᠯᠦᠭᠡ ᠴᠦᠭᠦᠷᠡᠯ ᠦᠭᠡᠢ ᠲᠡᠮᠡᠴᠡᠭᠦ ᠬᠡᠷᠡᠭᠳᠡᠢ ᠬᠡᠵᠤ ᠴᠢᠬᠤᠯᠠᠴᠢᠯᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠭᠡᠨ ᠤ ᠲᠡᠷᠢᠭᠦᠯᠡᠭᠴᠢ ᠷᠸᠠ ᠶᠠ ᠫᠢᠩ ᠨᠠᠷ ᠬᠤᠷᠠᠯ ᠳᠤ ᠤᠷᠤᠯᠴᠠᠪᠠ᠃ | ᠯᠢ ᠵᠢᠢ ᠾᠧᠩ ᠵᠢᠭᠠᠬᠤ ᠳᠠᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠱᠠᠳᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ | ᠰᠢᠨ᠎ᠠ ᠴᠠᠭ ᠦᠶ᠎ᠠ ᠳᠤ ᠤᠷᠤᠬᠰᠠᠨ ᠵᠠᠩᠬᠢᠯᠠᠭ᠎ᠠ ᠶᠢᠨ ᠴᠠᠭ ᠦᠶ᠎ᠠ ᠳᠤ ᠬᠤᠷᠠᠯᠳᠤᠭᠤᠯᠤᠬᠰᠠᠨ ᠨᠢᠭᠡ ᠤᠳᠠᠭ᠎ᠠ ᠶᠢᠨ | ᠲᠦᠢᠯ ᠤᠨ ᠴᠢᠬᠤᠯᠠ ᠶᠡᠭᠡ ᠬᠤᠷᠠᠯ ᠪᠤᠯᠤᠨ᠎ᠠ᠂ ᠮᠦᠨ ᠴᠤ ᠨᠠᠮ ᠠᠴᠠ ᠠᠷᠠᠳ ᠲᠦᠮᠡᠨ ᠢ ᠤᠳᠤᠷᠢᠳᠤᠨ ᠨᠡᠶᠢᠭᠡᠮ | ᠵᠢᠷᠤᠮ ᠤᠨ ᠤᠳᠤᠬᠢᠴᠢᠯᠠᠬᠰᠠᠨ ᠤᠯᠤᠰ ᠢ ᠪᠦᠳᠦᠭᠡᠨ ᠪᠠᠶᠢᠭᠤᠯᠬᠤ ᠰᠢᠨ᠎ᠠ ᠠᠶᠠᠨ ᠢ ᠡᠬᠢᠯᠡᠭᠦᠯᠦᠭᠰᠡᠨ ᠨᠢᠭᠡ | ᠤᠳᠠᠭ᠎ᠠ ᠶᠢᠨ ᠶᠡᠭᠡ ᠬᠤᠷᠠᠯ ᠪᠤᠯᠤᠨ᠎ᠠ᠃ ᠶᠡᠭᠡ ᠬᠤᠷᠠᠯ ᠳᠤ ᠤᠯᠤᠰ ᠲᠠᠶᠠᠭᠠᠷ ᠢᠶᠠᠨ ᠰᠡᠳᠬᠢᠯ ᠲᠠᠯᠪᠢᠵᠤ᠂ ᠲᠡᠯᠡᠬᠡᠢ | ᠳ᠋ᠠᠬᠢᠨ ᠤ ᠠᠩᠠᠬᠷᠤᠯ ᠢ ᠲᠠᠳᠠᠵᠤ᠂ ᠤᠷᠢᠳ ᠡᠮᠦᠨ᠎ᠠ ᠪᠠᠶᠢᠭ᠎ᠠ ᠦᠭᠡᠢ ᠦᠪᠡᠳᠡᠭᠰᠢ ᠪᠠᠶᠢᠳᠠᠯ᠂ ᠦᠯᠡᠮᠵᠢ ᠦᠷ᠎ᠠ | ᠪᠦᠳᠦᠭᠡᠯ ᠲᠠᠢ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠣᠯᠬᠤ | ᠂ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ | ᠲᠡᠮᠡᠴᠡᠨ ᠤᠯᠬᠤ ᠴᠠᠭ ᠦᠶ᠎ᠠ ᠶᠢᠨ ᠪᠦᠷᠢᠶ᠎ᠠ ᠶᠢ ᠬᠠᠩᠬᠢᠨᠠᠭᠤᠯᠵᠤ᠂ ᠨᠠᠮ ᠪᠤᠯᠤᠨ ᠤᠯᠤᠰ ᠤᠨ ᠲᠡᠤᠭᠡᠨ ᠲᠡᠭᠡᠷ᠎ᠠ ᠴᠠᠭ | ᠦᠶ᠎ᠠ ᠶᠢ ᠵᠠᠭᠠᠬᠯᠠᠬᠰᠠᠨ ᠪᠠ ᠬᠦᠰᠢᠶ᠎ᠠ ᠲᠤᠷᠠᠰᠬᠠᠯ ᠤᠨ ᠴᠢᠬᠤᠯᠠ ᠠᠴᠢ ᠬᠤᠯᠪᠤᠬᠳᠠᠯ ᠲᠠᠢ ᠪᠠᠶᠢᠵᠤ᠂ ᠨᠠᠮ ᠪᠤᠯᠤᠨ | ᠤᠯᠤᠰ ᠤᠨ ᠦᠢᠯᠡᠰ ᠤᠨ ᠬᠦᠭᠵᠢᠯᠳᠡ ᠳᠤ ᠤᠷᠤᠬᠰᠢᠯᠠᠯᠳᠠ ᠶᠢᠨ ᠴᠢᠭᠯᠡᠯ ᠢ ᠵᠢᠭᠠᠨ ᠦᠭᠴᠤ᠂ ᠪᠠᠳᠤ ᠴᠢᠩᠭ᠎ᠠ | ᠪᠠᠳᠤᠯᠠᠭ᠎ᠠ ᠬᠠᠩᠭᠠᠪᠠ ᠭᠡᠵᠡᠢ᠃ | ᠯᠢ ᠵᠢᠢ ᠾᠧᠩ ᠵᠢᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠦᠪ ᠬᠤᠷᠢᠶ᠎ᠠ ᠶᠢ ᠲᠦᠯᠦᠭᠡᠯᠡᠨ ᠬᠢᠭᠰᠡᠨ ᠢᠯᠡᠳᠭᠡᠯ ᠨᠢ᠂ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ | ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠭᠦ︾ ᠴᠢᠬᠤᠯᠠ | ᠦᠵᠡᠯ ᠰᠠᠨᠠᠭ᠎ᠠ᠂ ᠰᠢᠨᠵᠢᠯᠡᠭᠦ ᠤᠬᠠᠭᠠᠨᠴᠢ ᠬᠦᠭᠵᠢᠯᠳᠡ ᠶᠢᠨ ᠦᠵᠡᠯᠳᠡ᠂ ᠰᠢ ᠶᠢᠨ ᠫᠢᠩ ᠤᠨ ᠰᠢᠨ᠎ᠠ ᠴᠠᠭ | ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠭᠦ ᠡᠨᠡᠭᠦ ᠭᠤᠤᠯ | ᠰᠢᠵᠢᠮ ᠤᠨ ᠲᠤᠭᠤᠷᠢᠨ ᠳᠤ᠂ ᠤᠨᠤᠯ ᠪᠠ ᠦᠢᠯᠡᠳᠦᠯᠭᠡ᠂ ᠲᠡᠤᠭᠡ ᠪᠤᠯᠤᠨ ᠤᠳᠤ᠂ ᠲᠡᠯᠡᠬᠡᠢ ᠪᠠ ᠤᠯᠤᠰ ᠤᠨ | ᠲᠤᠳᠤᠭᠠᠳᠦ ᠶᠢ ᠤᠶᠠᠯᠳᠤᠭᠤᠯᠬᠤ ᠦᠨᠳᠦᠷᠴᠡ ᠠᠴᠠ᠂ ᠮᠠᠷᠺᠰ ᠤᠨ ᠦᠵᠡᠯ ᠤᠨ ᠦᠷᠭᠡᠨ ᠬᠠᠷᠠᠴᠠ ᠪᠠᠷ᠂ | ᠲᠡᠯᠡᠬᠡᠢ ᠶᠢᠨ ᠬᠦᠭᠵᠢᠯᠳᠡ ᠶᠢᠨ ᠶᠡᠭᠡ ᠬᠠᠨᠳᠤᠰᠢ ᠪᠤᠯᠤᠨ ᠲᠤᠮᠳᠠᠳᠤ ᠤᠯᠤᠰ ᠤᠨ ᠲᠠᠪᠰᠢᠯᠳᠠ ᠶᠢᠨ ᠶᠡᠭᠡ ᠲᠠᠯ᠎ᠠ ᠶᠢ | ᠬᠦᠨᠵᠡᠭᠡᠢ ᠠᠵᠢᠬᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠪᠤᠯᠤᠨ ᠤᠯᠤᠰ ᠤᠨ | ᠦᠢᠯᠡᠰ ᠤᠨ ᠲᠡᠤᠭᠡᠳᠦ ᠴᠢᠨᠠᠷᠳᠠᠢ ᠠᠮᠵᠢᠯᠳᠡ ᠪᠤᠯᠤᠨ ᠲᠡᠤᠭᠡᠳᠦ ᠴᠢᠨᠠᠷᠳᠠᠢ ᠬᠤᠪᠢᠰᠦᠯᠳᠠ ᠶᠢ ᠬᠦᠨᠵᠡᠭᠡᠢ ᠳ᠋ᠦᠩᠨᠡᠵᠤ᠂ | ᠰᠢᠨ᠎ᠠ ᠴᠠᠭ ᠦᠶ᠎ᠠ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠭᠦ | ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠤᠳ ᠲᠤ ᠬᠦᠨᠵᠡᠭᠡᠢ ᠬᠠᠷᠢᠭᠤᠯᠳᠠ ᠦᠭᠴᠦ᠂ | ᠢᠷᠡᠭᠡᠳᠦᠢ ᠶᠢᠨ ᠨᠢᠭᠡ ᠬᠡᠰᠡᠭ ᠬᠤᠭᠤᠴᠠᠭᠠᠨ ᠳᠠᠬᠢ ᠨᠠᠮ ᠪᠤᠯᠤᠨ ᠤᠯᠤᠰ ᠤᠨ ᠠᠵᠢᠯ ᠤᠨ ᠲᠤᠮᠤ ᠪᠤᠳᠤᠯᠭ᠎ᠠ | ᠴᠢᠭᠯᠡᠯᠳᠡ ᠪᠠ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠭᠡᠢ ᠲᠤᠳᠤᠷᠬᠠᠶᠢᠯᠠᠵᠤ᠂ ᠠᠯᠢ ᠣᠯᠠᠨ | ᠰᠢᠨ᠎ᠠ ᠴᠢᠬᠤᠯᠠ ᠦᠵᠡᠯ ᠰᠠᠨᠠᠭ᠎ᠠ᠂ ᠴᠢᠬᠤᠯᠠ ᠦᠵᠡᠯᠳᠡ᠂ ᠴᠢᠬᠤᠯᠠ ᠮᠠᠭᠠᠳᠯᠠᠯᠳᠠ᠂ ᠴᠢᠬᠤᠯᠠ ᠠᠷᠭ᠎ᠠ | ᠬᠡᠮᠵᠢᠶ᠎ᠠ ᠶᠢ ᠲᠤᠳᠤᠷᠬᠠᠢ ᠳᠤᠷᠠᠳᠤᠭᠰᠠᠨ ᠢᠶᠠᠷ᠂ ᠲᠤᠭ ᠢ ᠮᠠᠨᠳᠤᠭᠤᠯᠤᠨ᠂ ᠴᠢᠭᠯᠡᠯ ᠢ ᠵᠢᠭᠠᠵᠤ᠂ ᠠᠷᠭ᠎ᠠ | ᠪᠤᠳᠤᠯᠭ᠎ᠠ ᠶᠢ ᠲᠤᠳᠤᠷᠬᠠᠶᠢᠯᠠᠨ᠂ ᠠᠤᠭ᠎ᠠ ᠲᠦᠰᠦᠪ ᠢ ᠵᠢᠷᠤᠬᠯᠠᠬᠰᠠᠨ ᠰᠠᠶᠢᠨ ᠢᠯᠡᠳᠭᠡᠯ ᠪᠤᠯᠪᠠ᠂ ᠮᠠᠨ ᠤ ᠨᠠᠮ | ᠰᠢᠨ᠎ᠠ ᠴᠠᠭ ᠦᠶ᠎ᠠ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠭᠦ | ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠦᠳᠦᠯᠪᠤᠷᠢ ᠪᠣᠯᠪᠠ᠂ ᠮᠠᠷᠺᠰ ᠤᠨ ᠦᠵᠡᠯ ᠤᠨ ᠦᠨᠡᠨ | ᠶᠤᠰᠤᠨ ᠤ ᠬᠡᠷᠠᠯ ᠬᠢᠯᠪᠠᠭ᠎ᠠ ᠶᠢ ᠰᠠᠴᠤᠷᠠᠭᠤᠯᠤᠬᠰᠠᠨ ᠬᠦᠳᠦᠯᠪᠦᠷᠢ ᠶᠢᠨ ᠴᠢᠨᠠᠷᠳᠠᠢ ᠰᠤᠷᠪᠤᠯᠵᠢ ᠪᠢᠴᠢᠭ ᠪᠣᠯᠪᠠ | ᠭᠡᠵᠡᠢ᠃ | ᠯᠢ ᠵᠢᠢ ᠾᠧᠩ ᠵᠢᠭᠠᠬᠤ ᠳᠠᠭᠠᠨ᠂ ᠶᠡᠭᠡ ᠬᠤᠷᠠᠯ ᠠᠴᠠ ᠪᠠᠳᠤᠯᠠᠬᠰᠠᠨ ᠠᠷᠪᠠᠨ ᠨᠠᠢᠮᠠᠳᠤᠭᠠᠷ ᠬᠤᠭᠤᠴᠠᠭᠠᠨ ᠤ | ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠨᠢ᠂ ᠮᠠᠰᠢ ᠴᠢᠩᠭ᠎ᠠ ᠤᠯᠤᠰ | ᠲᠦᠷᠦᠴᠢ ᠴᠢᠨᠠᠷ᠂ ᠦᠵᠡᠯ ᠰᠠᠨᠠᠭᠠᠳᠦ ᠴᠢᠨᠠᠷ᠂ ᠢᠷᠡᠭᠡᠳᠦ᠋ᠢᠴᠢ ᠴᠢᠨᠠᠷ ᠪᠠ ᠵᠢᠯᠤᠭᠤᠳᠬᠤ ᠴᠢᠨᠠᠷ ᠲᠠᠢ ᠪᠠᠶᠢᠵᠤ᠂ | ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ ᠤᠨᠤᠯ ᠪᠠ ᠦᠢᠯᠡᠳᠦᠯᠭᠡ ᠶᠢ ᠳᠡᠰ ᠳᠡᠪᠰᠢᠭᠦᠯᠵᠦ᠂ ᠪᠦᠬᠦ | ᠨᠠᠮ ᠤᠨ ᠢᠯᠵᠢᠷᠠᠯ ᠢ ᠡᠰᠡᠷᠭᠦᠴᠡᠭᠦ ᠲᠡᠮᠡᠴᠡᠯ ᠳᠤ ᠢᠪ ᠳᠠᠷᠤᠬᠤ ᠢᠯᠡᠯᠳᠡ ᠶᠢ ᠲᠡᠮᠡᠴᠡᠨ ᠤᠯᠵᠤ᠂ ᠠᠮᠤᠷ ᠲᠦᠪᠰᠢᠨ | ᠠᠷᠢᠭᠤᠨ ᠴᠢᠭᠡᠴᠢ ᠶᠢ ᠡᠷᠬᠢᠮᠯᠡᠵᠦ᠂ ᠴᠢᠷᠮᠠᠶᠢᠨ ᠲᠡᠮᠡᠴᠡᠭᠦ ᠳᠤ ᠴᠢᠭᠯᠡᠯ ᠢ ᠵᠢᠭᠠᠨ ᠦᠭᠴᠤ᠂ ᠴᠢᠬᠤᠯᠠ ᠵᠢᠷᠤᠮᠯᠠᠯ | ᠣᠯᠭᠤᠨ᠂ ᠬᠦᠴᠦᠷᠭᠡᠭ ᠶᠡᠭᠡ ᠬᠦᠳᠡᠯᠭᠡᠭᠴᠢ ᠬᠦᠴᠦᠨ ᠨᠡᠮᠡᠷᠢᠯᠡᠪᠡ᠃ ᠶᠡᠭᠡ ᠬᠤᠷᠠᠯ ᠠᠴᠠ ᠪᠠᠳᠤᠯᠠᠬᠰᠠᠨ ᠨᠠᠮ ᠤᠨ | ᠲᠦᠷᠢᠮ ᠳᠤ ᠵᠠᠰᠠᠪᠤᠷᠢ ᠤᠷᠤᠭᠤᠯᠦᠬᠰᠠᠨ ᠲᠦᠰᠦᠯ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠰᠢᠬᠢ ᠨᠠᠮ ᠤᠨ ᠤᠨᠤᠯ ᠤᠨ ᠰᠢᠨ᠎ᠠ ᠡᠭᠦᠳᠦᠯᠲᠡ᠂ ᠦᠢᠯᠡᠳᠦᠯᠭᠡ ᠶᠢᠨ ᠰᠢᠨ᠎ᠠ ᠡᠭᠦᠳᠦᠯᠲᠡ᠂ ᠲᠦᠷᠢᠮ ᠤᠨ | ᠰᠢᠨ᠎ᠠ ᠡᠭᠦᠳᠦᠯᠲᠡ ᠶᠢᠨ ᠦᠷ᠎ᠠ ᠪᠦᠳᠦᠭᠡᠯ ᠢ ᠢᠯᠡᠷᠡᠭᠦᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠢᠯᠡᠳᠭᠡᠯ ᠳᠤ ᠲᠤᠳᠤᠷᠬᠠᠶᠢᠯᠠᠬᠰᠠᠨ ᠴᠢᠬᠤᠯᠠ ᠶᠡᠭᠡ ᠤᠨᠤᠯ ᠤᠨ ᠦᠵᠡᠯᠳᠡ ᠪᠠ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠦᠵᠠᠯ ᠰᠠᠨᠠᠭ᠎ᠠ ᠶᠢ ᠢᠯᠡᠷᠡᠭᠦᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ | ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ ᠲᠤᠳᠤᠷᠬᠠᠢ ᠱᠠᠭᠠᠷᠳᠠᠯᠭ᠎ᠠ ᠲᠤᠷᠠᠳᠪᠠ᠃ | ᠤᠨᠴᠠᠭᠠᠶᠢᠯᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠨᠠᠮ ᠤᠨ ᠵᠢᠯᠤᠭᠤᠳᠬᠤ ᠦᠵᠡᠯ ᠰᠠᠨᠠᠭ᠎ᠠ ᠳᠤ ᠪᠢᠴᠢᠨ ᠤᠷᠤᠭᠤᠯᠤᠬᠰᠠᠨ ᠨᠢ᠂ | ᠨᠠᠮ ᠤᠨ ᠵᠢᠯᠤᠭᠤᠳᠬᠤ ᠦᠵᠡᠯ ᠰᠠᠨᠠᠭ᠎ᠠ ᠪᠠᠰᠠ ᠨᠢᠭᠡ ᠤᠳᠠᠭ᠎ᠠ ᠶᠢᠨ ᠴᠠᠭ ᠦᠶ᠎ᠠ ᠶᠢ ᠲᠠᠭᠠᠨ ᠣᠷᠣᠭᠰᠢᠯᠠᠭᠰᠠᠨ | ᠶᠠᠪᠣᠳᠠᠯ ᠪᠤᠯᠤᠨ᠎ᠠ᠂ ᠡᠨᠡ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠡᠤᠭᠡᠳᠦ ᠴᠢᠨᠠᠷᠳᠠᠢ ᠰᠢᠢᠳᠪᠦᠷᠢᠳᠦ | ᠪᠤᠳᠤᠯᠭ᠎ᠠ᠂ ᠲᠡᠤᠭᠡᠳᠦ ᠴᠢᠨᠠᠷᠳᠠᠢ ᠬᠤᠪᠢ ᠨᠡᠮᠡᠷᠢ ᠪᠤᠯᠣᠨ᠎ᠠ ᠭᠡᠵᠡᠢ᠃ | ᠯᠢ ᠵᠢᠢ ᠾᠧᠩ ᠵᠢᠭᠠᠬᠤ ᠳᠠᠭᠠᠨ᠂ ᠶᠡᠭᠡ ᠬᠤᠷᠠᠯ ᠠᠴᠠ ᠠᠷᠪᠠ ᠶᠢᠰᠦᠳᠦᠭᠡᠷ ᠬᠤᠭᠤᠴᠠᠭᠠᠨ ᠤ ᠲᠦᠪ | ᠬᠤᠷᠢᠶ᠎ᠠ ᠶᠢ ᠰᠤᠩᠭᠤᠨ ᠭᠠᠷᠭᠠᠵᠤ᠂ ᠳᠠᠷᠠᠭᠠᠪᠠᠷ ᠨᠢ ᠬᠤᠷᠠᠯᠳᠤᠭᠤᠯᠤᠬᠰᠠᠨ ᠠᠷᠪᠠ ᠶᠢᠰᠦᠳᠦᠭᠡᠷ ᠬᠤᠭᠤᠴᠠᠭᠠᠨ ᠤ | ᠲᠦᠪ ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠠᠴᠠ ᠰᠢᠨ᠎ᠠ ᠨᠢᠭᠡ ᠬᠤᠭᠤᠴᠠᠭᠠᠨ ᠤ ᠲᠦᠪ ᠤᠨ ᠤᠳᠤᠷᠢᠳᠬᠤ | ᠪᠠᠶᠢᠭᠤᠯᠤᠮᠵᠢ ᠶᠢ ᠰᠤᠩᠭᠤᠨ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠨᠠᠮ ᠳᠠᠬᠢ ᠤᠳᠤᠷᠢᠳᠬᠤ | ᠭᠤᠤᠯᠯᠠᠬᠴᠢ ᠶᠢᠨ ᠪᠠᠶᠢᠷᠢ ᠰᠠᠭᠤᠷᠢ ᠶᠢ ᠴᠢᠨᠠᠬᠰᠢᠳᠠ ᠲᠤᠳᠤᠷᠬᠠᠶᠢᠯᠠᠬᠰᠠᠨ ᠨᠢ᠂ ᠪᠦᠬᠦ ᠨᠠᠮ ᠪᠦᠬᠦ ᠴᠡᠷᠢᠭ ᠪᠦᠬᠦ | ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠤ ᠶᠢᠨ ᠬᠦᠰᠡᠯ ᠵᠤᠷᠢᠯᠳᠠ ᠶᠢ ᠬᠦᠢᠴᠡᠳ | ᠬᠠᠷᠠᠭᠤᠯᠪᠠ᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ | ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ | ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠠ ᠲᠦᠪᠯᠡᠷᠡᠩᠭᠦᠢ ᠨᠢᠭᠡᠳᠦᠯᠳᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ | ᠢᠮᠠᠬᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ | ᠨᠢᠭᠡᠳᠦᠯᠳᠡᠢ ᠪᠠᠶᠢᠬᠤ ᠬᠡᠷᠡᠭᠳᠡᠢ ᠭᠡᠵᠡᠢ᠃ | ᠯᠢ ᠵᠢᠢ ᠾᠧᠩ ᠴᠢᠬᠤᠯᠠᠴᠢᠯᠠᠬᠤ ᠳᠠᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ | ᠤᠳᠬ᠎ᠠ ᠬᠦᠨ ᠰᠠᠨᠠᠭ᠎ᠠ ᠬᠦᠨᠵᠡᠭᠡᠢ᠂ ᠠᠩᠬᠠᠷᠣᠯ ᠢ ᠲᠦᠪᠯᠡᠷᠡᠭᠦᠯᠦᠨ ᠣᠬᠠᠭᠠᠨ ᠰᠠᠨᠠᠭ᠎ᠠ ᠶᠢ ᠨᠢᠭᠲᠠᠷᠠᠭᠤᠯᠪᠠ᠂ ᠤᠭ | ᠵᠤᠬᠢᠶᠠᠯ ᠢ ᠲᠡᠷᠡ ᠬᠡᠪ ᠢᠶᠠᠷ ᠨᠢ ᠨᠠᠷᠢᠨ ᠤᠩᠰᠢᠵᠣ᠂ ᠤᠭ ᠶᠤᠰᠤ ᠶᠢ ᠨᠢ ᠬᠦᠨᠵᠡᠭᠡᠢ ᠤᠶᠢᠯᠠᠭᠠᠵᠤ᠂ ᠵᠤᠷᠢᠭ | ᠰᠠᠨᠠᠭᠠᠨ ᠤ ᠮᠦᠨ ᠴᠢᠨᠠᠷ᠂ ᠤᠬᠢ ᠱᠦᠯᠳᠦ ᠴᠢᠬᠤᠯᠠ ᠰᠠᠨᠠᠭ᠎ᠠ ᠶᠢ ᠨᠢ ᠠᠯᠬᠤᠮ ᠲᠠᠷᠠᠭ᠎ᠠ ᠲᠠᠢ ᠪᠠᠷ ᠰᠠᠶᠢᠳᠤᠷ | ᠤᠶᠢᠯᠠᠭᠠᠵᠤ᠂ ᠰᠡᠳᠬᠢᠯ ᠳᠡᠭᠡᠨ ᠬᠠᠳᠠᠩᠰᠢᠭᠤᠯᠤᠨ᠂ ᠠᠵᠢᠯᠯᠠᠭ᠎ᠠ ᠲᠡᠭᠡᠷ᠎ᠠ ᠪᠠᠨ ᠲᠤᠤᠱᠯᠠᠭᠤᠯᠬᠤ ᠬᠡᠷᠡᠭᠳᠡᠢ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠭᠤᠤᠯ ᠰᠡᠳᠦᠪ ᠢ ᠬᠦᠨᠵᠡᠭᠡᠢ ᠰᠤᠷᠤᠯᠴᠠᠨ ᠤᠶᠢᠯᠠᠭᠠᠵᠤ᠂ ᠤᠭ | ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠢᠮᠠᠭᠳᠠ ᠠᠷᠠᠳ ᠲᠦᠮᠡᠨ ᠲᠠᠢ | ᠠᠮᠢᠰᠬᠤᠭ᠎ᠠ ᠪᠠᠨ ᠨᠢᠭᠡᠳᠭᠡᠨ᠂ ᠬᠤᠪᠢ ᠵᠠᠶᠠᠭ᠎ᠠ ᠪᠠᠨ ᠬᠠᠮᠳᠣᠳᠬᠠᠨ᠂ ᠰᠡᠳᠬᠢᠯ ᠵᠢᠷᠦᠬᠡ ᠪᠠᠨ ᠬᠤᠯᠪᠣᠵᠣ᠂ | ᠢᠮᠠᠭᠳᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠭᠦ | ᠬᠠᠷᠠᠯᠳᠠ ᠪᠠᠨ ᠪᠤᠯᠭᠠᠨ᠂ ᠢᠮᠠᠭᠳᠠ ᠦᠯᠦ ᠬᠤᠶᠢᠭᠤᠷᠰᠢᠬᠤ ᠣᠶᠣᠨ ᠰᠠᠨᠠᠭᠠᠨ ᠤ ᠲᠦᠷᠰᠦ ᠪᠠᠶᠢᠳᠠᠯ ᠪᠤᠯᠤᠨ | ᠴᠤᠴᠠᠯᠳᠠ ᠦᠭᠡᠢ ᠤᠷᠤᠬᠰᠢᠯᠠᠬᠤ ᠲᠡᠮᠡᠴᠡᠯ ᠤᠨ ᠲᠦᠷᠰᠦ ᠪᠠᠶᠢᠳᠠᠯ ᠢᠶᠠᠷ ᠲᠤᠮᠳᠠᠳᠤ ᠶᠢᠨ ᠦᠨᠳᠦᠰᠦᠳᠡᠨ ᠤ ᠠᠭᠤᠤ | ᠶᠡᠭᠡ ᠰᠡᠷᠭᠦᠨ ᠮᠠᠨᠳᠤᠯᠳᠠ ᠶᠢ ᠪᠡᠶᠡᠯᠡᠭᠦᠯᠭᠦ ᠠᠤᠭ᠎ᠠ ᠬᠠᠷᠠᠯᠳᠠ ᠳᠡᠰᠢ ᠡᠷᠡᠯᠭᠡᠭᠯᠡᠨ ᠤᠷᠤᠬᠰᠢᠯᠠᠬᠤ ᠬᠡᠷᠡᠭᠳᠡᠢ᠃ | ᠦᠩᠭᠡᠷᠡᠭᠰᠡᠨ ᠲᠠᠪᠤᠨ ᠵᠢᠯ ᠤᠨ ᠨᠠᠮ ᠪᠤᠯᠤᠨ ᠤᠯᠤᠰ ᠤᠨ ᠦᠢᠯᠡᠰ ᠤᠨ ᠲᠡᠤᠭᠡᠳᠦ ᠴᠢᠨᠠᠷᠳᠠᠢ ᠠᠮᠵᠢᠯᠳᠡ ᠪᠤᠯᠤᠨ | ᠲᠡᠤᠭᠡᠳᠦ ᠴᠢᠨᠠᠷᠳᠠᠢ ᠬᠤᠪᠢᠰᠤᠯᠳᠠ ᠶᠢ ᠬᠦᠨᠵᠡᠭᠡᠢ ᠰᠤᠷᠤᠯᠴᠠᠨ ᠤᠶᠢᠯᠠᠭᠠᠵᠤ᠂ ᠡᠭᠦᠨ ᠤ ᠲᠤᠮᠳᠠ ᠠᠴᠠ ᠰᠢᠮ᠎ᠡ | ᠲᠡᠵᠢᠭᠡᠯ ᠬᠦᠷᠲᠡᠨ᠂ ᠤᠷᠮ᠎ᠠ ᠰᠡᠳᠬᠢᠯᠭᠡ ᠪᠠᠨ ᠬᠦᠭᠵᠢᠭᠡᠨ᠂ ᠡᠷᠴᠢ ᠵᠤᠷᠢᠭ ᠢᠶᠠᠨ ᠬᠦᠪᠴᠢᠯᠡᠵᠤ᠂ ᠢᠳᠡᠭᠡᠯ | ᠲᠡᠭᠦᠯᠳᠡᠷ ᠢᠶᠠᠷ ᠦᠪᠦᠷ ᠮᠤᠩᠭᠤᠯ ᠤᠨ ᠡᠯ᠎ᠠ ᠵᠦᠢᠯ ᠤᠨ ᠠᠵᠢᠯ ᠢᠶᠠᠨ ᠰᠠᠶᠢᠳᠤᠷ ᠬᠢᠵᠤ᠂ ᠰᠢᠨ᠎ᠠ ᠴᠠᠭ ᠦᠶ᠎ᠠ ᠳᠤ | ᠦᠯᠦ ᠤᠰᠤᠯᠳᠠᠬᠤ ᠦᠭᠡᠷᠡᠴᠢᠯᠡᠯᠳᠡ ᠬᠦᠭᠵᠢᠯᠳᠡ ᠶᠢᠨ ᠰᠢᠨ᠎ᠠ ᠬᠠᠭᠤᠳᠠᠰᠦ ᠶᠢ ᠴᠢᠷᠮᠠᠶᠢᠨ ᠪᠢᠴᠢᠭᠯᠡᠭᠦ ᠬᠡᠷᠡᠭᠳᠡᠢ᠃ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠬᠰᠠᠨ ᠰᠢᠨ᠎ᠠ | ᠮᠠᠭᠠᠳᠯᠠᠯᠳᠠ ᠶᠢ ᠬᠦᠨᠵᠡᠭᠡᠢ ᠰᠤᠷᠤᠯᠴᠠᠨ ᠤᠶᠢᠯᠠᠭᠠᠵᠤ᠂ ᠤᠬᠮᠰᠠᠷ ᠠᠴᠠ ᠪᠠᠨ ᠰᠢᠨ᠎ᠠ ᠴᠠᠭ ᠦᠶ᠎ᠠ ᠶᠢᠨ | ᠱᠠᠭᠠᠷᠳᠠᠯᠭ᠎ᠠ ᠶᠤᠰᠤᠭᠠᠷ᠂ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠ ᠡᠯ᠎ᠠ ᠵᠦᠢᠯ ᠤᠨ ᠲᠦᠷᠦ ᠶᠢᠨ | ᠪᠤᠳᠤᠯᠭ᠎ᠠ ᠪᠠᠨ ᠪᠦᠷᠢᠨᠰᠢᠭᠦᠯᠵᠦ᠂ ᠡᠯ᠎ᠠ ᠵᠦᠢᠯ ᠤᠨ ᠠᠵᠢᠯ ᠢᠶᠠᠨ ᠠᠬᠢᠭᠤᠯᠣᠨ ᠨᠡᠶᠢᠳᠡᠪᠦᠷᠢᠵᠢᠭᠤᠯᠵᠤ᠂ ᠦᠢᠯᠡᠳᠦᠯᠭᠡ | ᠲᠤᠮᠳᠠ ᠪᠠᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠨᠡᠩ ᠰᠠᠶᠢᠳᠤᠷ ᠪᠠᠷᠢᠮᠳᠠᠯᠠᠨ ᠬᠦᠭᠵᠢᠭᠦᠯᠭᠦ | ᠬᠡᠷᠡᠭᠳᠡᠢ᠃ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠳᠤ ᠬᠤᠪᠢᠷᠠᠯᠳᠠ ᠭᠠᠷᠤᠬᠰᠠᠨ ᠰᠢᠨ᠎ᠠ ᠤᠨᠴᠠᠯᠢᠭ ᠢ | ᠬᠦᠨᠵᠡᠭᠡᠢ ᠰᠤᠷᠤᠯᠴᠠᠨ ᠤᠶᠢᠯᠠᠭᠠᠵᠤ᠂ ᠬᠦᠭᠵᠢᠯᠳᠡ ᠶᠢᠨ ᠰᠢᠨ᠎ᠠ ᠤᠨᠤᠯᠵᠢᠬᠤᠨ ᠢ ᠪᠠᠳᠤ ᠪᠠᠬᠢ ᠪᠤᠢ ᠪᠤᠯᠭᠠᠨ᠂ | ᠬᠦᠭᠵᠢᠯᠳᠡ ᠲᠡᠩᠴᠡᠭᠦᠷᠢ ᠦᠭᠡᠢ ᠬᠦᠢᠴᠡᠳ ᠪᠣᠰᠣ ᠠᠰᠠᠭᠤᠳᠠᠯ ᠢ ᠰᠢᠢᠳᠪᠦᠷᠢᠯᠡᠭᠦ ᠲᠡᠭᠡᠷ᠎ᠠ ᠠᠩᠬᠠᠷᠤᠯ ᠪᠠ | ᠬᠦᠴᠦᠨ ᠢᠶᠠᠨ ᠨᠡᠩ ᠢᠯᠡᠭᠦᠦ ᠲᠦᠪᠯᠡᠷᠡᠭᠦᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠤ ᠪᠠᠶᠢᠭ᠎ᠠ ᠣᠯᠠᠨ | ᠳᠠᠯ᠎ᠠ ᠶᠢᠨ ᠬᠡᠷᠡᠭᠴᠡᠭᠡ ᠶᠢ ᠨᠡᠩ ᠰᠠᠶᠢᠳᠤᠷ ᠬᠠᠩᠭᠠᠵᠤ᠂ ᠬᠦᠮᠦᠨ ᠤ ᠪᠦᠬᠦ ᠲᠠᠯ᠎ᠠ ᠶᠢᠨ ᠬᠦᠭᠵᠢᠯᠳᠡ᠂ ᠨᠡᠶᠢᠭᠡᠮ ᠤᠨ | ᠪᠦᠬᠦ ᠲᠠᠯ᠎ᠠ ᠶᠢᠨ ᠲᠠᠪᠰᠢᠯᠳᠠ ᠶᠢ ᠨᠡᠩ ᠰᠠᠶᠢᠳᠤᠷ ᠠᠬᠢᠭᠤᠯᠬᠤ ᠬᠡᠷᠡᠭᠳᠡᠢ᠃ ᠰᠢᠨ᠎ᠠ ᠴᠠᠭ ᠦᠶ᠎ᠠ ᠶᠢᠨ ᠲᠤᠮᠳᠠᠳᠤ | ᠤᠯᠤᠰ ᠤᠨ ᠡᠪ ᠬᠠᠮᠳᠤ ᠨᠠᠮ ᠤᠨ ᠲᠡᠤᠭᠡᠳᠦ ᠡᠭᠦᠷᠭᠡ ᠶᠢ ᠬᠦᠨᠵᠡᠭᠡᠢ ᠰᠤᠷᠤᠯᠴᠠᠨ ᠤᠶᠢᠯᠠᠭᠠᠵᠤ᠂ ᠨᠠᠮ ᠤᠨ ᠡᠷᠡᠰ | ᠴᠢᠩᠭ᠎ᠠ ᠤᠳᠤᠷᠢᠳᠤᠯᠭ᠎ᠠ ᠪᠤᠯᠤᠨ ᠨᠣᠭᠤᠷᠠᠰᠢ ᠦᠭᠡᠢ ᠲᠡᠮᠡᠴᠡᠯ ᠢᠶᠠᠷ ᠪᠦᠬᠦ ᠤᠷᠤᠨ ᠤ ᠦᠨᠳᠦᠰᠦᠳᠡᠨ ᠨᠦᠭᠦᠳ ᠤᠨ | ᠠᠷᠠᠳ ᠲᠦᠮᠡᠨ ᠢ ᠤᠷᠮᠠᠰᠢᠭᠤᠯᠤᠨ ᠵᠤᠷᠢᠬᠵᠢᠭᠤᠯᠵᠤ᠂ ᠤᠯᠤᠰ ᠢᠶᠠᠨ ᠬᠦᠴᠦᠷᠭᠡᠭᠵᠢᠭᠦᠯᠭᠦ ᠬᠠᠷᠠᠯᠳᠠ ᠶᠢ ᠪᠡᠶᠡᠯᠡᠭᠦᠯᠬᠦ | ᠪᠠ ᠰᠡᠷᠭᠦᠨ ᠮᠠᠨᠳᠤᠯᠳᠠ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠲᠠᠰᠤᠷᠠᠯᠳᠠ ᠦᠭᠡᠢ ᠰᠢᠨ᠎ᠠ ᠬᠤᠪᠢ ᠨᠡᠮᠡᠷᠢ | ᠦᠵᠡᠭᠦᠯᠭᠦ ᠬᠡᠷᠡᠭᠳᠡᠢ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠡᠤᠭᠡᠨ ᠪᠠᠶᠢᠷᠢ ᠰᠠᠭᠤᠷᠢ ᠪᠤᠯᠤᠨ ᠵᠢᠯᠤᠭᠤᠳᠬᠤ ᠠᠴᠢ ᠬᠤᠯᠪᠤᠬᠳᠠᠯ ᠢ | ᠬᠦᠨᠵᠡᠭᠡᠢ ᠰᠤᠷᠤᠯᠴᠠᠨ ᠤᠶᠢᠯᠠᠭᠠᠵᠤ᠂ ᠡᠷᠡᠰ ᠪᠠᠳᠤ ᠤᠬᠠᠮᠰᠠᠷ ᠠᠴᠠ ᠪᠠᠨ ᠡᠨᠡᠭᠦ ᠦᠵᠡᠯ ᠰᠠᠨᠠᠭ᠎ᠠ ᠶᠢ ᠤᠯᠤᠰ | ᠲᠦᠷᠦ ᠶᠢᠨ ︽ᠵᠤᠷᠢᠯᠳᠠ︾᠂ ᠦᠵᠡᠯ ᠰᠠᠨᠠᠭᠠᠨ ᠤ ︽ᠠᠯᠳᠠᠨ ᠲᠦᠯᠬᠢᠭᠦᠷ︾᠂ ᠠᠵᠢᠯᠯᠠᠭ᠎ᠠ ᠶᠢᠨ ︽ᠵᠦᠭᠯᠡᠭᠦᠷ︾ | ᠢᠶᠠᠨ ᠪᠤᠯᠭᠠᠵᠤ᠂ ᠨᠡᠩ ᠰᠠᠶᠢᠳᠤᠷ ᠲᠠᠷᠢᠬᠢ ᠳᠣᠯᠣᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ | ᠠᠵᠢᠯ ᠢᠶᠠᠨ ᠠᠬᠢᠭᠤᠯᠬᠤ ᠬᠡᠷᠡᠭᠳᠡᠢ᠃ ᠬᠤᠶᠠᠷ ᠠᠯᠬᠤᠮ ᠬᠤᠪᠢᠶᠠᠨ ᠵᠠᠮᠨᠠᠵᠣ ᠨᠡᠶᠢᠭᠡᠮ ᠵᠢᠷᠤᠮ ᠤᠨ | ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠬᠠᠷᠠᠯᠳᠠ ᠶᠢ ᠬᠦᠨᠵᠡᠭᠡᠢ ᠰᠤᠷᠤᠯᠴᠠᠨ | ᠤᠶᠢᠯᠠᠭᠠᠵᠤ᠂ ᠡᠯ᠎ᠠ ᠵᠦᠢᠯ ᠤᠨ ᠪᠠᠶᠢᠯᠳᠤᠬᠤ ᠪᠤᠳᠤᠯᠭ᠎ᠠ᠂ ᠠᠵᠢᠯ᠂ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠠ ᠶᠢᠨ | ᠦᠷᠭᠦᠯᠵᠢᠯᠡᠭᠦ ᠴᠢᠨᠠᠷ ᠪᠤᠯᠤᠨ ᠢᠷᠡᠭᠡᠳᠦ᠋ᠢᠴᠢ ᠴᠢᠨᠠᠷ ᠢ ᠪᠠᠳᠤᠯᠠᠵᠤ᠂ ᠳᠣᠭᠳᠠᠭᠠᠭᠰᠠᠨ ᠬᠠᠷᠠᠯᠳᠠ ᠲᠡᠰᠢ ᠪᠠᠨ ᠠᠯᠬᠤᠮ | ᠠᠯᠬᠤᠮ ᠢᠶᠠᠷ ᠲᠠᠰᠤᠷᠠᠯᠳᠠ ᠦᠭᠡᠢ ᠤᠷᠤᠬᠰᠢᠯᠠᠬᠤ ᠬᠡᠷᠡᠭᠳᠡᠢ᠃ ︽ᠲᠨᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠠᠵᠢᠯ ᠤᠨ ᠪᠠᠶᠢᠷᠢᠯᠠᠭᠤᠯᠤᠯᠳᠠ ᠶᠢ | ᠬᠦᠨᠵᠡᠭᠡᠢ ᠰᠤᠷᠤᠯᠴᠠᠨ ᠤᠶᠢᠯᠠᠭᠠᠵᠤ᠂ ᠪᠦᠳᠦᠭᠡᠯᠴᠢ ᠪᠠᠷ ᠲᠤᠤᠱᠯᠠᠭᠤᠯᠤᠨ ᠨᠡᠶᠢᠳᠡᠪᠦᠷᠢᠵᠢᠭᠤᠯᠬᠤ ᠶᠢ ᠰᠠᠶᠢᠳᠤᠷ | ᠠᠳᠬᠤᠵᠤ᠂ ᠢᠯᠡᠳᠭᠡᠯ ᠳᠤ ᠲᠤᠷᠠᠳᠤᠬᠰᠠᠨ ᠡᠯ᠎ᠠ ᠵᠦᠢᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠦᠪᠦᠷ | ᠮᠤᠩᠭᠤᠯ ᠤᠨ ᠡᠭᠡ ᠭᠠᠵᠠᠷ ᠲᠤ ᠨᠡᠶᠢᠳᠡᠪᠦᠷᠢᠵᠢᠭᠤᠯᠤᠨ ᠦᠷ᠎ᠠ ᠪᠦᠳᠦᠮᠵᠢ ᠭᠠᠷᠭᠠᠬᠤ ᠬᠡᠷᠡᠭᠳᠡᠢ᠃ ᠨᠠᠮ ᠤᠨ | ᠪᠠᠶᠢᠭᠤᠯᠤᠯᠳᠠ ᠶᠢᠨ ᠲᠣᠬᠠᠢ ᠰᠢᠨ᠎ᠠ ᠱᠠᠭᠠᠷᠳᠠᠯᠭ᠎ᠠ ᠶᠢ ᠬᠦᠨᠵᠡᠭᠡᠢ ᠰᠤᠷᠤᠯᠴᠠᠨ ᠤᠶᠢᠯᠠᠭᠠᠵᠤ᠂ ᠬᠡᠵᠢᠶᠡᠳᠡ ᠵᠣᠭᠰᠣᠰᠢ | ᠦᠭᠡᠢ ᠣᠷᠣᠭᠰᠢᠯᠠᠬᠤ ᠡᠷᠡᠮᠡᠬᠡᠢ ᠵᠤᠷᠢᠭ ᠢ ᠪᠠᠷᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ | ᠲᠠᠰᠤᠷᠠᠯᠳᠠ ᠦᠭᠡᠢ ᠬᠦᠨᠵᠡᠭᠡᠶᠢᠷᠡᠭᠦᠯᠵᠤ᠂ ᠮᠠᠨ ᠤ ᠤᠷᠤᠨ ᠤ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠤᠨ | ᠲᠦᠪᠰᠢᠨ ᠢᠶᠠᠨ ᠲᠡᠭᠡᠭᠰᠢᠯᠡᠭᠦᠯᠭᠦ ᠬᠡᠷᠡᠭᠳᠡᠢ ᠭᠡᠵᠡᠢ᠃ | ᠯᠢ ᠵᠢᠢ ᠾᠧᠩ ᠱᠠᠭᠠᠷᠳᠠᠭᠰᠠᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠤᠨ | ᠵᠣᠷᠢᠭ ᠰᠠᠨᠠᠭ᠎ᠠ ᠶᠢ ᠬᠦᠡᠵᠡᠭᠡᠢ ᠰᠤᠷᠤᠯᠴᠠᠨ ᠤᠶᠢᠯᠠᠭᠠᠬᠤ ᠶᠢᠨ ᠬᠠᠮᠳᠣ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ | ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢᠨ ᠭᠤᠤᠯ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠤᠶᠢᠯᠠᠭᠠᠵᠤ᠂ | ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠭᠦ ᠲᠡᠮᠡᠴᠡᠯ ᠢ ᠴᠦᠭᠦᠷᠡᠯ ᠦᠭᠡᠢ | ᠬᠦᠨᠵᠡᠭᠡᠶᠢᠷᠡᠭᠦᠯᠵᠤ᠂ ᠦᠪᠡᠷᠳᠡᠭᠡᠨ ᠵᠠᠰᠠᠬᠤ ᠤᠷᠤᠨ ᠤ ᠡᠯ᠎ᠠ ᠵᠦᠢᠯ ᠤᠨ ᠦᠢᠯᠡᠰ ᠤᠨ ᠬᠦᠭᠵᠢᠯᠳᠡ ᠳᠤ ᠪᠠᠳᠤ | ᠴᠢᠩᠭ᠎ᠠ ᠪᠠᠳᠤᠯᠠᠭ᠎ᠠ ᠬᠠᠩᠭᠠᠬᠤ ᠬᠡᠷᠡᠭᠳᠡᠢ᠃ ᠨᠠᠮ ᠤᠨ ᠲᠦᠷᠢᠮ ᠳᠤ ᠵᠠᠰᠠᠪᠤᠷᠢ ᠤᠷᠤᠭᠤᠯᠤᠬᠰᠠᠨ ᠲᠦᠰᠦᠯ ᠤᠨ | ᠠᠭᠤᠯᠭ᠎ᠠ ᠪᠠ ᠠᠴᠢ ᠬᠤᠯᠪᠤᠬᠳᠠᠯ ᠢ ᠬᠦᠨᠵᠡᠭᠡᠢ ᠰᠤᠷᠤᠯᠴᠠᠨ ᠤᠶᠢᠯᠠᠭᠠᠵᠤ᠂ ᠨᠠᠮ ᠤᠨ ᠲᠦᠷᠢᠮ ᠢ ᠰᠤᠷᠤᠯᠴᠠᠬᠤ᠂ | ᠨᠠᠮ ᠤᠨ ᠲᠦᠷᠢᠮ ᠢ ᠵᠢᠷᠤᠮᠯᠠᠬᠤ᠂ ᠨᠠᠮ ᠤᠨ ᠲᠦᠷᠢᠮ ᠢ ᠲᠤᠤᠱᠯᠠᠭᠤᠯᠬᠤ᠂ ᠨᠠᠮ ᠤᠨ ᠲᠦᠷᠢᠮ ᠢ ᠬᠠᠮᠠᠭᠠᠯᠠᠬᠤ | ᠦᠳᠭᠡᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠤᠯᠭᠠᠵᠤ᠂ ᠨᠠᠮ ᠤᠨ ᠲᠦᠷᠢᠮ ᠳᠠᠬᠢ ᠡᠯ᠎ᠠ ᠵᠦᠢᠯ ᠤᠨ | ᠲᠤᠬᠳᠠᠭᠠᠯ ᠱᠠᠭᠠᠷᠳᠠᠯᠭ᠎ᠠ ᠶᠢ ᠪᠤᠳᠠᠳᠠᠢ ᠳᠤ ᠨᠡᠶᠢᠳᠡᠪᠦᠷᠢᠵᠢᠭᠤᠯᠬᠤ ᠬᠡᠷᠡᠭᠳᠡᠢ᠃ ᠶᠡᠷᠦᠩᠬᠡᠢ ᠱᠦᠵᠢ ᠰᠢ ᠶᠢᠨ | ᠫᠢᠩ ᠤᠨ ᠬᠦᠢᠵᠸᠤ ᠶᠢᠨ ᠲᠦᠯᠦᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠭᠠᠳ ᠬᠡᠯᠡᠭᠰᠡᠨ ᠴᠢᠬᠤᠯᠠ | ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠤᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠡᠭᠦᠰᠭᠦ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠭ | ᠰᠠᠨᠠᠭ᠎ᠠ ᠶᠢ ᠬᠦᠨᠵᠡᠭᠡᠢ ᠰᠤᠷᠤᠯᠴᠠᠨ ᠤᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠪᠠᠶᠢᠩᠭᠤ ᠶᠢᠨ ᠬᠡᠰᠢᠭᠦᠳ | ᠲᠤᠮᠳᠠᠳᠤ ᠭᠠᠳᠠᠭᠠᠳᠦ ᠶᠢᠨ ᠰᠤᠷᠪᠤᠯᠵᠢᠯᠠᠬᠴᠢᠳ ᠲᠠᠢ ᠠᠭᠤᠯᠵᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶ᠎ᠠ ᠶᠢᠨ | ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠤᠶᠢᠯᠠᠭᠠᠵᠤ᠂ ᠰᠦᠰᠦ ᠵᠤᠷᠢᠭ ᠪᠤᠯᠤᠨ ᠡᠷᠴᠢ ᠵᠣᠷᠢᠭ ᠢᠶᠠᠨ | ᠪᠠᠳᠠᠷᠠᠭᠤᠯᠵᠤ᠂ ᠳᠠᠶᠠᠭᠠᠷ ᠢᠶᠠᠨ ᠰᠡᠳᠬᠢᠯ ᠨᠢᠭᠡᠳᠦᠨ᠂ ᠵᠠᠮ ᠨᠡᠭᠡᠭᠡᠨ ᠤᠷᠤᠬᠰᠢᠯᠠᠵᠤ᠂ ᠦᠪᠡᠷᠳᠡᠭᠡᠨ ᠵᠠᠰᠠᠬᠤ | ᠤᠷᠤᠨ ᠤ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢ ᠠᠯᠬᠤᠮ ᠠᠯᠬᠤᠮ ᠢᠶᠠᠷ | ᠯᠠᠪᠳᠠᠭᠤᠨ ᠪᠠᠳᠤᠳᠠᠢ ᠠᠬᠢᠭᠤᠯᠵᠤ᠂ ᠴᠠᠭ ᠦᠶ᠎ᠠ ᠳᠤ ᠦᠯᠦ ᠤᠰᠤᠯᠳᠠᠬᠤ ᠠᠵᠢᠯ ᠤᠨ ᠠᠮᠵᠢᠯᠳᠠ ᠶᠢ ᠡᠭᠦᠳᠭᠦ | ᠬᠡᠷᠡᠭᠳᠡᠢ ᠭᠡᠵᠡᠢ᠃ | ᠯᠢ ᠵᠢᠢ ᠾᠧᠩ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠤᠯ᠂ ᠤᠳᠤᠬᠠᠨ ᠪᠠ ᠬᠤᠶᠢᠰᠢᠳᠡ ᠶᠢᠨ ᠨᠢᠭᠡ | ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠬᠤ ᠪᠦᠭᠡᠳ ᠲᠡᠷᠢᠭᠦᠨ ᠴᠢᠬᠤᠯᠠ ᠲᠤᠮᠤ | ᠶᠠᠪᠤᠳᠠᠯ ᠪᠤᠯᠤᠨ᠎ᠠ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ | ᠨᠠᠮ ᠤᠨ ᠬᠡᠰᠢᠭᠦᠨ ᠺᠠᠳ᠋ᠷᠴᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠠᠴᠢ ᠬᠤᠯᠪᠤᠬᠳᠠᠯ ᠢ | ᠬᠦᠨᠵᠡᠭᠡᠢ ᠲᠠᠨᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠦᠷ᠎ᠠ ᠪᠦᠳᠦᠭᠡᠯ ᠢ ᠬᠤᠪᠢ | ᠲᠠᠬᠢᠨ ᠢᠶᠠᠷ ᠨᠠᠨᠳᠢᠩᠨᠡᠵᠤ᠂ ᠲᠡᠭᠡᠳᠦ ᠬᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭᠠᠳᠦ ᠰᠡᠳᠬᠢᠯᠭᠡ ᠪᠤᠯᠤᠨ | ᠲᠡᠤᠭᠡᠨ ᠡᠭᠦᠷᠭᠡᠳᠦ ᠰᠡᠳᠬᠢᠯᠭᠡ ᠪᠠᠷ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠰᠠᠶᠢᠳᠤᠷ ᠠᠳᠬᠤᠵᠤ᠂ | ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ | ᠰᠠᠨᠠᠭ᠎ᠠ ᠶᠢᠨ ᠵᠢᠯᠤᠭᠤᠳᠤᠯᠭ᠎ᠠ ᠲᠤᠤᠷ᠎ᠠ᠂ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠦᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠬᠤ ᠲᠠᠯ᠎ᠠ ᠪᠠᠷ ᠦᠪᠦᠷ ᠮᠤᠩᠭᠤᠯ ᠤᠨ ᠬᠠᠭᠤᠳᠠᠰᠦ ᠶᠢ | ᠴᠢᠷᠮᠠᠶᠢᠨ ᠪᠢᠴᠢᠭᠯᠡᠭᠦ ᠬᠡᠷᠡᠭᠳᠡᠢ᠃ ᠤᠯᠠᠮᠵᠢᠯᠠᠨ ᠰᠤᠷᠤᠯᠴᠠᠬᠤ ᠠᠵᠢᠯ ᠢ ᠬᠢᠨᠠᠮᠠᠭᠠᠢ ᠵᠤᠬᠢᠶᠠᠨ ᠪᠠᠶᠢᠭᠤᠯᠵᠤ᠂ | ᠬᠦᠮᠦᠵᠢᠭᠦᠯᠦᠨ ᠪᠤᠯᠪᠠᠰᠤᠷᠠᠭᠤᠯᠬᠤ ᠠᠵᠢᠯ ᠢ ᠲᠦᠪᠯᠡᠷᠡᠭᠦᠯᠦᠨ ᠰᠠᠶᠢᠳᠤᠷ ᠬᠢᠵᠤ᠂ ᠤᠬᠠᠭᠤᠯᠤᠨ ᠲᠠᠶᠢᠯᠪᠤᠷᠢᠯᠠᠬᠤ | ᠠᠵᠢᠯ ᠢ ᠬᠦᠨᠵᠡᠭᠡᠢ ᠦᠷᠨᠢᠭᠦᠯᠵᠤ᠂ ᠲᠠᠷᠤᠢ ᠲᠦᠷᠭᠡᠨ ᠢᠶᠠᠷ ᠰᠤᠷᠤᠯᠴᠠᠨ ᠤᠬᠠᠭᠤᠯᠬᠤ ᠬᠠᠯᠠᠭᠤᠨ ᠦᠷᠨᠢᠯᠳᠡ | ᠭᠠᠷᠭᠠᠵᠤ᠂ ᠪᠦᠬᠦ ᠤᠷᠤᠨ ᠤ ᠦᠷᠭᠡᠨ ᠤᠯᠠᠨ ᠨᠠᠮ ᠤᠨ ᠬᠡᠰᠢᠭᠦᠨ ᠪᠠ ᠺᠠᠳ᠋ᠷ ᠤᠯᠠᠨ ᠲᠦᠮᠡᠨ ᠢ ᠬᠦᠮᠦᠵᠢᠭᠦᠯᠦᠨ | ᠵᠢᠯᠤᠭᠤᠳᠴᠤ ᠪᠠᠶᠢᠭᠠᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ | ᠰᠤᠷᠤᠯᠴᠠᠭᠤᠯᠤᠨ ᠰᠠᠶᠢᠳᠤᠷ ᠬᠡᠷᠡᠭᠯᠡᠭᠦᠯᠵᠤ᠂ ︽ᠲᠦᠷᠪᠡᠨ ᠤᠬᠠᠮᠰᠠᠷ︾ ᠢ ᠪᠠᠳᠣ ᠪᠠᠬᠢ ᠪᠤᠢ ᠪᠤᠯᠭᠠᠵᠣ᠂ ︽ | ᠲᠦᠷᠪᠡᠨ ᠢᠳᠡᠭᠡᠯ︾ ᠢ ᠨᠢ ᠪᠠᠳᠤᠳᠬᠠᠵᠤ᠂ ᠴᠤᠭ ᠵᠢᠪᠬᠤᠭ᠎ᠠ ᠳᠡᠭᠦᠯᠳᠡᠷ ᠢᠶᠠᠷ ᠡᠯ᠎ᠠ ᠵᠦᠢᠯ ᠤᠨ ᠠᠵᠢᠯ ᠢ ᠰᠠᠶᠢᠳᠤᠷ | ᠬᠢᠯᠭᠡᠭᠦ ᠬᠡᠷᠡᠭᠳᠡᠢ᠃ ᠤᠨᠤᠯ ᠢ ᠪᠣᠳᠠᠳᠠᠢ ᠲᠠᠢ ᠤᠶᠠᠯᠳᠤᠭᠤᠯᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠤᠷᠢᠭ ᠰᠠᠨᠠᠭ᠎ᠠ ᠲᠠᠢ ᠬᠠᠷᠢᠴᠠᠭᠤᠯᠤᠨ ᠬᠦᠭᠵᠢᠯᠳᠡ ᠶᠢᠨ ᠰᠡᠳᠬᠢᠴᠡ ᠪᠠᠨ ᠪᠦᠷᠢᠨᠰᠢᠭᠦᠯᠦᠨ᠂ | ᠬᠠᠷᠠᠯᠳᠠ ᠡᠭᠦᠷᠭᠡ ᠪᠠᠨ ᠨᠠᠷᠢᠯᠢᠬᠵᠢᠭᠤᠯᠦᠨ᠂ ᠠᠵᠢᠯ ᠤᠨ ᠠᠷᠭ᠎ᠠ ᠬᠡᠮᠵᠢᠶ᠎ᠠ ᠪᠠᠨ ᠴᠢᠩᠭᠠᠷᠠᠭᠤᠯᠵᠤ᠂ ᠰᠤᠷᠤᠯᠴᠠᠨ | ᠲᠤᠤᠱᠯᠠᠭᠤᠯᠤᠬᠰᠠᠨ ᠦᠷ᠎ᠠ ᠪᠦᠳᠦᠭᠡᠯ ᠢᠶᠠᠨ ᠦᠨᠡᠨᠭᠦ ᠤᠯᠤᠰ ᠲᠦᠷᠦ ᠶᠢᠨ ᠬᠠᠷᠠᠴᠠ᠂ ᠤᠨᠤᠯ ᠤᠨ ᠪᠤᠯᠪᠠᠰᠤᠷᠠᠯ᠂ | ᠠᠵᠢᠯ ᠤᠨ ᠴᠢᠳᠠᠪᠤᠷᠢ ᠶᠢᠨ ᠰᠢᠨ᠎ᠠ ᠲᠡᠭᠡᠭᠰᠢᠯᠡᠯᠳᠡ ᠲᠡᠭᠡᠷ᠎ᠠ ᠪᠠᠨ ᠢᠯᠡᠷᠡᠭᠦᠯᠵᠤ᠂ ᠬᠦᠭᠵᠢᠯᠳᠡ ᠶᠢ ᠠᠬᠢᠭᠤᠯᠬᠤ᠂ | ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ᠂ ᠲᠤᠬᠳᠠᠭᠤᠨ ᠢ ᠬᠠᠮᠠᠭᠠᠯᠠᠬᠤ᠂ ᠨᠠᠮ ᠤᠨ ᠪᠠᠶᠢᠭᠤᠯᠤᠯᠳᠠ ᠶᠢ | ᠴᠢᠩᠭᠠᠳᠬᠠᠬᠤ ᠰᠢᠨ᠎ᠠ ᠬᠢᠳᠡᠯ ᠲᠡᠭᠡᠷ᠎ᠡ ᠪᠠᠨ ᠢᠯᠡᠷᠡᠭᠦᠯᠵᠤ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ | ᠤᠷᠤᠨ ᠢ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠬᠡᠷᠡᠭᠳᠡᠢ ᠭᠡᠵᠡᠢ᠃ | ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠪᠦᠬᠦ ᠤᠷᠤᠨ ᠤ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠠᠴᠢ ᠬᠤᠯᠪᠤᠬᠳᠠᠯ ᠢ ᠬᠦᠢᠴᠡᠳ ᠲᠠᠨᠢᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ | ᠤᠳᠤᠬᠠᠨ ᠪᠠ ᠬᠤᠶᠢᠰᠢᠳᠡ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ | ᠪᠤᠯᠭᠠᠬᠤ ᠬᠡᠷᠡᠭᠳᠡᠢ᠃ ᠨᠠᠮ ᠤᠨ ᠤᠭ ᠰᠠᠨᠠᠭ᠎ᠠ ᠪᠤᠯᠤᠨ ᠡᠭᠦᠷᠭᠡ ᠬᠠᠷᠢᠭᠤᠴᠠᠯᠭ᠎ᠠ ᠶᠢ ᠪᠠᠳᠤ ᠴᠡᠭᠡᠵᠢᠯᠡᠵᠤ᠂ ︽ | ᠲᠦᠷᠪᠡᠨ ᠤᠬᠠᠮᠰᠠᠷ︾ ᠢ ᠪᠠᠳᠤ ᠪᠠᠬᠢ ᠪᠤᠢ ᠪᠤᠯᠭᠠᠨ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ᠦᠵᠡᠯ | ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠠᠯ᠎ᠠ ᠪᠠᠷ ᠢᠮᠠᠬᠳᠠ ᠰᠢ ᠶᠢᠨ ᠫᠢᠩ ᠨᠦᠬᠦᠷ ᠢᠶᠠᠷ ᠭᠤᠤᠯ | ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠵᠤ᠂ ᠪᠦᠬᠦ ᠤᠷᠤᠨ ᠤ | ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠤᠶᠤᠨ ᠤᠬᠠᠭᠠᠨ ᠪᠤᠯᠤᠨ ᠬᠦᠴᠦᠨ ᠴᠢᠳᠠᠯ ᠢ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠠᠴᠠ ᠲᠤᠬᠳᠠᠭᠠᠬᠰᠠᠨ ᠬᠠᠷᠠᠯᠳᠠ ᠡᠭᠦᠷᠭᠡ ᠶᠢ ᠪᠡᠶᠡᠯᠡᠭᠦᠯᠭᠦ ᠲᠡᠭᠡᠷ᠎ᠠ | ᠲᠦᠪᠯᠡᠷᠡᠭᠦᠯᠵᠤ᠂ ᠰᠢᠨ᠎ᠠ ᠴᠠᠭ ᠦᠶ᠎ᠠ ᠶᠢᠨ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ | ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ︾ ᠰᠢᠨ᠎ᠠ ᠬᠠᠭᠤᠳᠠᠰᠦ ᠶᠢ | ᠪᠢᠴᠢᠭᠯᠡᠭᠦ ᠪᠠᠷ ᠴᠢᠷᠮᠠᠶᠢᠬᠤ ᠬᠡᠷᠡᠭᠳᠡᠢ ᠭᠡᠵᠡᠢ᠃ | ᠬᠤᠷᠠᠯ ᠢ ᠬᠠᠷᠠᠭᠠᠨ ᠳᠠᠪᠲᠠᠮᠵᠢᠲᠤ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠦ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠯᠡᠭᠡᠨ ᠤ ᠤᠳᠤᠷᠢᠳᠬᠤ ᠨᠦᠬᠦᠳ᠂ ᠦᠪᠡᠷᠳᠡᠭᠡᠨ ᠵᠠᠰᠠᠬᠤ | ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠠᠷᠠᠳ ᠤᠨ ᠪᠠᠶᠢᠴᠠᠭᠠᠬᠤ | ᠬᠤᠷᠢᠶ᠎ᠠ ᠶᠢᠨ ᠪᠠᠶᠢᠴᠠᠭᠠᠬᠤ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠲᠡᠳ᠋ ᠮᠤᠵᠢ ᠶᠢᠨ ᠲᠡᠰ ᠠᠴᠠ ᠲᠡᠭᠡᠭᠰᠢᠬᠢ | ᠠᠵᠢᠯ ᠠᠴᠠ ᠪᠠᠨ ᠲᠠᠷᠬᠠᠯᠠᠬᠳᠠᠬᠰᠠᠨ ᠪᠠ ᠠᠵᠢᠯ ᠠᠴᠠ ᠪᠠᠨ ᠪᠠᠭᠤᠭᠰᠠᠨ ᠠᠬᠠᠮᠠᠳ ᠨᠦᠬᠦᠳ᠂ ᠦᠪᠡᠷᠳᠡᠭᠡᠨ ᠵᠠᠰᠠᠬᠤ | ᠤᠷᠤᠨ ᠤ ᠡᠯ᠎ᠠ ᠰᠠᠯᠠᠭ᠎ᠠ ᠮᠦᠴᠢᠷ᠂ ᠡᠯ᠎ᠠ ᠨᠢᠭᠡᠴᠡ ᠪᠠ ᠮᠠᠨ ᠤ ᠤᠷᠤᠨ ᠳᠤ ᠰᠠᠭᠤᠭ᠎ᠠ ᠲᠦᠪ ᠤᠨ ᠨᠢᠭᠡᠴᠡ ᠶᠢᠨ | ᠭᠤᠤᠯ ᠬᠠᠷᠢᠭᠤᠴᠠᠯᠭᠠᠳᠠᠨ ᠨᠦᠬᠦᠳ᠂ ᠬᠦᠬᠡᠬᠤᠳᠠ ᠳᠤ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠢᠭᠦᠳ ᠪᠠ ᠤᠯᠤᠰ ᠲᠦᠷᠦ ᠶᠢᠨ | ᠵᠦᠪᠯᠡᠯᠭᠡᠨ ᠤ ᠪᠠᠶᠢᠩᠭᠤ ᠶᠢᠨ ᠭᠡᠰᠢᠭᠦᠳ᠂ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢᠳ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ | ᠡᠯ᠎ᠠ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠨᠠᠮ ᠤᠨ ᠬᠤᠷᠢᠶ᠎ᠠ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ | ᠵᠦᠪᠯᠡᠯᠭᠡᠨ ᠤ ᠤᠳᠤᠷᠢᠳᠬᠤ ᠨᠦᠬᠦᠳ᠂ ᠶᠡᠭᠡ ᠬᠢᠩᠭᠠᠨ ᠲᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ | ᠦᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠨᠦᠬᠦᠳ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠠᠢ᠃ | |