ᠦᠪᠡᠷᠲᠡᠬᠡᠨ ᠵᠠᠰᠠᠬᠤ ᠤᠷᠤᠨ ᠤ ᠵᠠᠰᠠᠭ ᠤᠨ ᠤᠷᠤᠨ ᠤ 2017 ᠤᠨ ᠤ 17 ᠳ᠋ᠤᠭᠠᠷ ᠤᠳᠠᠭ᠎ᠠ ᠶᠢᠨ ᠪᠠᠶᠢᠡᠭᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017-10-31
      10 ᠳ᠋ᠤᠭᠠᠷ ᠰᠠᠷ᠎ᠠ ᠶᠢᠨ 30᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠤᠷᠳᠤᠨ ᠤ ᠦᠢᠯᠡᠴᠢᠯᠡᠭᠡ ᠶᠢᠨ ᠴᠢᠳᠠᠪᠣᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠣᠬᠠᠢ ᠬᠡᠷᠡᠭᠵᠢᠭᠦᠯᠬᠦ ᠰᠠᠨᠠᠯ᠂ ᠳᠠᠷᠢᠶᠠᠨ ᠭᠠᠵᠠᠷ ᠢ ᠬᠠᠮᠠᠭᠠᠯᠠᠬᠤ ᠪᠠ ᠳᠠᠷᠢᠶᠠᠨ ᠭᠠᠵᠠᠷ ᠢ ᠡᠵᠡᠯᠡᠭᠰᠡᠨ ᠨᠦᠬᠦᠪᠦᠷᠢ ᠶᠢᠨ ᠳᠡᠩᠴᠡᠭᠦᠷᠢᠰᠢᠯ ᠢ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ᠂ ᠮᠠᠨ ᠤ ᠤᠷᠤᠨ ᠤ ᠭᠠᠶᠢᠯᠢ ᠳᠠᠳᠠᠪᠣᠷᠢᠯᠠᠪᠠᠯ ᠵᠣᠬᠢᠬᠤ ᠠᠭᠠᠷ ᠮᠠᠨᠳᠠᠯ ᠤᠨ ᠪᠣᠬᠢᠷᠳᠣᠯ ᠪᠣᠳᠠᠰ ᠬᠢᠬᠡᠳ ᠤᠰᠤᠨ ᠤ ᠪᠤᠬᠢᠷᠳᠣᠯ ᠪᠣᠳᠠᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠠᠶᠢᠯᠢ ᠳᠤ ᠪᠤᠳᠠᠳᠠᠢ ᠬᠡᠷᠡᠭᠯᠡᠬᠦ ᠭᠠᠶᠢᠯᠢ ᠶᠢᠨ ᠬᠡᠮᠵᠢᠶ᠎ᠡ ᠵᠡᠷᠭᠡ ᠰᠠᠨᠠᠭᠤᠯᠭ᠎ᠠ ᠶᠢᠨ ᠲᠦᠰᠦᠯ ᠤᠨ ᠲᠣᠬᠠᠢ ᠮᠡᠳᠡᠭᠦᠯᠦᠯᠳᠡ ᠵᠡᠷᠭᠡ ᠵᠦᠢᠯᠡᠰ ᠢ ᠰᠤᠳᠤᠯᠪᠠ᠃      ᠬᠤᠷᠠᠯ ᠠᠴᠠ ᠵᠢᠭᠠᠭᠰᠠᠨ ᠨᠢ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠤᠷᠳᠤᠨ ᠪᠤᠯ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠤᠮᠧᠲᠷ︾᠎ ᠤᠨ ᠴᠢᠬᠤᠯᠠ ᠬᠡᠷᠡᠭᠵᠢᠭᠦᠯᠦᠭᠴᠢ ᠮᠦᠨ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠤᠷᠳᠤᠨ ᠤ ᠦᠢᠯᠡᠴᠢᠯᠡᠭᠡ ᠶᠢᠨ ᠴᠢᠳᠠᠪᠣᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠨᠢ᠂ ᠬᠠᠮᠤᠭ ᠤᠨ ᠦᠷᠭᠡᠨ ᠤᠯᠠᠨ ᠠᠷᠠᠳ ᠲᠦᠮᠡᠨ ᠤ ᠳᠣᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠤᠭᠳᠠᠬᠤ ᠪᠠᠷ ᠪᠠᠷᠠᠬᠤ ᠦᠭᠡᠢ ᠪᠠᠰᠠ ᠨᠠᠮ ᠪᠣᠯᠣᠨ ᠵᠠᠰᠠᠭ ᠤᠨ ᠤᠷᠳᠤᠨ ᠤ ᠠᠷᠠᠳ ᠲᠦᠮᠡᠨ ᠤ ᠰᠡᠳᠬᠢᠯ ᠳᠠᠬᠢ ᠲᠦᠷᠢ ᠲᠦᠷᠬᠦ ᠲᠠᠢ ᠰᠢᠭᠤᠳ ᠬᠤᠯᠪᠤᠭᠳᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠨ᠂ ᠠᠷᠠᠳ ᠲᠦᠮᠡᠨ ᠤ ᠬᠡᠷᠡᠭᠴᠡᠭᠡ ᠶᠢ ᠡᠵᠡᠮᠰᠢᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠷᠠᠳᠤᠭᠰᠠᠨ ︽ᠠᠷᠠᠳ ᠲᠦᠮᠡᠨ ᠳᠤ ᠳᠠᠭᠠᠰᠢᠶᠠᠭᠳᠠᠭᠰᠠᠨ ᠦᠢᠯᠡᠴᠢᠯᠡᠭᠡ ᠶᠢᠨ ᠮᠠᠶ᠋ᠢᠭ ᠤᠨ ᠵᠠᠰᠠᠭ ᠤᠨ ᠤᠷᠳᠤᠨ ᠢ ᠪᠠᠶᠢᠭᠤᠯᠬᠤ︾ ᠱᠠᠭᠠᠷᠳᠠᠯᠭ᠎ᠠ ᠵᠢᠴᠢ ︽ᠬᠦᠳᠡᠭᠡ ᠲᠤᠰᠬᠤᠨ ᠢ ᠮᠠᠨᠳᠣᠭᠤᠯᠬᠤ ᠪᠠᠶᠢᠯᠳᠤᠬᠤ ᠪᠤᠳᠤᠯᠭ᠎ᠠ︾᠎ ᠶᠢ ᠬᠡᠷᠡᠭᠵᠢᠭᠦᠯᠬᠦ ᠶᠣᠰᠣᠭᠠᠷ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠤᠷᠳᠤᠨ ᠤ ᠦᠢᠯᠡᠴᠢᠯᠡᠭᠡ  ᠶᠢᠨ ᠴᠢᠳᠠᠪᠣᠷᠢ ᠶᠢᠨ ᠪᠠᠶᠢᠭᠤᠯᠤᠯᠲᠠ ᠶᠢ ᠦᠨᠡᠨ ᠪᠣᠳᠠᠳᠠᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠦᠨᠳᠦᠰᠦᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠰᠠᠶᠢᠨ ᠰᠠᠶᠢᠬᠠᠨ ᠲᠦᠷᠢ ᠲᠦᠷᠬᠦ ᠶᠢ ᠱᠤᠭᠤᠬᠤ ᠬᠡᠷᠡᠭᠳᠠᠢ ᠭᠡᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠳᠠᠷᠢᠶᠠᠨ ᠭᠠᠵᠠᠷ ᠢ ᠬᠠᠮᠠᠭᠠᠯᠠᠬᠤ ᠨᠢ ᠠᠮᠤ ᠪᠤᠳᠠᠭ᠎ᠠ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠪᠠ ᠨᠡᠶᠢᠭᠡᠮ ᠤᠨ ᠲᠤᠭᠳᠠᠭᠤᠨ ᠪᠠᠶᠢᠳᠠᠯ ᠲᠠᠢ ᠬᠤᠯᠪᠤᠭᠳᠠᠨ᠎ᠠ᠂ ᠶᠡᠷᠦᠩᠬᠡᠢ ᠱᠦᠵᠢ ᠰᠢ ᠶᠢᠨ ᠫᠢᠩ ᠳᠠᠷᠢᠶᠠᠨ ᠭᠠᠵᠠᠷ ᠤᠨ ᠬᠤᠷᠢᠭ᠎ᠠ ᠱᠤᠭᠤᠮ ᠢ ᠴᠢᠩᠭ᠎ᠠ ᠪᠠᠳᠦ ᠰᠠᠬᠢᠬᠤ ᠬᠡᠷᠡᠭᠳᠠᠢ ᠬᠡᠵᠤ ᠤᠯᠠᠨᠳᠠ ᠴᠢᠬᠤᠯᠠᠴᠢᠯᠠᠵᠠᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ︽ᠳᠠᠷᠢᠶᠠᠨ ᠭᠠᠵᠠᠷ ᠢ ᠴᠢᠩᠭ᠎ᠠ ᠬᠠᠮᠠᠭᠠᠯᠠᠬᠤ︾ ︽ᠤᠯᠤᠰ ᠤᠨ ᠠᠮᠤ ᠪᠤᠳᠠᠭ᠎ᠠ ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ︾ ᠳᠣᠬᠠᠢ ᠳᠤᠳᠤᠷᠬᠠᠢ ᠱᠠᠭᠠᠷᠳᠠᠯᠭ᠎ᠠ ᠲᠤᠷᠠᠳᠴᠠᠢ᠃ ᠮᠠᠨ ᠤ ᠤᠷᠤᠨ ᠪᠦᠬᠦ ᠤᠯᠤᠰ ᠤᠨ ᠴᠢᠬᠤᠯᠠ ᠲᠠᠸᠠᠷ ᠤᠨ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠰᠠᠭᠤᠷᠢᠨ ᠪᠤᠯᠤᠭᠰᠠᠨ ᠤ ᠬᠤᠪᠢ ᠳᠤ᠂ ᠳᠠᠷᠢᠶᠠᠨ ᠭᠠᠵᠠᠷ ᠢ ᠬᠠᠮᠠᠭᠠᠯᠠᠬᠤ᠂ ᠤᠯᠤᠰ ᠤᠨ ᠠᠮᠤ ᠪᠤᠳᠠᠭ᠎ᠠ ᠶᠢᠨ ᠠᠮᠤᠷ ᠲᠦᠪᠰᠢᠨ ᠢ ᠪᠠᠳᠤᠯᠠᠬᠤ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠬᠦ ᠬᠡᠷᠡᠭᠳᠠᠢ᠃ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠭᠠᠵᠠᠷ ᠰᠢᠷᠦᠢ ᠶᠢᠨ ᠨᠡᠶᠢᠲᠡ ᠶᠢᠨ ᠦᠮᠴᠢᠯᠡᠯ ᠤᠨ ᠰᠢᠨᠵᠢ ᠴᠢᠨᠠᠷ ᠢ ᠬᠤᠪᠢᠷᠠᠭᠤᠯᠬᠤ ᠦᠭᠡᠢ ᠪᠠᠶᠢᠬᠤ᠂ ᠳᠠᠷᠢᠶᠠᠨ ᠭᠠᠵᠠᠷ ᠤᠨ ᠬᠤᠷᠢᠭ᠎ᠠ ᠱᠤᠭᠤᠮ ᠢ ᠳᠠᠪᠠᠭ᠋ᠣ ᠦᠭᠡᠢ ᠪᠠᠶᠢᠬᠤ᠂ ᠳᠠᠷᠢᠶᠠᠴᠢᠳ ᠤᠨ ᠠᠰᠢᠭ ᠲᠤᠰᠨ ᠶᠢ ᠬᠤᠬᠢᠷᠠᠭᠤᠯᠬᠤ ᠦᠭᠡᠢ ᠪᠠᠶᠢᠬᠤ ᠡᠨᠡ ᠭᠤᠷᠪᠠᠨ ᠬᠤᠷᠢᠭ᠎ᠠ ᠱᠣᠭᠤᠮ ᠢ ᠡᠷᠡᠰ ᠰᠠᠬᠢᠵᠣ᠂ ᠳᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠪᠤᠯᠤᠨ ᠭᠠᠵᠠᠷ ᠰᠢᠷᠣᠢ ᠶᠢ ᠠᠷᠪᠢᠯᠠᠨ ᠬᠡᠷᠡᠭᠯᠡᠬᠦ ᠬᠠᠮᠤᠭ ᠤᠨ ᠴᠢᠩᠭ᠎ᠠ ᠲᠦᠷᠢᠮ ᠢ ᠡᠷᠡᠰ ᠰᠠᠬᠢᠵᠤ᠂ ᠳᠠᠷᠢᠶᠠᠨ ᠭᠠᠵᠠᠷ ᠢ ᠡᠵᠡᠯᠡᠭᠰᠡᠨ ᠨᠦᠬᠦᠪᠦᠷᠢ ᠶᠢ ᠳᠡᠩᠴᠡᠭᠦᠷᠢᠰᠢᠭᠦᠯᠬᠦ ᠠᠵᠢᠯ ᠢ ᠬᠠᠤᠯᠢ ᠶᠤᠰᠤᠭᠠᠷ ᠰᠠᠶᠢᠲᠤᠷ ᠬᠢᠬᠦ ᠬᠡᠷᠡᠭᠳᠠᠢ ᠬᠡᠵᠠᠢ᠃      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠦᠪᠯᠡᠭᠴᠢ ᠣᠷᠢᠬᠤ ᠠᠵᠢᠯ ᠢ ᠰᠤᠳᠤᠯᠵᠤ᠂ ᠬᠠᠮᠢᠶ᠎ᠠ ᠪᠦᠬᠦᠢ ᠲᠦᠷᠢᠮ ᠳᠤᠭᠳᠠᠭᠠᠯ ᠢ ᠪᠠᠶᠢᠭᠤᠯᠤᠨ ᠪᠦᠷᠢᠨᠰᠢᠬᠦᠯᠵᠤ᠂ ᠬᠠᠤᠯᠢ ᠴᠠᠭᠠᠵᠠ ᠶᠢᠨ ᠵᠦᠪᠯᠡᠭᠴᠢ ᠶᠢᠨ ᠦᠢᠯᠡᠳᠦᠯ ᠢᠶᠠᠨ ᠪᠠᠳᠠᠷᠠᠭᠤᠯᠬᠤ ᠳᠤᠨᠢ ᠨᠦᠬᠦᠴᠡᠯ ᠪᠦᠷᠢᠯᠳᠦᠭᠦᠯᠦᠨ ᠦᠭᠴᠦ᠂ ᠳᠡᠳᠡᠨᠠᠷ ᠤᠨ ᠵᠠᠰᠠᠭ ᠤᠨ ᠤᠷᠳᠤᠨ ᠤ ᠬᠠᠤᠯᠢ ᠶᠤᠰᠤᠭᠠᠷ ᠵᠠᠰᠠᠭ ᠶᠠᠪᠣᠭᠤᠯᠬᠤ᠂ ᠤᠨᠴᠠᠭᠠᠶᠢᠯᠠᠨ ᠬᠠᠤᠯᠢ ᠶᠤᠰᠤᠭᠠᠷ ᠰᠢᠢᠳᠪᠦᠷᠢᠳᠦ ᠪᠣᠳᠣᠯᠭ᠎ᠠ ᠳᠣᠭᠳᠠᠭᠠᠬᠤ ᠳᠠᠯ᠎ᠠ ᠪᠠᠷ ︽ᠤᠬᠠᠭᠠᠨ ᠤ ᠤᠭᠤᠲᠠ︾᠎ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠳᠠᠢ ᠬᠡᠵᠦ ᠴᠢᠬᠤᠯᠠᠴᠢᠯᠠᠪᠠ᠃      ᠬᠤᠷᠠᠯ ᠨᠢ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠦᠢᠯ ᠤᠨ ᠪᠠᠶᠢᠳᠠᠯ ᠢ ᠰᠤᠨᠤᠰᠴᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠣᠣᠱᠯᠠᠭᠤᠯᠵᠣ᠂ ᠬᠦᠭᠵᠢᠯᠳᠡ ᠶᠢᠨ ᠰᠢᠨ᠎ᠡ ᠤᠨᠤᠯᠵᠢᠬᠤᠨ ᠢ ᠪᠤᠢ ᠪᠤᠯᠭᠠᠵᠣ᠂ ᠵᠠᠰᠠᠭ ᠤᠨ ᠤᠷᠳᠤᠨ ᠤ ᠪᠡᠯᠡ ᠤᠷᠤᠭᠤᠯᠬᠤ ᠴᠢᠭᠯᠡᠯ ᠪᠤᠯᠤᠨ ᠭᠤᠤᠯᠳᠠᠯᠭ᠎ᠠ ᠳᠤ ᠰᠢᠨᠵᠢᠯᠡᠬᠦ ᠤᠬᠠᠭᠠᠨᠴᠢ ᠪᠠᠷ ᠪᠠᠶᠢᠷᠢ ᠲᠤᠭᠳᠠᠭᠠᠯᠳᠠ ᠬᠢᠬᠦ ᠬᠡᠷᠡᠭᠳᠠᠢ︔ ᠵᠠᠰᠠᠭ ᠤᠨ ᠤᠷᠳᠤᠨ ᠤ ᠦᠷᠢ ᠦᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠶᠢ ᠤᠯᠤᠰ ᠲᠦᠷᠦ ᠶᠢᠨ ᠡᠭᠦᠷᠭᠡ ᠪᠤᠯᠭᠠᠵᠤ᠂ ᠵᠠᠰᠠᠭ ᠤᠨ ᠤᠷᠳᠤᠨ ᠵᠢᠭᠡᠯᠡᠯᠭᠡ ᠠᠪᠴᠣ ᠪᠡᠯᠡ ᠣᠷᠣᠭᠤᠯᠬᠤ ᠰᠢᠨ᠎ᠡ ᠲᠦᠷᠦᠯ ᠵᠦᠢᠯ ᠪᠦᠬᠦᠨ ᠳᠤ ᠪᠦᠷ ᠤᠷᠢᠳᠠᠪᠡᠷ ᠦᠷᠢ ᠦᠭᠴᠡᠭᠡ ᠶᠢᠨ ᠲᠦᠭᠰᠢᠭᠦᠷᠢ ᠶᠢ ᠦᠨᠡᠯᠡᠬᠦ ᠬᠡᠷᠡᠭᠳᠠᠢ ᠬᠡᠵᠤ ᠴᠢᠬᠤᠯᠠᠴᠢᠯᠠᠪᠠ᠃      ᠬᠤᠷᠠᠯ ᠨᠢ ᠤᠶᠢᠷ᠎ᠠ ᠶᠢᠨ ᠬᠤᠭᠤᠴᠠᠭᠠᠨ ᠤ ᠠᠵᠢᠯ ᠢ ᠪᠠᠶᠢᠷᠢᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ᠂ ᠢᠷᠡᠭᠦ ᠵᠢᠯ ᠪᠣᠯᠣᠨ ᠬᠤᠶᠢᠰᠢᠳᠠ ᠶᠢᠨ ᠵᠠᠰᠠᠭ ᠤᠨ ᠤᠷᠳᠤᠨ ᠤ ᠠᠵᠢᠯ ᠢ ᠬᠢᠨᠠᠮᠠᠭᠠᠢ ᠲᠦᠯᠦᠪᠵᠢᠭᠦᠯᠵᠦ᠂ ᠬᠦᠭᠵᠢᠯᠳᠡ ᠶᠢᠨ ᠰᠡᠳᠬᠢᠴᠡ᠂ ᠬᠠᠷᠠᠯᠳᠠ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠵᠡᠷᠭᠡ ᠳᠡᠭᠡᠨ ᠪᠦᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠬᠤ ᠶᠢ ᠪᠠᠷᠢᠮᠳᠠᠯᠠᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠦᠢᠴᠡᠳ ᠳᠣᠣᠱᠯᠠᠭᠤᠯᠬᠤ ᠬᠡᠷᠡᠭᠳᠠᠢ ᠬᠡᠵᠤ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号