ᠮᠠᠨ ᠤ ᠣᠷᠣᠨ ᠤ ᠡᠭᠦᠷᠭᠡᠯᠡᠭᠰᠡᠨ ︽12·5︾᠎ ᠶᠢᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠬᠤᠶᠠᠷ ᠲᠦᠷᠦᠯ ᠵᠦᠢᠯ ᠨᠢ ᠬᠢᠨᠠᠨ ᠰᠢᠯᠭᠠᠯᠲᠠ ᠳᠤ ᠪᠠᠲᠤᠯᠠᠭᠳᠠᠪᠠ
ᠨᠡᠶᠢᠲᠡᠯᠡᠭᠰᠡᠨ ᠴᠠᠭ᠄
2017/10/31
      ᠦᠢᠷ᠎ᠠ ᠶᠢᠨ ᠡᠳᠦᠷ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠳᠡᠭᠡᠳᠦ ᠰᠢᠨ᠎ᠡ ᠮᠡᠷᠭᠡᠵᠢᠯ ᠤᠨ ᠵᠤᠷᠭᠠᠨ ᠠᠴᠠ ︽12·5︾᠎ ᠶᠢᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠲᠥᠯᠥᠪᠯᠡᠭᠡ ᠶᠢ ᠰᠢᠯᠭᠠᠨ ᠠᠪᠬᠤ ᠬᠤᠷᠠᠯ ᠢ ᠬᠥᠬᠡᠬᠤᠲᠠ ᠳᠤ ᠬᠤᠷᠠᠯᠳᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠲᠥᠯᠥᠪᠯᠡᠭᠡ ᠶᠢᠨ ᠬᠤᠶᠠᠷ ᠲᠥᠷᠥᠯ ᠵᠦᠢᠯ ︵ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠷᠢᠶ᠎ᠡ︶᠎ ᠨᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠰᠢᠯᠭᠠᠯᠲᠠ ᠳᠤ ᠪᠠᠲᠤᠯᠠᠭᠳᠠᠪᠠ᠃ ᠲᠤᠰ ᠤᠳᠠᠭᠠᠨ ᠤ ᠬᠢᠨᠠᠨ ᠰᠢᠯᠭᠠᠯᠲᠠ ᠳᠤ ᠪᠠᠲᠤᠯᠠᠭᠳᠠᠭᠰᠠᠨ ᠬᠤᠶᠠᠷ ᠲᠥᠷᠦᠯ ᠵᠦᠢᠯ ᠨᠢ ᠳᠤᠰ ᠳᠤᠰ᠄ ︽ᠦᠨᠳᠦᠰᠦᠲᠡᠨ ᠤ ᠳᠠᠭᠤᠤ ᠬᠥᠭᠵᠢᠮ ᠤᠨ ᠡᠬᠢ ᠪᠠᠶᠠᠯᠢᠭ ᠢ ᠬᠤᠷᠠᠮᠳᠤᠭᠤᠯᠤᠭᠰᠠᠨ ᠰᠢᠰᠲ᠋ᠧᠮ ᠵᠢᠴᠢ ᠲᠣᠣᠷ ᠰᠥᠯᠵᠢᠶᠡᠵᠢᠯᠳᠡ ᠶᠢᠨ ᠬᠡᠷᠡᠭᠯᠡᠭᠡᠨ ︵2014BAH08F00︶︾ ᠪᠠ ︽ᠣᠯᠠᠨ ᠤᠯᠤᠰ ᠤᠨ ᠪᠠᠷᠢᠮᠵᠢᠶᠠᠲᠤ ᠮᠣᠩᠭᠤᠯ ᠦᠰᠦᠭ ᠪᠢᠴᠢᠭ ᠤᠨ ᠲᠣᠭᠠᠴᠢᠯᠠᠭᠰᠠᠨ ᠬᠡᠪᠯᠡᠯ ᠤᠨ ᠰᠢᠰᠲ᠋ᠧᠮ ᠤᠨ ᠰᠣᠳᠤᠯᠤᠯ ᠵᠢᠴᠢ ᠬᠡᠷᠡᠭᠯᠡᠭᠡᠨ ᠤ ᠵᠢᠱᠢᠶ᠎ᠡ ᠦᠵᠡᠭᠦᠯᠦᠯᠲᠡ ︵2013BAH55F00︶︾ ᠪᠣᠯᠣᠨ᠎ᠠ᠃ ︽ᠦᠨᠳᠦᠰᠦᠲᠡᠨ ᠤ ᠳᠠᠭᠤᠤ ᠬᠥᠭᠵᠢᠮ ᠤᠨ ᠡᠬᠢ ᠪᠠᠶᠠᠯᠢᠭ ᠢ ᠬᠤᠷᠠᠮᠳᠤᠭᠤᠯᠤᠭᠰᠠᠨ ᠰᠢᠰᠲ᠋ᠧᠮ ᠵᠢᠴᠢ ᠲᠣᠣᠷ ᠰᠥᠯᠵᠢᠶᠡᠵᠢᠯᠳᠡ ᠶᠢᠨ ᠬᠡᠷᠡᠭᠯᠡᠭᠡᠨ ︵2014BAH08F00︶︾᠎ ᠤ ᠲᠥᠷᠦᠯ ᠵᠦᠢᠯ ᠨᠢ 4 ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠢ ᠢᠯᠠᠨ ᠳᠠᠪᠠᠵᠤ᠂ ᠬᠢᠲᠠᠳ᠂ ᠠᠩᠭ᠍ᠯᠢ᠂ ᠤᠯᠠᠮᠵᠢᠯᠠᠯᠲᠤ ᠮᠣᠩᠭᠤᠯ᠂ ᠺᠢᠷᠢᠯ ᠵᠡᠷᠭᠡ ᠳᠥᠷᠪᠡᠨ ᠵᠦᠢᠯ ᠤᠨ ᠦᠰᠦᠭ ᠪᠢᠴᠢᠭ ᠤᠨ ᠤᠯᠠᠨ ᠬᠡᠯᠡᠨ ᠤ ᠲᠠᠯ᠎ᠠ ᠨᠤᠲᠤᠭ ᠤᠨ ᠳᠠᠭᠤᠤ ᠬᠥᠭᠵᠢᠮ ᠤᠨ ᠲᠤᠭ᠎ᠠ ᠪᠠᠷᠢᠮᠲᠠ ᠶᠢᠨ ᠬᠥᠮᠥᠷᠭᠡ ᠪᠣᠯᠤᠨ ᠰᠥᠯᠵᠢᠶᠡᠵᠢᠭᠰᠡᠨ ᠲᠠᠪᠴᠠᠩ ᠢ ᠨᠡᠬᠡᠬᠡᠨ ᠬᠥᠭᠵᠢᠭᠦᠯᠵᠦ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠬᠥᠮᠥᠷᠭᠡ ᠶᠢ ᠪᠠᠷᠢᠮᠵᠢᠶᠠᠵᠢᠭᠤᠯᠬᠤ᠂ ᠣᠯᠠᠨ ᠤᠯᠤᠰᠴᠢᠯᠠᠬᠤ ᠪᠠ ᠬᠡᠪᠴᠢᠶᠡᠵᠢᠭᠦᠯᠬᠦ ᠶᠢ ᠪᠡᠶᠡᠯᠡᠭᠦᠯᠪᠡ᠃ ︽ᠣᠯᠠᠨ ᠤᠯᠤᠰ ᠤᠨ ᠪᠠᠷᠢᠮᠵᠢᠶᠠᠲᠤ ᠮᠣᠩᠭᠤᠯ ᠦᠰᠦᠭ ᠪᠢᠴᠢᠭ ᠤᠨ ᠲᠣᠭᠠᠴᠢᠯᠠᠭᠰᠠᠨ ᠬᠡᠪᠯᠡᠯ ᠤᠨ ᠰᠢᠰᠲ᠋ᠧᠮ ᠤᠨ ᠰᠣᠳᠤᠯᠤᠯ ᠵᠢᠴᠢ ᠬᠡᠷᠡᠭᠯᠡᠭᠡᠨ ᠤ ᠵᠢᠱᠢᠶ᠎ᠡ ᠦᠵᠡᠭᠦᠯᠦᠯᠲᠡ ︵2013BAH55F00︶︾᠎ ᠶᠢᠨ ᠲᠦᠷᠦᠯ ᠵᠦᠢᠯ ᠤᠨ ᠰᠤᠳᠤᠯᠤᠨ ᠨᠡᠬᠡᠬᠡᠭᠰᠡᠨ ᠮᠣᠩᠭᠤᠯ ᠬᠢᠲᠠᠳ ᠬᠡᠯᠡᠨ ᠤ ᠲᠣᠭᠠᠨ ᠤ ᠡᠬᠢ ᠪᠠᠶᠠᠯᠢᠭ ᠵᠢᠴᠢ ᠵᠥᠭᠡᠯᠡᠨ ᠲᠣᠨᠤᠭ ᠤᠨ ᠲᠠᠪᠴᠠᠩ ᠨᠢ ᠬᠡᠪᠯᠡᠯ ᠤᠨ ᠪᠦᠯᠦᠭᠯᠡᠯ ᠪᠣᠯᠤᠨ ᠡᠯ᠎ᠡ ᠬᠡᠪᠯᠡᠯ ᠤᠨ ᠬᠤᠷᠢᠶ᠎ᠠ ᠶᠢᠨ ᠲᠣᠭᠠᠴᠢᠯᠠᠭᠰᠠᠨ ᠬᠡᠪᠯᠡᠯ ᠤᠨ ᠲᠤᠬᠠᠶᠢᠯᠠᠭᠰᠠᠨ ᠠᠵᠢᠯ ᠳᠤ ᠥᠷᠭᠡᠨ ᠢᠶᠠᠷ ᠬᠡᠷᠡᠭᠯᠡᠭᠳᠡᠵᠦ ᠪᠠᠶᠢᠬᠤ ᠮᠦᠷᠲᠡᠭᠡᠨ ᠪᠠᠰᠡ ᠣᠷᠣᠨ ᠤ ᠳᠣᠲᠣᠷ᠎ᠠ ᠭᠠᠳᠠᠨᠠᠬᠢ ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠣᠯᠪᠠᠰᠤᠷᠠᠭᠤᠯᠤᠯ᠂ ᠰᠣᠨᠢᠨ ᠮᠡᠳᠡᠭᠡᠨ ᠤ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠵᠠᠭᠤᠴᠢ ᠰᠣᠶᠣᠯ᠂ ᠵᠠᠰᠠᠭ ᠵᠠᠬᠢᠷᠭᠠᠨ ᠪᠣᠯᠣᠨ ᠠᠵᠤ ᠠᠬᠤᠶᠢᠯᠠᠯ ᠶᠢᠨ ᠪᠠᠶᠢᠭᠤᠯᠤᠮᠵᠢ ᠵᠡᠷᠭᠡ ᠣᠯᠠᠨ ᠠᠵᠢᠯ ᠲᠥᠷᠥᠯ ᠳᠤ ᠠᠯᠬᠤᠮ ᠠᠯᠬᠤᠮ ᠢᠶᠠᠷ ᠬᠡᠷᠡᠭᠯᠡᠭᠳᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号