ᠦᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠡᠷᠬᠡ ᠤᠯᠭᠤᠯᠲᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠡᠳ᠋ ᠤᠨ ᠵᠠᠰᠠᠭ ᠤᠨ ᠶᠠᠮᠤᠨ ᠤ ᠱᠠᠩᠬᠠᠶ ᠶᠢᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠰᠢᠰᠲ᠋ᠧᠮ ᠢᠶᠠᠷ ᠳᠠᠮᠵᠢᠭᠤᠯᠤᠨ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠬᠤ | ᠪᠦᠯᠬᠦᠮ ᠤᠨ ᠪᠦᠷᠢᠯᠳᠦᠬᠦᠨ ᠳᠤ ᠬᠠᠨᠳᠤᠭᠤᠯᠤᠨ᠂ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ 2017 | ᠤᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠯᠢᠯᠲᠠ ᠶᠢᠨ | ᠵᠢᠭᠡᠯᠡᠯᠭᠡ ᠶᠢᠨ ᠲᠡᠮᠳᠡᠭᠲᠦ ᠶᠢ ᠨᠡᠶᠢᠲᠡ 301 ᠳ᠋ᠦᠩᠰᠢᠭᠤᠷ ᠲᠦᠬᠦᠷᠢᠭ ᠲᠠᠷᠬᠠᠭᠠᠪᠠ᠃ ᠲᠣᠰ ᠪᠦᠯᠦᠭ | ᠵᠢᠭᠡᠯᠡᠯᠭᠡ ᠶᠢᠨ ᠲᠡᠮᠳᠡᠭᠲᠦ ᠳᠤ᠂ ᠡᠩ ᠤᠨ ᠵᠢᠭᠡᠯᠡᠯᠭᠡ ᠶᠢᠨ ᠲᠡᠮᠳᠡᠭᠲᠦ 224.146 ᠳ᠋ᠦᠩᠰᠢᠭᠤᠷ ᠲᠥᠭᠦᠷᠢᠭ | ᠪᠠᠶᠢᠵᠤ᠂ ᠡᠭᠦᠨ ᠳᠤ᠂ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 35.846 ᠳ᠋ᠦᠩᠰᠢᠭᠤᠷ | ᠲᠥᠭᠦᠷᠢᠭ᠂ 7 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 58.4 ᠳ᠋ᠦᠩᠰᠢᠭᠤᠷ ᠲᠥᠭᠦᠷᠢᠭ᠂ 10 | ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 129.9 ᠳ᠋ᠦᠩᠰᠢᠭᠤᠷ ᠲᠥᠭᠦᠷᠢᠭ ᠪᠠᠶᠢᠨ᠎ᠠ᠂ | ᠳᠠᠭᠠᠭᠠᠴᠢᠯᠠᠯᠲᠠ ᠤᠯᠬᠤ ᠨᠤᠷᠮ᠎ᠠ ᠨᠢ ᠲᠤᠰ ᠪᠦᠷᠢ 3.94%᠂ 4.05%᠂ 4.06% ᠪᠤᠯᠤᠨ᠎ᠠ︔ ᠲᠤᠰᠬᠠᠶ | ᠵᠦᠢᠯ ᠤᠨ ᠵᠢᠭᠡᠯᠡᠯᠭᠡ ᠶᠢᠨ ᠲᠡᠮᠳᠡᠭᠲᠦ 76.854 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ᠂ 5 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 38.427 ᠳ᠋ᠦᠩᠰᠢᠭᠤᠷ ᠲᠥᠭᠦᠷᠢᠭ᠂ 10 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 38.427 ᠳ᠋ᠦᠩᠰᠢᠭᠤᠷ ᠲᠥᠭᠦᠷᠢᠭ ᠪᠠᠶᠢᠨ᠎ᠠ᠂ ᠳᠠᠭᠠᠭᠠᠴᠢᠯᠠᠯᠲᠠ | ᠤᠯᠬᠤ ᠨᠤᠷᠮ᠎ᠠ ᠨᠢ ᠲᠤᠰ ᠪᠦᠷᠢ 3.94%᠂ 4.04% ᠪᠤᠯᠤᠨ᠎ᠠ᠃ ᠲᠤᠰ ᠤᠳᠠᠭᠠᠨ ᠤ ᠲᠠᠷᠬᠠᠭᠠᠭᠰᠠᠨ | ᠵᠢᠭᠡᠯᠡᠯᠭᠡ ᠶᠢᠨ ᠲᠡᠮᠳᠡᠭᠲᠦ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ | ᠣᠷᠳᠣᠨ ᠤ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠵᠦ ᠪᠠᠶᠢᠭ᠎ᠠ 2017 ᠣᠨ ᠳᠤ ᠬᠤᠭᠤᠴᠠᠭ᠎ᠠ ᠨᠢ | ᠲᠤᠯᠤᠭᠰᠠᠨ᠂ ᠬᠤᠭᠤᠴᠠᠭ᠎ᠠ ᠬᠡᠲᠦᠷᠡᠭᠰᠡᠨ ᠪᠠ ᠬᠤᠶᠢᠰᠢᠳᠠ ᠣᠨ ᠤ ᠬᠤᠭᠤᠴᠠᠭ᠎ᠠ ᠨᠢ ᠲᠤᠯᠤᠬᠤ ᠥᠷᠢ | ᠥᠭᠴᠡᠭᠡᠨ ᠤ ᠡᠬᠡ ᠮᠥᠩᠭᠦ ᠶᠢ ᠪᠤᠴᠠᠭᠠᠬᠤ ᠳᠤ ᠬᠡᠷᠡᠭᠯᠡᠬᠦ ᠪᠤᠯᠤᠨ᠎ᠠ᠃ ᠡᠨᠡ ᠵᠢᠯ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠨᠡᠶᠢᠲᠡ 1133.1 | ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠬᠦ ᠵᠢᠯ ᠤᠨ ᠲᠠᠷᠬᠠᠭᠠᠬᠤ ᠲᠥᠯᠥᠪᠯᠡᠭᠡ ᠶᠢᠨ 67.5% ᠶᠢ ᠪᠡᠶᠡᠯᠡᠭᠦᠯᠪᠡ | ᠃ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠠᠮᠵᠢᠯᠲᠠ ᠲᠠᠢ ᠪᠠᠷ ᠲᠠᠷᠬᠠᠭᠠᠭᠰᠠᠨ ᠨᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠥᠷᠢ ᠥᠭᠴᠡᠭᠡ ᠪᠠᠨ | ᠳᠦᠯᠦᠬᠦ ᠳᠠᠷᠤᠯᠲᠠ ᠶᠢ ᠨᠢ ᠨᠠᠮᠳᠠᠭᠤᠯᠵᠤ᠂ ᠪᠡᠯᠡ ᠲᠤᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠳᠤ | ᠴᠢᠬᠤᠯᠠ ᠦᠢᠯᠡᠳᠦᠯ ᠪᠠᠳᠠᠷᠠᠭᠤᠯᠬᠤ ᠪᠤᠯᠤᠨ᠎ᠠ᠃ |