ᠥᠪᠥᠷ ᠮᠣᠩᠭᠤᠯ ᠲᠡᠦᠬᠡ ᠵᠠᠩ ᠦᠢᠯᠡ ᠶᠢᠨ ᠣᠨᠴᠠᠯᠢᠭ ᠪᠦᠬᠦᠢ ᠵᠢᠭᠤᠯᠴᠢᠯᠠᠯ ᠤᠨ ᠵᠠᠮ ᠱᠤᠭᠤᠮ ᠢ ᠭᠤᠣᠯᠳᠠᠯᠭ᠎ᠠ ᠲᠠᠢ ᠨᠡᠭᠡᠭᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2017/10/31
     ᠥᠪᠥᠷ ᠮᠣᠩᠭᠤᠯ ᠥᠪᠡᠷᠮᠢᠴᠡ ᠲᠡᠦᠬᠡ ᠰᠣᠶᠣᠯ᠂ ᠦᠨᠳᠦᠰᠦᠲᠡᠨ ᠤ ᠵᠠᠩ ᠦᠢᠯᠡ ᠵᠡᠷᠭᠡ ᠡᠬᠢ ᠪᠠᠶᠠᠯᠢᠭ ᠢ ᠠᠭᠤᠳᠠᠯᠬᠤ ᠪᠠ ᠨᠡᠶᠢᠯᠡᠭᠦᠯᠵᠦ᠂ ᠤᠨᠴᠠᠯᠢᠭᠳᠤ ᠰᠣᠶᠣᠯ ᠢᠶᠠᠷ ᠭᠤᠣᠯ ᠰᠡᠳᠦᠪ ᠪᠣᠯᠭᠠᠵᠤ᠂ ᠵᠠᠮ ᠬᠠᠷᠢᠯᠴᠠᠭᠠᠨ ᠤ ᠵᠠᠮ ᠱᠤᠭᠤᠮ ᠢᠶᠠᠷ ᠲᠦᠰᠢᠭ ᠪᠣᠯᠭᠠᠵᠤ᠂ ᠦᠵᠡᠮᠵᠢᠲᠦ ᠣᠷᠣᠨ ︵ᠴᠢᠬ︶᠂ ᠣᠨᠴᠠᠯᠢᠭ ᠪᠦᠬᠦᠢ ᠭᠠᠴᠠᠭ᠎ᠠ ᠪᠠᠯᠭᠠᠰᠤ ᠪᠠ ᠥᠷᠲᠡᠭᠡ ᠪᠠᠷ ᠲᠤᠯᠭᠠᠭᠤᠷᠢ ᠪᠣᠯᠭᠠᠭᠰᠠᠨ᠂ ᠨᠢᠭᠡ ᠪᠦᠯᠦᠭ ᠰᠣᠳᠣᠨ ᠰᠣᠶᠣᠯ ᠤᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠬᠦ ᠪᠠᠷ ᠪᠠᠶᠢᠨ᠎ᠠ᠃      ᠥᠪᠥᠷ ᠮᠣᠩᠭᠤᠯ ᠪᠠᠶᠢᠭᠠᠯᠢ ᠶᠢᠨ ᠡᠬᠢ ᠪᠠᠶᠠᠯᠢᠭ ᠲᠠᠭᠠᠨ ᠲᠦᠰᠢᠭᠯᠡᠨ᠂ ᠬᠥᠯᠥᠨ ᠪᠦᠢᠷ ᠤᠨ ᠤᠢ ᠰᠢᠭᠤᠶ ᠲᠠᠯ᠎ᠠ ᠨᠤᠲᠤᠭ ᠤᠨ ᠵᠢᠭᠤᠯᠴᠢᠯᠠᠯ᠂ ᠬᠡᠰᠢᠭᠲᠡᠨ ᠤ ᠳᠡᠯᠡᠬᠡᠶ ᠶᠢᠨ ᠭᠠᠵᠠᠷ ᠰᠢᠨᠵᠢᠯᠡᠭᠡᠨ ᠤ ᠴᠡᠴᠡᠷᠯᠢᠭ — ᠰᠢᠯᠢ ᠶᠢᠨ ᠭᠤᠣᠯ ᠤᠨ ᠲᠠᠯ᠎ᠠ ᠨᠤᠲᠤᠭ — ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠳᠡᠯᠡᠬᠡᠶ ᠶᠢᠨ ᠥᠪ ᠤᠨ ᠵᠢᠭᠤᠯᠴᠢᠯᠠᠯ᠂ ᠪᠡᠭᠡᠵᠢᠩ ᠲᠢᠶᠠᠨᠵᠢᠨ ᠾᠧᠪᠸᠢ ᠶᠢᠨ ︽ᠠᠷᠤ ᠴᠡᠴᠡᠷᠯᠢᠭ︾᠎ ᠤᠨ ᠵᠤᠰᠠᠯᠠᠩ ᠤᠨ ᠵᠢᠭᠤᠯᠴᠢᠯᠠᠯ᠂ ᠣᠳᠣ ᠦᠶ᠎ᠡ ᠶᠢᠨ ᠲᠠᠯ᠎ᠠ ᠨᠤᠲᠤᠭ ᠤᠨ ᠰᠣᠶᠣᠯ ᠤᠨ ᠵᠢᠭᠤᠯᠴᠢᠯᠠᠯ᠂ ᠬᠠᠳᠤᠨ ᠭᠤᠣᠯ ᠤᠨ ︽几︾ ᠦᠰᠦᠭ ᠤᠨ ᠪᠤᠯᠤᠩ ᠤᠨ ᠶᠡᠭᠡ ᠡᠯᠡᠰᠦᠨ ᠤ ᠵᠠᠩ ᠦᠢᠯᠡ ᠶᠢᠨ ᠵᠢᠭᠤᠯᠴᠢᠯᠠᠯ᠂ ᠠᠯᠠᠱᠠ ᠶᠢᠨ ᠶᠡᠭᠡ ᠭᠤᠪᠢ ᠶᠢᠨ ᠲᠣᠣᠷᠠᠶ ᠶᠢᠨ ᠵᠢᠭᠤᠯᠴᠢᠯᠠᠯ᠂ ᠮᠤᠨᠢ ᠠᠭᠤᠯᠠ ᠶᠢᠨ ᠬᠠᠳᠠᠨ ᠵᠢᠷᠤᠭ ᠤᠨ ᠵᠢᠭᠤᠯᠴᠢᠯᠠᠯ᠂ ᠴᠠᠭᠠᠨ ᠬᠡᠷᠡᠮ ᠤᠨ ᠶᠠᠪᠤᠭᠠᠨ ᠠᠶᠠᠯᠠᠯ ᠤᠨ ᠵᠢᠭᠤᠯᠴᠢᠯᠠᠯ ᠵᠡᠷᠭᠡ ᠵᠠᠮ ᠱᠤᠭᠤᠮ ᠢ ᠭᠤᠣᠯᠳᠠᠯᠭ᠎ᠠ ᠲᠠᠢ ᠨᠡᠭᠡᠭᠡᠨ᠎ᠡ᠃      ᠥᠪᠥᠷ ᠮᠣᠩᠭᠤᠯ ᠣᠨᠴᠠᠯᠢᠭ ᠪᠦᠬᠦᠢ ᠲᠡᠦᠬᠡ ᠰᠣᠶᠣᠯ ᠳᠠᠭᠠᠨ ᠲᠦᠰᠢᠭᠯᠡᠨ᠂ ᠲᠦᠮᠡᠨ ᠭᠠᠵᠠᠷ ᠤᠨ ᠴᠠᠢ ᠶᠢᠨ ᠵᠠᠮ ᠤᠨ ᠤᠯᠠᠨ ᠤᠯᠤᠰ ᠤᠨ ᠬᠠᠮᠲᠤᠷᠠᠯᠴᠠᠭ᠎ᠠ ᠶᠢᠨ ᠠᠶᠠᠯᠠᠯ᠂ ᠮᠣᠩᠭᠤᠯ ᠶᠤᠸᠠᠨ ᠤ ᠰᠣᠶᠣᠯ ᠤᠨ ᠤᠭ ᠦᠨᠳᠦᠰᠦ ᠶᠢ ᠡᠷᠢᠬᠦ ᠠᠶᠠᠯᠠᠯ᠂ ᠾᠦᠩᠨᠦ ᠰᠣᠶᠣᠯ ᠤᠨ ᠨᠢᠭᠤᠴᠠ ᠶᠢ ᠬᠠᠶᠢᠬᠤ ᠠᠶᠠᠯᠠᠯ᠂ ᠳᠠᠯᠳᠠ ᠨᠢᠭᠤᠴᠠᠭᠠᠢ ᠰᠢᠶᠡᠨᠪᠢ ᠶᠢᠨ ᠤᠭ ᠦᠨᠳᠦᠰᠦ ᠶᠢ ᠡᠷᠢᠬᠦ ᠠᠶᠠᠯᠠᠯ᠂ ᠬᠢᠳᠠᠨ ᠤ ᠯᠢᠶᠣᠤ ᠤᠯᠤᠰ ᠤᠨ ᠰᠣᠶᠣᠯ ᠤᠨ ᠠᠶᠠᠯᠠᠯ᠂ ᠬᠤᠪᠢᠰᠬᠠᠯ ᠤᠨ ᠤᠯᠠ ᠮᠥᠷ ᠤᠨ ᠠᠶᠠᠯᠠᠯ ᠵᠡᠷᠭᠡ ᠰᠣᠶᠣᠯ ᠤᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ᠎ᠡ︔ ᠦᠨᠳᠦᠰᠦᠲᠡᠨ ᠤ ᠵᠠᠩ ᠦᠢᠯᠡ ᠶᠢᠨ ᠰᠣᠶᠣᠯ ᠳᠠᠭᠠᠨ ᠲᠦᠰᠢᠭᠯᠡᠨ᠂ ᠲᠠᠯ᠎ᠠ ᠨᠤᠲᠤᠭ ᠤᠨ ᠮᠣᠷᠢᠨ ᠵᠠᠮ᠂ ᠨᠠᠶᠢᠷ ᠨᠠᠭᠠᠳᠤᠮ ᠤᠨ ᠵᠠᠩ ᠦᠢᠯᠡ᠂ ᠮᠣᠩᠭᠤᠯ ᠳᠠᠭᠤᠤ ᠬᠥᠭᠵᠢᠮ ᠰᠣᠨᠢᠷᠬᠠᠬᠤ᠂ ᠬᠤᠪᠴᠠᠰᠤ ᠵᠠᠰᠠᠯ ᠤᠨ ᠰᠤᠳᠤᠯᠤᠯ ᠵᠡᠷᠭᠡ ᠪᠡᠶ᠎ᠡ ᠪᠠᠷ ᠢᠶᠠᠨ ᠣᠶᠢᠯᠠᠭᠠᠬᠤ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ᠎ᠡ᠃      ᠥᠪᠥᠷ ᠮᠣᠩᠭᠤᠯ ᠡᠷᠡᠭᠦᠯ ᠮᠡᠨᠳᠦ ᠶᠢᠨ ᠰᠤᠪᠢᠯᠠᠯᠲᠠ ᠶᠢᠨ ᠰᠣᠶᠣᠯ ᠳᠤ ᠲᠦᠰᠢᠭᠯᠡᠨ᠂ ᠮᠣᠩᠭᠤᠯ ᠬᠢᠲᠠᠳ ᠡᠮᠨᠡᠯᠭᠡ ᠶᠢᠨ ᠪᠡᠶ᠎ᠡ ᠴᠢᠭᠢᠷᠠᠭᠵᠢᠭᠤᠯᠬᠤ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ᠎ᠡ︔ ᠠᠵᠤ ᠦᠢᠯᠡᠳᠪᠦᠷᠢ᠂ ᠣᠷᠴᠢᠨ ᠠᠬᠤᠶ᠂ ᠲᠡᠦᠬᠡ ᠵᠡᠷᠭᠡ ᠦᠵᠡᠮᠵᠢᠲᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠴᠢᠳᠠᠮᠵᠢ ᠳᠤ ᠲᠦᠰᠢᠭᠯᠡᠨ᠂ ᠠᠵᠤ ᠠᠬᠤᠶᠢᠯᠠᠯ ᠤᠨ ᠰᠣᠶᠣᠯ ᠤᠨ ᠲᠣᠭᠤᠷᠢᠨ ᠵᠢᠭᠤᠯᠴᠢᠯᠠᠯ᠂ ᠠᠮᠢ ᠠᠬᠤᠶ ᠶᠢᠨ ᠰᠣᠶᠣᠯ ᠰᠢᠨᠵᠢᠯᠡᠭᠡᠨ ᠤ ᠵᠢᠭᠤᠯᠴᠢᠯᠠᠯ᠂ ᠲᠡᠦᠬᠡ ᠰᠣᠶᠣᠯ ᠤᠨ ᠦᠵᠡᠭᠦᠯᠦᠯᠭᠡ ᠶᠢᠨ ᠵᠢᠭᠤᠯᠴᠢᠯᠠᠯ ᠵᠡᠷᠭᠡ ᠰᠤᠳᠤᠯᠬᠤ ᠰᠤᠷᠤᠯᠴᠠᠬᠤ ᠵᠢᠭᠤᠯᠴᠢᠯᠠᠬᠤ ᠵᠠᠮ ᠱᠤᠭᠤᠮ ᠢ ᠨᠡᠭᠡᠭᠡᠨ᠎ᠡ᠃      ᠥᠪᠥᠷ ᠮᠣᠩᠭᠤᠯ ᠥᠷᠭᠡᠨ ᠠᠭᠤᠳᠠᠮ ᠲᠠᠯ᠎ᠠ ᠨᠤᠲᠤᠭ᠂ ᠤᠢ ᠰᠢᠭᠤᠶ᠂ ᠡᠯᠡᠰᠦ ᠮᠠᠩᠬ᠎ᠠ ᠲᠠᠢ ᠪᠦᠭᠡᠳ ᠵᠢᠭᠤᠯᠴᠢᠯᠠᠯ ᠤᠨ ᠡᠬᠢ ᠪᠠᠶᠠᠯᠢᠭ ᠲᠠᠢ ᠪᠠᠶᠢᠳᠠᠭ᠂ ᠭᠤᠣᠯᠳᠠᠭᠤ ᠲᠠᠯ᠎ᠠ ᠨᠤᠲᠤᠭ᠂ ᠡᠯᠡᠰᠦ ᠮᠠᠩᠬ᠎ᠠ᠂ ᠣᠢ ᠰᠢᠭᠤᠢ᠂ ᠬᠢᠯᠢ ᠬᠢᠵᠠᠭᠠᠷ᠂ ᠦᠨᠳᠦᠰᠦᠲᠡᠨ ᠤ ᠵᠠᠩ ᠦᠢᠯᠡ᠂ ᠲᠡᠦᠬᠡ ᠰᠣᠶᠣᠯ ᠤᠨ ᠤᠯᠠ ᠮᠥᠷ ᠵᠡᠷᠭᠡ ᠣᠨᠴᠠᠯᠢᠭ ᠪᠦᠬᠦᠢ ᠵᠢᠭᠤᠯᠴᠢᠯᠠᠯ ᠤᠨ ᠲᠥᠷᠥᠯ ᠵᠦᠢᠯ ᠲᠠᠢ ᠪᠠᠶᠢᠳᠠᠭ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号