ᠣᠷᠳᠣᠰ ᠬᠤᠲᠠ ᠶᠢᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠯᠤᠭ᠎ᠠ ᠣᠷᠣᠨ ᠪᠦᠰᠡ ᠶᠢᠨ ᠡᠮ ᠡᠮᠨᠡᠯᠭᠡ ᠶᠢᠨ ᠬᠤᠯᠪᠣᠭᠠᠲᠤ ᠴᠣᠭᠴᠠ ᠪᠠᠶᠢᠭᠤᠯᠪᠠ
ᠨᠡᠶᠢᠲᠡᠯᠡᠭᠰᠡᠨ ᠴᠠᠭ᠄
2017/10/31
     10 ᠳ᠋ᠤᠭᠠᠷ ᠰᠠᠷ᠎ᠠ ᠶᠢᠨ 27᠎ ᠤ ᠡᠳᠦᠷ᠂ ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ︽ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠬᠤᠯᠪᠣᠭᠠᠲᠤ ᠴᠣᠭᠴᠠ︾᠎ ᠶᠢᠨ ᠭᠡᠷ᠎ᠡ ᠲᠣᠭᠲᠠᠵᠤ ᠢᠯᠡᠷᠬᠡᠶᠢᠯᠡᠯ ᠣᠯᠭᠤᠬᠤ ᠶᠣᠰᠣᠯᠠᠯ ᠶᠠᠪᠤᠭᠤᠯᠪᠠ᠃      ᠣᠷᠳᠣᠰ ᠬᠤᠲᠠ ᠨᠢ ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠪᠠᠷ ᠭᠤᠣᠯ ᠴᠣᠭᠴᠠᠲᠤ ᠨᠢᠭᠡᠴᠡ᠂ ᠬᠤᠰᠢᠭᠤ ︵ᠲᠣᠭᠤᠷᠢᠭ︶᠎ ᠶᠢᠨ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠲᠤᠰᠬᠠᠶ ᠡᠮᠨᠡᠯᠭᠡ ᠶᠢᠨ ᠬᠤᠷᠢᠶ᠎ᠠ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶ ᠎ ᠪᠠᠷ ᠪᠦᠷᠢᠯᠳᠦᠬᠦᠨ ᠨᠢᠭᠡᠴᠡ ᠪᠣᠯᠭᠠᠭᠰᠠᠨ᠂ ᠣᠷᠣᠨ ᠪᠦᠰᠡ ᠶᠢᠨ ᠴᠢᠨᠠᠷᠲᠠᠶ ᠡᠮ ᠡᠮᠨᠡᠯᠭᠡ ᠶᠢᠨ ᠬᠤᠯᠪᠣᠭᠠᠲᠤ ᠴᠣᠭᠴᠠ ᠪᠠᠶᠢᠭᠤᠯᠵᠤ᠂ ᠡᠯ᠎ᠡ ᠪᠦᠷᠢᠯᠳᠦᠬᠦᠨ ᠨᠢᠭᠡᠴᠡ ᠶᠢ ᠥᠪᠡᠷ ᠤᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠲᠤᠰᠬᠠᠶ ᠮᠡᠷᠭᠡᠵᠢᠯ ᠤᠨ ᠣᠨᠴᠠᠯᠢᠭ᠂ ᠬᠤᠶᠠᠷ ᠲᠠᠯ᠎ᠠ ᠶᠢᠨ ᠬᠦᠰᠡᠯ ᠰᠠᠨᠠᠭ᠎ᠠ ᠶᠣᠰᠣᠭᠠᠷ ᠡᠮᠨᠡᠯᠭᠡ ᠶᠢᠨ ᠬᠤᠯᠪᠣᠭᠠᠲᠤ ᠴᠣᠭᠴᠠ ᠳᠤ ᠲᠤᠰ ᠲᠤᠰ ᠣᠷᠣᠭᠤᠯᠬᠤ ᠪᠠᠷ ᠲᠣᠭᠲᠠᠭᠠᠵᠠᠢ᠃ ᠡᠯ᠎ᠡ ᠪᠦᠷᠢᠯᠳᠦᠬᠦᠨ ᠨᠢᠭᠡᠴᠡ ᠶᠢᠨ ᠬᠠᠷᠢᠶᠠᠯᠠᠭᠳᠠᠬᠤ ᠬᠠᠷᠢᠴᠠᠭ᠎ᠠ᠂ ᠨᠢᠭᠡᠴᠡ ᠶᠢᠨ ᠬᠠᠤᠯᠢ ᠶᠢᠨ ᠡᠷᠬᠡᠲᠡᠨ᠂ ᠦᠮᠴᠢᠯᠡᠯ ᠤᠨ ᠡᠷᠬᠡ ᠶᠢᠨ ᠬᠠᠷᠢᠶᠠᠯᠠᠯ᠂ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠴᠢᠳᠠᠮᠵᠢ ᠶᠢᠨ ᠪᠠᠶᠢᠷᠢ ᠰᠠᠭᠤᠷᠢ᠂ ᠠᠵᠢᠯᠲᠠᠨ ᠠᠵᠢᠯᠴᠢᠨ ᠤ ᠪᠡᠶ᠎ᠡ ᠶᠢᠨ ᠬᠢᠷᠢ ᠬᠡᠮ᠂ ᠬᠢᠨᠠᠨ ᠬᠠᠮᠢᠶᠠᠷᠬᠤ ᠲᠣᠭᠲᠠᠴᠠ ᠶᠢ ᠬᠤᠪᠢᠷᠠᠭᠤᠯᠬᠤ ᠦᠭᠡᠢ ᠪᠠᠶᠢᠯᠭᠠᠵᠤ᠂ ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠣᠷᠣᠨ ᠪᠦᠰᠡ ᠶᠢᠨ ᠡᠮᠴᠢᠯᠡᠭᠡᠨ ᠤ ᠬᠤᠯᠪᠣᠭᠠᠲᠤ ᠴᠣᠭᠴᠠ ᠬᠡᠮᠡᠬᠦ ᠨᠢᠭᠡᠴᠡ ᠶᠢᠨ  ᠢᠯᠡᠷᠬᠡᠶᠢᠯᠡᠯ ᠢ ᠨᠡᠮᠡᠵᠦ ᠡᠯᠭᠦᠨ᠎ᠡ᠂ ᠣᠷᠣᠨ ᠪᠦᠰᠡ ᠶᠢᠨ ᠴᠢᠨᠠᠷᠲᠠᠶ ᠡᠮ ᠡᠮᠨᠡᠯᠭᠡ ᠶᠢᠨ ᠴᠣᠭᠴᠠ ᠶᠢᠨ ᠪᠦᠷᠢᠯᠳᠦᠬᠦᠨ ᠨᠢᠭᠡᠴᠡ ᠶᠢ 2 ᠵᠢᠯ ᠪᠦᠷᠢ ᠨᠢᠭᠡ ᠤᠳᠠᠭ᠎ᠠ ᠲᠣᠬᠢᠷᠠᠭᠤᠯᠤᠨ᠂ ᠬᠢᠨᠠᠨ ᠰᠢᠯᠭᠠᠵᠤ ᠦᠨᠡᠯᠡᠭᠰᠡᠨ ᠳ᠋ᠦᠩ ᠢ ᠦᠨᠳᠦᠰᠦᠯᠡᠨ ᠬᠥᠳᠡᠯᠦᠩᠭᠦᠶ ᠲᠤᠬᠢᠷᠠᠭᠤᠯᠤᠯᠳᠠ ᠬᠢᠵᠦ᠂ ᠵᠠᠷᠢᠮ ᠢ ᠨᠢ ᠣᠷᠣᠭᠤᠯᠵᠤ ᠵᠠᠷᠢᠮ ᠢ ᠨᠢ ᠭᠠᠷᠭᠠᠨ᠎ᠠ᠃      ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠬᠤᠶᠢᠰᠢᠳᠠ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠯᠴᠬᠤ ᠶᠢ ᠴᠢᠩᠭᠠᠳᠬᠠᠬᠤ᠂ ᠲᠣᠬᠢᠷᠠᠮᠵᠢᠲᠠᠢ ᠮᠡᠷᠭᠡᠵᠢᠯ ᠤᠨ ᠲᠦᠷᠦᠯ ᠵᠦᠢᠯ ᠢ ᠳᠡᠯᠭᠡᠷᠡᠭᠦᠯᠬᠦ᠂ ᠡᠮ ᠡᠮᠨᠡᠯᠭᠡ ᠶᠢᠨ ᠰᠢᠯᠢᠳᠡᠭ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠦᠷᠨᠢᠭᠦᠯᠬᠦ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠬᠦ ᠶᠢ ᠪᠦᠷᠢᠨᠰᠢᠭᠦᠯᠬᠦ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠶᠢ ᠵᠢᠯᠣᠭᠤᠳᠬᠤ᠂ ᠤᠯᠠᠨ ᠴᠢᠭ᠋ ᠲᠤ ᠠᠵᠢᠯ ᠡᠷᠬᠢᠯᠡᠬᠦ᠂ ᠮᠡᠳᠡᠭᠡ ᠵᠠᠩᠭᠢ ᠶᠢ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠯᠴᠡᠬᠦ᠂ ᠬᠡᠷ ᠪᠦᠯᠢ ᠶᠢᠨ ᠡᠮᠴᠢ ᠶᠢᠨ ᠭᠡᠷᠡᠲᠦ ᠦᠶᠯᠡᠴᠢᠯᠡᠭᠡ ᠵᠡᠷᠭᠡ 9 ᠲᠠᠯ᠎ᠠ ᠪᠠᠷ ᠭᠠᠷᠳᠠᠬᠤ ᠴᠢᠭ᠋ ᠪᠣᠯᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂  ᠬᠤᠲᠠ᠂ ᠬᠤᠰᠢᠭᠤ ︵ᠲᠣᠭᠤᠷᠢᠭ︶᠂ ᠰᠢᠶᠠᠩ ᠪᠠᠯᠭᠠᠰᠤ ︵ᠨᠡᠶᠢᠭᠡᠮ ᠲᠣᠭᠤᠷᠢᠭ︶᠎ ᠶᠢᠨ ᠡᠮᠴᠢᠯᠡᠭᠡ  ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ︽ᠦᠨᠳᠦᠰᠦᠨ ᠱᠠᠲᠤᠨ ᠳᠤ ᠠᠩᠬ᠎ᠠ ᠡᠮᠴᠢᠯᠡᠬᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ᠂ ᠲᠦᠷᠭᠡᠨ ᠤᠳᠠᠭᠠᠨ ᠢ ᠰᠠᠯᠭᠠᠨ ᠵᠠᠰᠠᠬᠤ᠂ ᠳᠡᠭᠡᠷ᠎ᠡ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ︾ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂  ᠬᠠᠮᠤᠭ ᠡᠴᠦᠰ ᠲᠤ ᠮᠡᠷᠭᠡᠵᠢᠯ ᠢᠶᠠᠨ ᠬᠠᠮᠲᠤ ᠪᠠᠷ ᠳᠡᠭᠡᠭᠰᠢᠯᠡᠭᠦᠯᠵᠦ᠂ ᠠᠵᠢᠯ ᠦᠢᠯᠡᠰ ᠤᠨ ᠬᠠᠮᠲᠤ ᠪᠠᠷ ᠬᠥᠭᠵᠢᠭᠦᠯᠵᠦ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ ᠂ ᠠᠰᠢᠭ ᠲᠤᠰᠠ ᠶᠢ ᠬᠠᠮᠲᠤ ᠪᠠᠷ ᠬᠦᠷᠲᠡᠬᠦ ᠬᠠᠷᠠᠯᠲᠠ ᠶᠢ ᠪᠡᠶᠡᠯᠡᠭᠦᠯᠦᠨ᠎ᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号