| | | ᠰᠤᠷᠪᠤᠯᠵᠢᠯᠠᠭᠰᠠᠨ ᠴᠠᠭ᠄ | 2017 ᠣᠨ ᠤ 8 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨᠡᠬᠢ 10 ᠴᠠᠭ ᠲᠤ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠳᠡᠳ᠋ ᠡᠷᠬᠢᠯᠡᠭᠴᠢ ᠶᠦᠨ ᠭᠦᠸᠧ ᠱᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | 34 ᠳ᠋ᠦ᠋ᠭᠡᠷ ᠠᠵᠢᠯᠯᠠᠭᠠᠨ ᠤ ᠰᠠᠷ᠎ᠠ ᠬᠦᠷᠴᠦ ᠢᠷᠡᠬᠦ ᠶᠢᠨ ᠲᠠᠰᠢᠷᠠᠮ ᠢᠶᠠᠷ᠂ ᠮᠠᠨ ᠤ ᠣᠷᠣᠨ ᠤ ᠦᠨᠳᠦᠰᠦᠲᠡᠨ ᠤ | ᠪᠦᠯᠬᠦᠮᠳᠡᠯ ᠲᠠᠪᠰᠢᠯᠲᠠ ᠶᠢᠨ ᠡᠭᠦᠳᠦᠨ ᠪᠠᠶᠢᠭᠤᠯᠤᠭᠰᠠᠨ ᠦᠨᠳᠦᠰᠦᠨ ᠪᠠᠶᠢᠳᠠᠯ᠂ ᠭᠤᠣᠯ ᠠᠷᠭ᠎ᠠ ᠬᠡᠮᠵᠢᠶ᠎ᠡ ᠪᠣᠯᠣᠨ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠤᠬᠠᠭᠤᠯᠵᠤ᠂ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠪᠦᠯᠬᠦᠮᠳᠡᠨ ᠳᠠᠪᠰᠢᠭᠰᠠᠨ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠤᠢ ᠪᠣᠯᠭᠠᠬᠤ ᠶᠢᠨ ᠲᠤᠰᠠᠳᠠ᠂ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ | ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠶᠦᠨ ᠭᠦᠸᠧ ᠱᠧᠩ ᠢ ᠲᠤᠰᠬᠠᠶᠢᠯᠠᠨ ᠤᠷᠢᠵᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠡᠭᠡᠨ ᠰᠠᠭᠠᠲᠠᠭᠤᠯᠪᠠ᠂ ᠥᠷᠭᠡᠨ | ᠣᠯᠠᠨ ᠰᠦᠯᠵᠢᠶᠡᠨ ᠤ ᠠᠨᠳᠠ ᠨᠠᠷ ᠮᠢᠨᠢ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠦᠲᠦᠯᠦᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠤᠰ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ | ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳ᠋ᠨ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠭᠡᠰᠢᠭᠦᠨ᠂ ᠳᠡᠳ᠋ ᠡᠷᠬᠢᠯᠡᠭᠴᠢ ᠶᠦᠨ ᠭᠦᠸᠧ ᠱᠧᠩ ᠢ ᠤᠷᠢᠵᠤ᠂ ᠮᠠᠨ ᠤ ᠣᠷᠣᠨ ᠤ | ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠤᠭᠰᠠᠨ ᠠᠵᠢᠯ ᠤᠨ ᠦᠨᠳᠦᠰᠦᠨ ᠪᠠᠶᠢᠳᠠᠯ ᠤᠨ | ᠲᠤᠬᠠᠶ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠨ᠎ᠠ᠃ ᠶᠦᠨ ᠡᠷᠬᠢᠯᠡᠭᠴᠢ ᠡ᠂ ᠲᠠᠨ ᠢ | ᠪᠠᠶᠠᠷᠯᠠᠨ ᠤᠭᠲᠤᠵᠤ ᠪᠠᠶᠢᠨ᠎ᠠ︕ | ᠶᠦᠨ ᠭᠦᠸᠧ ᠱᠧᠩ᠄ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠠᠬᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠳᠡᠮᠵᠢᠯᠭᠡ ᠪᠣᠯᠣᠨ ᠬᠥᠨᠳᠥᠳᠬᠡᠯ ᠳᠤ ᠮᠠᠰᠢ ᠲᠠᠯᠠᠷᠬᠠᠵᠤ ᠪᠠᠶᠢᠨ᠎ᠠ᠃ ᠪᠦᠬᠦ ᠣᠷᠣᠨ ᠤ ᠦᠨᠳᠦᠰᠦᠲᠡᠨ | ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠪᠣᠯ ᠪᠦᠬᠦ ᠣᠷᠣᠨ ᠤ | ᠦᠨᠳᠦᠰᠦᠲᠡᠨ ᠨᠦᠭᠦᠳ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠪᠣᠯᠤᠨ ᠬᠦᠰᠡᠯ ᠡᠷᠡᠮᠡᠯᠵᠡᠯ ᠮᠦᠨ᠂ | ᠪᠠᠰᠠᠴᠦ ᠮᠠᠨ ᠤ ᠦᠨᠳᠦᠰᠦᠲᠡᠨ ᠤ ᠠᠵᠢᠯ ᠤᠨ ᠭᠤᠣᠯ ᠰᠡᠳᠦᠪ ᠮᠥᠨ᠂ ᠤᠷᠳᠤ ᠬᠤᠭᠤᠴᠠᠭᠠᠨ ᠤ ᠲᠤᠷᠰᠢ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ | ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠪᠦᠬᠦ | ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠤᠭᠰᠠᠨ ᠠᠵᠢᠯ ᠤᠨ ᠣᠯᠤᠭᠰᠠᠨ | ᠠᠮᠵᠢᠯᠲᠠ ᠪᠣᠯᠣᠨ ᠲᠤᠷᠰᠢᠯᠭ᠎ᠠ ᠶᠢ ᠦᠨᠦᠳᠦᠷ ᠪᠢ ᠨᠡᠶᠢᠲᠡ ᠣᠯᠠᠨ ᠳᠠᠭᠠᠨ ᠬᠠᠷᠢᠭᠤ ᠮᠡᠳᠡᠭᠦᠯᠦᠶ᠎ᠡ᠃ | ᠬᠦᠲᠦᠯᠦᠭᠴᠢ᠄ | ᠮᠠᠨ ᠤ ᠮᠡᠳᠡᠭᠡᠵᠢ ᠪᠠᠷ᠂ ᠲᠦᠷᠢᠮ ᠶᠣᠰᠣ ᠦᠭᠡᠢ ᠪᠣᠯ ᠬᠡᠪ ᠵᠠᠩᠰᠢᠯ ᠪᠤᠯᠵᠤ ᠴᠢᠳᠠᠬᠤ ᠦᠭᠡᠢ᠂ ᠲᠡᠭᠡᠪᠡᠯ ᠲᠠ | ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠠᠯ᠎ᠠ ᠪᠠᠷ ᠪᠦᠷ ᠶᠠᠮᠠᠷ ᠶᠠᠮᠠᠷ | ᠴᠢᠭᠯᠡᠯᠲᠡ ᠲᠦᠷᠦ ᠶᠢᠨ ᠪᠤᠳᠤᠯᠭ᠎ᠠ ᠪᠤᠶᠤ ᠲᠥᠷᠢᠮ ᠪᠠᠶᠢᠬᠤ ᠶᠢ ᠪᠢᠳᠡᠨ ᠳᠤ ᠶᠠᠷᠢᠭᠠᠳ ᠥᠭᠭᠦᠨ᠎ᠡ ᠤᠤ︖ | ᠶᠦᠨ ᠭᠦᠸᠧ ᠱᠧᠩ᠄ | ᠡᠭᠦᠳᠦᠨ ᠪᠠᠶᠢᠭᠤᠯᠬᠤ ᠠᠵᠢᠯ ᠤᠨ ᠲᠦᠷᠦ ᠶᠢᠨ ᠪᠤᠳᠤᠯᠭ᠎ᠠ ᠶᠢᠨ ᠵᠢᠯᠣᠭᠤᠳᠬᠤ ᠰᠢᠰᠲ᠋ᠧᠮᠵᠢ ᠪᠣᠯᠣᠨ | ᠪᠠᠷᠢᠮᠵᠢᠶ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ | ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠥᠨᠡᠯᠡᠨ ᠵᠢᠱᠢᠵᠦ ᠬᠥᠬᠢᠭᠦᠯᠦᠨ ᠰᠠᠶᠢᠰᠢᠶᠠᠬᠤ ᠠᠷᠭ᠎ᠠ︾ | ᠶᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ | ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︽ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭᠠᠨ ᠢ ᠤᠯᠠᠮ ᠨᠢᠭᠡ ᠠᠯᠬᠤᠮ | ᠥᠷᠨᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠵᠢᠱᠢᠶ᠎ᠡ ᠦᠵᠡᠭᠦᠯᠬᠦ ᠨᠢᠭᠡᠴᠡ ᠶᠢ | ᠨᠡᠷᠡᠯᠡᠬᠦ ᠬᠠᠮᠢᠶᠠᠷᠤᠯᠲᠠ ᠶᠢᠨ ᠠᠷᠭ᠎ᠠ︾ ᠵᠢᠴᠢ ᠬᠢᠨᠠᠨ ᠰᠢᠯᠭᠠᠵᠤ ᠥᠨᠡᠯᠡᠨ ᠰᠢᠯᠭᠠᠷᠠᠭᠤᠯᠬᠤ ᠶᠢᠨ ᠬᠡᠷᠡᠭᠵᠢᠭᠦᠯᠬᠦ ᠨᠠᠷᠢᠨ | ᠳᠦᠷᠢᠮ ︵ᠬᠤᠰᠢᠭᠤ ᠰᠢᠶᠠᠨ᠂ ᠰᠢᠶᠠᠩ ᠪᠠᠯᠭᠠᠰᠤ ︿ᠰᠤᠮᠤ﹀᠂ ᠵᠡᠭᠡᠯᠢ ᠭᠤᠳᠤᠮᠵᠢ᠂ ᠭᠠᠴᠠᠭ᠎ᠠ ︿ᠲᠣᠰᠬᠤᠨ᠂ | ᠨᠡᠶᠢᠭᠡᠮ ᠲᠣᠭᠤᠷᠢᠭ﹀᠂ ᠪᠠᠶᠢᠭᠤᠯᠭ᠎ᠠ ︿ᠠᠵᠢᠯ ᠦᠢᠯᠡᠰ ᠤᠨ ᠨᠢᠭᠡᠴᠡ ᠪᠣᠯᠣᠨ ᠠᠷᠠᠳ ᠤᠨ ᠪᠦᠯᠬᠦᠮ﹀᠂ | ᠰᠤᠷᠭᠠᠭᠤᠯᠢ᠂ ᠠᠵᠤ ᠠᠬᠤᠶᠢᠯᠠᠯ᠂ ᠴᠡᠷᠢᠭ ᠠᠩᠬᠢ᠂ ᠰᠦᠮ᠎ᠡ ᠳᠤᠭᠠᠩ ᠵᠡᠷᠭᠡ 9 ᠳᠤᠮᠤ ᠳᠦᠷᠦᠯ ᠤᠨ ᠪᠣᠳᠠᠲᠠᠶ | ᠭᠦᠢᠴᠡᠳᠬᠡᠯ ᠲᠣᠭᠠᠨ ᠤ ᠰᠢᠰᠲ᠋ᠧᠮᠵᠢ ᠪᠠᠭᠲᠠᠨ᠎ᠠ︶ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠤᠨ ᠵᠢᠱᠢᠶ᠎ᠡ ᠦᠵᠡᠭᠦᠯᠬᠦ ᠵᠧᠦ ︵ᠲᠤᠰᠬᠠᠢ ᠣᠷᠣᠨ᠂ ᠬᠤᠲᠠ᠂ ᠠᠶᠢᠮᠠᠭ︶ ᠶᠢᠨ | ᠬᠠᠮᠢᠶ᠎ᠠ ᠪᠦᠬᠦᠢ ᠵᠦᠢᠯᠡᠰ ᠤᠨ ᠲᠤᠬᠠᠢ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ | ᠲᠢᠩᠬᠢᠮ ᠤᠨ ᠮᠡᠳᠡᠭᠳᠡᠯ︾ ᠢ ᠤᠯᠠᠮᠵᠢᠯᠠᠨ ᠲᠠᠷᠬᠠᠭᠠᠵᠤ᠂ ᠮᠠᠨ ᠤ ᠣᠷᠣᠨ ᠤ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠬᠤᠲᠠ ᠶᠢᠨ ᠪᠠᠷᠢᠮᠵᠢᠶ᠎ᠠ ᠪᠣᠯᠤᠨ ᠲᠡᠰ ᠳᠠᠷᠠᠭᠠᠯᠠᠯ ᠢ | ᠲᠣᠳᠣᠷᠬᠠᠶᠢᠯᠠᠨ᠂ ᠡᠨᠡᠬᠦ ᠠᠯᠢ ᠤᠯᠠᠨ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠨᠢ ᠪᠦᠬᠦ ᠣᠷᠣᠨ ᠤ | ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠤᠯᠤᠰ ᠲᠦᠷᠦ ᠶᠢᠨ ᠴᠢᠭᠯᠡᠯ ᠢ | ᠵᠢᠭᠠᠨ ᠥᠭᠴᠦ᠂ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠦ᠂ ᠬᠠᠷᠠᠯᠲᠠ ᠶᠢᠨ ᠱᠠᠭᠠᠷᠳᠠᠯᠭ᠎ᠠ ᠶᠢ ᠲᠣᠭᠲᠠᠭᠠᠨ᠂ | ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ | ᠳᠥᠷᠢᠮᠵᠢᠯᠡᠯᠲᠡ ᠶᠢ ᠠᠬᠢᠭᠤᠯᠪᠠ᠃ | ᠬᠥᠲᠥᠯᠥᠭᠴᠢ᠄ | ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ ᠮᠠᠨ ᠤ | ᠭᠤᠣᠯᠳᠠᠯᠭ᠎ᠠ ᠪᠠ ᠭᠤᠣᠯ ᠴᠢᠭᠯᠡᠯ ᠨᠢ ᠪᠦᠷ ᠶᠠᠭᠤ ᠶᠠᠭᠤ ᠪᠠᠶᠢᠳᠠᠭ ᠪᠤᠢ︖ | ᠶᠦᠨ ᠭᠦᠸᠧ ᠱᠧᠩ᠄ | ᠮᠠᠨ ᠤ ᠡᠭᠦᠷᠭᠡ ᠪᠠ ᠲᠤᠰᠢᠶᠠᠯ ᠬᠠᠷᠢᠭᠤᠴᠠᠯᠭ᠎ᠠ ᠪᠣᠯ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠲᠠᠢ ᠪᠦᠯᠬᠦᠮᠳᠡᠨ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠤᠬᠠᠭᠠᠨ | ᠪᠠ ᠬᠦᠴᠦᠨ ᠴᠢᠳᠠᠯ ᠢ ᠨᠢᠭᠲᠠᠷᠠᠭᠤᠯᠵᠤ᠂ ᠮᠠᠨ ᠤ ᠠᠭᠤᠤ ᠶᠡᠭᠡ ᠡᠭᠡ ᠤᠯᠤᠰ ᠢᠶᠠᠨ ᠬᠠᠶᠢᠷᠠᠯᠠᠵᠤ᠂ ᠮᠠᠨ ᠤ | ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠬᠠᠶᠢᠷᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠨ ᠪᠠᠶᠠᠨ ᠴᠢᠨᠡᠭᠡᠯᠢᠭ ᠴᠡᠴᠡᠭᠯᠡᠨ ᠬᠥᠭᠵᠢᠭᠰᠡᠨ ᠥᠪᠥᠷ ᠮᠤᠩᠭᠤᠯ ᠢ ᠬᠠᠮᠲᠤᠪᠠᠷ ᠪᠠᠶᠢᠭᠤᠯᠵᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠦᠨ᠎ᠡ᠃ ᠡᠭᠦᠨ ᠳᠤ᠄ | ᠣᠷᠣᠨ ᠠᠴᠠ ᠪᠠᠶᠢᠭᠤᠯᠭ᠎ᠠ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ᠂ ᠰᠤᠮᠤ ︵ᠰᠢᠶᠠᠩ᠂ ᠪᠠᠯᠭᠠᠰᠤ︶᠂ | ᠨᠡᠶᠢᠭᠡᠮ ᠲᠣᠭᠤᠷᠢᠭ᠂ ᠰᠤᠷᠭᠠᠭᠤᠯᠢ᠂ ᠴᠡᠷᠢᠭ ᠠᠩᠭᠢ ᠳᠤ ᠤᠷᠤᠭᠤᠯᠬᠤ ᠵᠢᠷᠭᠤᠭᠠᠨ ᠲᠠᠯ᠎ᠠ ᠶᠢ ᠭᠤᠤᠯᠳᠠᠯᠭ᠎ᠠ ᠲᠠᠢ | ᠠᠳᠬᠤᠵᠤ᠂ ᠦᠨᠳᠦᠰᠦᠲᠡᠨ ᠤ ᠪᠦᠯᠬᠦᠮᠳᠡᠯ ᠤᠨ ︽ᠵᠢᠷᠭᠤᠭᠠᠨ ᠣᠷᠣᠭᠤᠯᠬᠤ︾ ᠠᠵᠢᠯ ᠢ ᠴᠤ ᠠᠮᠵᠢᠯᠲᠠᠢ ᠬᠢᠪᠡ᠃ | ᠠᠵᠢᠯ ᠤᠨ ᠳᠤᠮᠳᠠ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ | ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠳᠤ ᠳᠤᠷᠠᠳᠤᠭᠰᠠᠨ ︽ᠨᠢᠭᠡ ᠪᠦᠯᠦᠭ ᠵᠢᠱᠢᠶ᠎ᠡ ᠦᠵᠡᠭᠦᠯᠬᠦ | ᠦᠢᠯᠡᠳᠦᠯ ᠭᠠᠷᠭᠠᠵᠤ ᠴᠢᠳᠠᠳᠠᠭ ᠨᠡᠶᠢᠭᠡᠮ ᠲᠣᠭᠤᠷᠢᠭ᠂ ᠬᠦᠳᠡᠭᠡ ᠲᠤᠰᠬᠤᠨ᠂ ᠨᠢᠭᠡᠴᠡ᠂ ᠰᠤᠷᠭᠠᠭᠤᠯᠢ᠂ ᠴᠡᠷᠢᠭ | ᠠᠩᠬᠢ ᠵᠡᠷᠭᠡ ᠶᠢ ᠡᠭᠦᠳᠦᠨ ᠪᠠᠶᠢᠭᠤᠯᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠥᠪᠥᠷ ᠮᠣᠩᠭᠤᠯ ᠤᠨ | ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠭᠦᠳᠦᠨ ᠪᠠᠶᠢᠭᠤᠯᠬᠤ ᠠᠵᠢᠯᠯᠠᠭ᠎ᠠ ᠶᠢᠨ ᠭᠤᠣᠯᠳᠠᠯᠭ᠎ᠠ ᠨᠢ | ᠡᠩ ᠤᠨ ᠴᠠᠭ ᠲᠤ ᠪᠠᠶᠢᠬᠤ᠂ ᠭᠤᠤᠯᠳᠠᠯᠭ᠎ᠠ ᠨᠢ ᠰᠠᠨᠠᠭ᠎ᠠ ᠰᠡᠳᠬᠢᠯ ᠢᠶᠠᠨ ᠨᠡᠪᠲᠡᠷᠡᠯᠴᠡᠬᠦ ᠳᠤ ᠪᠠᠶᠢᠬᠤ᠂ ᠭᠤᠤᠯᠳᠠᠯᠭ᠎ᠠ | ᠨᠢ ᠦᠢᠯᠡ ᠠᠵᠢᠯᠯᠠᠭ᠎ᠠ ᠳᠤ ᠪᠠᠶᠢᠬᠤ᠂ ᠭᠤᠣᠯᠳᠠᠯᠭ᠎ᠠ ᠨᠢ ᠦᠨᠳᠦᠰᠦᠨ ᠱᠠᠲᠤᠨ ᠳᠤ ᠪᠠᠶᠢᠬᠤ ᠶᠢ ᠪᠠᠷᠢᠮᠲᠠᠯᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠠᠶᠢᠭᠤᠯᠭ᠎ᠠ ᠳᠤ ᠤᠷᠤᠬᠤ᠂ ᠠᠵᠤ ᠠᠬᠤᠶᠢᠯᠠᠯ ᠳᠤ ᠤᠷᠤᠬᠤ᠂ | ᠰᠤᠮᠤ ︵ᠰᠢᠶᠠᠩ᠂ ᠪᠠᠯᠭᠠᠰᠤ︶ ᠳᠤ ᠤᠷᠤᠬᠤ᠂ ᠨᠡᠶᠢᠭᠡᠮ ᠲᠤᠭᠤᠷᠢᠭ ᠲᠤ ᠤᠷᠤᠬᠤ᠂ ᠰᠤᠷᠭᠠᠭᠤᠯᠢ ᠳᠤ ᠤᠷᠤᠬᠤ᠂ | ᠴᠡᠷᠢᠭ ᠠᠩᠬᠢ ᠳᠤ ᠤᠷᠤᠬᠤ᠂ ᠰᠦᠮ᠎ᠡ ᠬᠡᠶᠢᠳ ᠲᠤ ᠤᠷᠤᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠪᠡ᠃ | ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠶᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ᠂ ᠡᠯ᠎ᠡ ᠨᠢᠭᠡᠴᠡ ᠶᠢᠨ ᠪᠣᠳᠠᠲᠠᠶ ᠠᠵᠢᠯ ᠤᠨ ᠳᠤᠮᠳᠠ ᠠᠭᠤᠰᠬᠠᠨ ᠣᠷᠣᠭᠤᠯᠵᠤ᠂ ᠡᠭᠦᠳᠦᠨ ᠪᠠᠶᠢᠭᠤᠯᠬᠤ | ᠠᠵᠢᠯᠯᠠᠭ᠎ᠠ ᠶᠢᠨ ᠬᠦᠮᠦᠨᠴᠢᠯᠡᠯᠲᠡ᠂ ᠪᠣᠳᠠᠲᠤ ᠴᠤᠭᠴᠠᠴᠢᠯᠠᠯᠲᠠ᠂ ᠤᠯᠠᠨ ᠲᠦᠮᠡᠨᠴᠢᠯᠡᠯᠲᠡ ᠶᠢ ᠠᠬᠢᠭᠤᠯᠤᠨ᠂ ᠠᠵᠤ | ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ | ᠬᠥᠲᠥᠯᠥᠭᠴᠢ᠄ | ᠤᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠨᠢᠭᠡ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠣᠯᠤᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠢ ᠰᠢᠯᠭᠠᠷᠠᠭᠤᠯᠤᠨ ᠨᠡᠷᠡᠶᠢᠳᠦᠪᠡ᠂ ᠲᠠ ᠡᠨᠡ ᠲᠠᠯ᠎ᠠ ᠶᠢᠨ ᠪᠠᠶᠢᠳᠠᠯ ᠢ ᠲᠤᠪᠴᠢ | ᠲᠠᠨᠢᠯᠴᠠᠭᠤᠯᠵᠤ ᠥᠭᠭᠦᠨ᠎ᠡ ᠤᠤ︖ | ᠶᠦᠨ ᠭᠦᠸᠧ ᠱᠧᠩ᠄ | ᠣᠶᠢᠷ᠎ᠠ ᠶᠢᠨ ᠵᠢᠯ ᠤᠨ ᠲᠤᠷᠰᠢ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ | ᠪᠦᠯᠬᠦᠮᠳᠡᠨ ᠡᠷᠡᠯᠬᠡᠭᠯᠡᠨ ᠤᠷᠤᠭᠰᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠷᠠᠵᠤ ᠬᠠᠪᠰᠤᠷᠤᠯᠴᠠᠬᠤ᠂ ᠡᠭᠦᠨ ᠳᠤ | ᠮᠠᠰᠢ ᠤᠯᠠᠨ ᠲᠡᠷᠢᠭᠦᠨ ᠤ ᠦᠢᠯᠡ ᠠᠵᠢᠯᠯᠠᠭ᠎ᠠ ᠪᠠ ᠵᠢᠱᠢᠶᠡᠴᠢ ᠬᠥᠮᠦᠰ ᠴᠣᠯᠭᠤᠷᠠᠨ ᠭᠠᠷᠴᠤ᠂ ᠨᠡᠶᠢᠭᠡᠮ | ᠨᠡᠶᠢᠲᠡ ᠶᠢᠨ ᠥᠷᠭᠡᠨ ᠳᠡᠯᠭᠡᠷ ᠮᠡᠭ᠌ᠲᠠᠭᠠᠯ ᠰᠠᠶᠢᠰᠢᠶᠠᠯ ᠢ ᠤᠯᠪᠠ᠃ ᠲᠡᠳᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠵᠠᠩ ᠰᠤᠷᠲᠠᠯ ᠪᠠ ᠦᠢᠯᠡ ᠶᠠᠪᠤᠳᠠᠯ ᠢ ᠤᠬᠠᠭᠤᠯᠤᠨ ᠪᠠᠳᠠᠷᠠᠭᠤᠯᠬᠤ ᠶᠢᠨ ᠲᠦᠯᠦᠭᠡ᠂ ᠪᠢᠳᠡ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠳᠠᠭᠤᠷᠢᠶᠠᠯᠲᠤ ᠨᠡᠶᠢᠲᠡᠯᠢᠭ ᠵᠢᠱᠢᠶ᠎ᠡ ᠰᠤᠩᠭᠤᠬᠤ ᠠᠵᠢᠯ ᠢ | ᠦᠷᠨᠢᠭᠦᠯᠪᠡ᠃ ᠡᠭᠦᠨ ᠳᠤ᠂ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶᠂ ᠰᠤᠮᠤ ︵ᠰᠢᠶᠠᠩ᠂ | ᠪᠠᠯᠭᠠᠰᠤ︶᠂ ᠭᠠᠴᠠᠭ᠎ᠠ ︵ᠲᠣᠰᠬᠤᠨ︶᠂ ᠨᠡᠶᠢᠭᠡᠮ ᠲᠣᠭᠤᠷᠢᠭ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ | ᠰᠤᠷᠭᠠᠭᠤᠯᠢ᠂ ᠴᠠᠭᠳᠠᠭ᠎ᠠ ᠴᠡᠷᠢᠭ ᠠᠩᠭᠢ᠂ ᠰᠦᠮ᠎ᠡ ᠬᠡᠶᠢᠳ ᠵᠡᠷᠭᠡ ᠶᠢᠨ ᠦᠯᠢᠭᠡᠷ ᠳᠠᠭᠤᠷᠢᠶᠠᠯᠲᠤ ᠨᠡᠶᠢᠲᠡᠯᠢᠭ | ᠵᠢᠱᠢᠶ᠎ᠡ ᠶᠢ ᠰᠤᠩᠭᠤᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠠᠶᠢᠮᠠᠭ ︵ᠬᠢᠩᠭᠠᠨ︶ ᠪᠠ ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠪᠠᠶᠢᠭᠤᠯᠵᠤ᠂ | ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ | ᠦᠵᠡᠭᠦᠯᠬᠦ ᠨᠢᠭᠡᠴᠡ ᠶᠢ 129 ᠨᠡᠷᠡᠶᠢᠳᠦᠭᠰᠡᠨ ᠪᠠᠶᠢᠨ᠎ᠠ᠃ 7 ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ 9 ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠪᠠ᠃ ᠪᠦᠬᠦ ᠣᠷᠣᠨ ᠳᠤ ᠬᠤᠰᠢᠭᠤ ᠰᠢᠶᠠᠨ᠂ | ᠠᠶᠢᠮᠠᠭ ᠬᠤᠳᠠ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠳᠡᠰ ᠤᠨ ᠵᠢᠱᠢᠶ᠎ᠡ ᠦᠵᠡᠭᠦᠯᠬᠦ | ᠨᠢᠭᠡᠴᠡ ᠶᠢ ᠱᠠᠲᠤ ᠱᠠᠲᠤ ᠪᠠᠷ ᠨᠡᠷᠡᠶᠢᠳᠦᠵᠦ ᠡᠭᠦᠳᠦᠨ ᠪᠠᠶᠢᠭᠤᠯᠬᠤ ᠠᠵᠢᠯ ᠤᠨ ᠲᠣᠭᠲᠠᠴᠠ ᠠᠯᠬᠤᠮ ᠠᠯᠬᠤᠮ ᠢᠶᠠᠷ | ᠪᠤᠢ ᠪᠤᠯᠭᠠᠪᠠ᠃ ᠵᠠᠷᠢᠮ ᠰᠤᠮᠤ ︵ᠰᠢᠶᠠᠩ᠂ ᠪᠠᠯᠭᠠᠰᠤ︶᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠴᠦ ᠳᠤᠰ | ᠳᠤᠰ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠠᠴᠠᠭ᠎ᠠ ︵ᠲᠣᠰᠬᠤᠨ᠂ ᠳᠤᠭᠤᠶᠢᠯᠠᠩ︶ | ᠦᠨᠳᠦᠰᠦᠲᠡᠨ ᠤ ᠪᠦᠯᠬᠦᠮᠳᠡᠯ ᠤᠨ ᠰᠠᠶᠢᠨ ᠬᠥᠷᠰᠢ ᠵᠡᠷᠭᠡᠯᠡᠳᠡᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠠᠩᠭᠢ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠪᠠᠭᠠᠴᠤᠳ ᠵᠡᠷᠭᠡ ᠡᠭᠦᠳᠦᠨ ᠪᠠᠶᠢᠭᠤᠯᠵᠤ ᠨᠡᠷᠡᠶᠢᠳᠦᠬᠦ | ᠠᠵᠢᠯᠯᠠᠭ᠎ᠠ ᠶᠢ ᠦᠷᠨᠢᠭᠦᠯᠵᠦ᠂ ᠨᠡᠶᠢᠲᠡᠯᠢᠭ ᠵᠢᠱᠢᠶ᠎ᠡ ᠪᠤᠯᠭᠠᠬᠤ᠂ ᠲᠡᠷᠢᠭᠦᠨ ᠤ ᠬᠢ ᠠᠴᠠ ᠰᠤᠷᠤᠯᠴᠠᠬᠤ᠂ | ᠪᠦᠯᠬᠦᠮᠳᠡᠯ ᠢ ᠠᠬᠢᠭᠤᠯᠬᠤ ᠰᠠᠶᠢᠨ ᠰᠠᠶᠢᠬᠠᠨ ᠣᠷᠴᠢᠨ ᠲᠤᠭᠤᠷᠢᠨ ᠢ ᠲᠦᠭᠡᠮᠡᠯ ᠪᠤᠯᠭᠠᠪᠠ᠃ | ᠬᠥᠲᠥᠯᠥᠭᠴᠢ᠄ | ᠪᠦᠬᠦ ᠣᠷᠣᠨ ᠤ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ | ᠬᠥᠭᠵᠢᠭᠰᠡᠨ ᠶᠡᠭᠡ ᠰᠠᠶᠢᠨ ᠪᠠᠶᠢᠳᠠᠯ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠡᠪᠲᠡᠷᠡᠯᠴᠡᠨ ᠵᠣᠬᠢᠴᠠᠭᠤᠯᠬᠤ ᠠᠵᠢᠯ ᠢ ᠣᠯᠠᠨ ᠬᠢᠪᠡ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠬᠢ ᠭᠤᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠ | ᠲᠠᠨᠢᠯᠴᠠᠭᠤᠯᠤᠭᠠᠳ ᠥᠭᠬᠦ ᠪᠣᠯᠪᠠᠤ︖ | ᠶᠦᠨ ᠭᠦᠸᠧ ᠱᠧᠩ᠄ | ᠦᠨᠳᠦᠰᠦᠲᠡᠨ ᠤ ᠪᠦᠯᠬᠦᠮᠳᠡᠯ ᠪᠣᠯ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ | ᠰᠠᠭᠤᠷᠢ ᠪᠠ ᠪᠠᠲᠤᠯᠠᠭ᠎ᠠ ᠮᠥᠨ᠂ ᠡᠭᠦᠨ ᠤ ᠬᠠᠮᠲᠤ ᠪᠠᠰᠠ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠶᠢᠨ | ᠲᠥᠯᠥᠭᠡ ᠶᠤᠮ᠃ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠡᠨᠡ ᠬᠦ ᠭᠤᠣᠯᠳᠠᠯᠭ᠎ᠠ ᠶᠢᠨ ᠲᠣᠭᠤᠷᠢᠨ ᠳᠤ ᠨᠢᠭᠲᠠ ᠤᠶᠠᠯᠳᠤᠭᠤᠯᠤᠨ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠪᠠᠲᠤ ᠠᠳᠬᠤᠵᠤ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠪᠠᠷ ᠡᠭᠦᠳᠦᠨ ᠪᠠᠶᠢᠭᠤᠯᠬᠤ ᠠᠵᠢᠯ ᠤᠨ ᠡᠬᠢᠯᠡᠯᠲᠡ ᠪᠠ ᠲᠡᠭᠦᠰᠦᠯᠲᠡ ᠪᠣᠯᠭᠠᠬᠤ ᠶᠢ | ᠪᠠᠷᠢᠮᠲᠠᠯᠠᠵᠤ᠂ ᠵᠥᠷᠢᠶᠡᠴᠢᠯᠡᠭᠰᠡᠨ ᠳᠡᠮᠵᠢᠯᠭᠡ ᠶᠢᠨ ᠳᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠣᠳᠠᠰ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠪᠡ᠃ | ᠵᠢᠱᠢᠶᠡᠯᠡᠪᠡᠯ᠂ 2016 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ | ᠠᠯᠭᠤᠷᠯᠠᠭᠰᠠᠨ ᠪᠠᠶᠢᠳᠠᠯ ᠤᠨ ᠳᠣᠣᠷ᠎ᠠ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠠᠷᠠᠳ ᠤᠨ | ᠠᠮᠢᠳᠤᠷᠠᠯ ᠤᠨ ᠵᠠᠷᠤᠯᠭ᠎ᠠ 2979 ᠳ᠋ᠦᠩᠰᠢᠭᠤᠷ ᠲᠥᠭᠦᠷᠢᠭ ᠪᠠᠶᠢᠵᠤ᠂ ᠡ᠊ᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠶᠢᠨ 65.8% ᠶᠢ ᠡᠵᠡᠯᠡᠪᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ | ᠪᠦᠬᠦ ᠬᠦᠴᠦ ᠪᠠᠷ ᠢᠶᠠᠨ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ ᠶᠠᠳᠠᠭᠤ ᠶᠢ ᠲᠡᠳᠬᠦᠬᠦ ᠳᠤ ᠣᠷᠣᠭᠤᠯᠤᠭᠰᠠᠨ | ᠪᠡᠯᠡ ᠮᠥᠩᠭᠦ 400 ᠭᠠᠷᠤᠶ ᠳ᠋ᠦᠩᠰᠢᠭᠤᠷ ᠲᠥᠭᠦᠷᠢᠭ ᠪᠠᠶᠢᠵᠤ᠂ ᠵᠢᠱᠢᠯᠲᠡ ᠪᠠᠷ 21 ᠲᠦᠮᠨ ᠠᠴᠠ ᠳᠡᠭᠡᠭᠰᠢ | ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠣᠷᠣᠨ ᠤ | ᠳᠡᠰ ᠤᠨ ᠶᠠᠳᠠᠭᠤ ᠬᠦᠴᠢᠷᠳᠡᠯᠲᠡᠶ 12 ᠬᠤᠰᠢᠭᠤ ᠰᠢᠶᠠᠨ ᠢ ᠶᠠᠳᠠᠭᠤ ᠠᠴᠠ ᠨᠢ ᠠᠩᠭᠢᠵᠢᠷᠠᠭᠤᠯᠪᠠ᠃ ᠥᠪᠡᠷᠲᠡᠭᠡᠨ | ᠵᠠᠰᠠᠬᠤ ᠣᠷᠣᠨ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭᠠᠨ ᠤ ᠲᠥᠯᠥᠪᠯᠡᠭᠡ ᠶᠢ | ᠡᠬᠢᠯᠡᠭᠦᠯᠵᠦ᠂ ᠬᠤᠳᠠ ᠪᠠᠯᠭᠠᠰᠤᠨ ᠤ 26.8 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ 257 | ᠲᠦᠮᠡᠨ ᠮᠠᠯᠴᠢᠨ ᠲᠠᠷᠢᠶᠠᠴᠢᠳ ᠢ ᠰᠢᠯᠢᠵᠢᠭᠦᠯᠥᠨ ᠠᠵᠢᠯ ᠣᠯᠭᠤᠪᠠ᠃ ᠪᠠᠰᠠ ᠵᠢᠱᠢᠶᠡᠯᠡᠪᠡᠯ᠂ ᠮᠣᠩᠭᠤᠯ ᠬᠡᠯᠡ ᠪᠠᠷ | ᠰᠣᠷᠣᠭᠰᠠᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠠᠯᠪᠠᠳᠠᠨ ᠰᠢᠯᠭᠠᠵᠤ ᠡᠯᠰᠡᠬᠦ᠂ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ | ᠳᠤ᠂ ᠡᠯᠰᠡᠬᠦ ᠲᠥᠯᠥᠪᠯᠡᠭᠡ ᠶᠢᠨ ᠳᠣᠲᠣᠷ᠎ᠠ ᠠᠴᠠ 15% ᠶᠢᠨ ᠲᠤᠰᠢᠶᠠᠯ ᠤᠨ ᠪᠠᠶᠢᠷᠢ ︵ᠠᠵᠢᠯ ᠤᠨ ᠪᠠᠶᠢᠷᠢ︶ | ᠭᠠᠷᠭᠠᠵᠤ᠂ ᠮᠣᠩᠭᠤᠯ ᠬᠡᠯᠡ ᠪᠠᠷ ᠰᠣᠷᠣᠭᠰᠠᠨ ᠰᠤᠷᠭᠠᠭᠤᠯᠢ ᠲᠡᠭᠦᠰᠦᠭᠰᠡᠳ ᠢ ᠬᠠᠨᠳᠤᠯᠭ᠎ᠠ ᠲᠠᠢ ᠪᠠᠷ ᠡᠯᠰᠡᠨ | ᠬᠡᠷᠡᠭᠯᠡᠬᠦ ᠵᠡᠷᠭᠡ ᠪᠣᠯᠤᠨ᠎ᠠ᠃ ᠠᠯᠢ ᠤᠯᠠᠨ ᠵᠥᠷᠢᠶᠡᠴᠢᠯᠡᠭᠰᠡᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠨᠢ ᠪᠦᠬᠦ ᠣᠷᠣᠨ ᠤ ᠦᠨᠳᠦᠰᠦᠲᠡᠨ ᠨᠦᠭᠦᠳ ᠤᠨ ᠪᠦᠯᠬᠦᠮᠳᠡᠯ ᠂ ᠦᠨᠳᠦᠰᠦᠲᠡᠨ ᠨᠦᠭᠦᠳ ᠤᠨ | ᠬᠠᠮᠲᠤ ᠪᠠᠷ ᠳᠠᠪᠰᠢᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠣᠳᠠᠰ ᠤᠨ ᠰᠠᠭᠤᠷᠢ | ᠶᠢ ᠲᠠᠯᠪᠢᠵᠤ᠂ ᠮᠥᠨ ᠴᠦ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠢ ᠶᠡᠭᠡ ᠪᠠᠷ | ᠰᠠᠶᠢᠵᠢᠷᠠᠭᠤᠯᠤᠭᠰᠠᠨ ᠪᠠᠶᠢᠨ᠎ᠠ᠃ | ᠬᠥᠲᠥᠯᠥᠭᠴᠢ᠄ | ᠲᠠᠨ ᠤ ᠲᠠᠨᠢᠯᠴᠠᠭᠤᠯᠭ᠎ᠠ ᠠᠴᠠ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠰᠢᠰᠲ᠋ᠧᠮᠵᠢ ᠪᠦᠷᠢᠨ ᠲᠡᠭᠦᠯᠳᠡᠷ᠂ ᠦᠷ᠎ᠡ ᠪᠦᠲᠦᠮᠵᠢ ᠪᠠᠷ ᠲᠣᠪᠣᠶᠢᠮ᠎ᠠ ᠪᠠᠶᠢᠵᠤ᠂ ᠡᠯ᠎ᠡ | ᠦᠨᠳᠦᠰᠦᠲᠡᠨ ᠤ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠵᠤ᠂ ᠪᠥᠬᠦ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠭᠡᠵᠦ ᠬᠡᠯᠡᠵᠦ ᠪᠣᠯᠣᠨ᠎ᠠ᠂ ᠲᠡᠭᠡᠪᠡᠯ | ᠲᠠᠨ ᠤ ᠦᠵᠡᠬᠦ ᠪᠠᠷ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ | ᠠᠵᠢᠯ ᠨᠢ ᠡᠶᠢᠮᠦ ᠠᠮᠵᠢᠯᠲᠠ ᠪᠦᠲᠦᠮᠵᠢ ᠶᠢ ᠣᠯᠵᠤ ᠴᠢᠳᠠᠭᠰᠠᠨ ᠤ ᠭᠤᠣᠯ ᠰᠢᠯᠲᠠᠭᠠᠨ ᠨᠢ ᠶᠠᠭᠤ ᠪᠤᠢ︖ | ᠶᠦᠨ ᠭᠦᠸᠧ ᠱᠧᠩ᠄ | ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠠᠵᠢᠯ ᠤᠷᠲᠤ ᠬᠤᠭᠤᠴᠠᠭᠠᠨ ᠤ ᠲᠤᠷᠰᠢ | ᠰᠠᠶᠢᠨ ᠠᠮᠵᠢᠯᠲᠠ ᠪᠦᠲᠦᠮᠵᠢ ᠣᠯᠤᠭᠰᠠᠨ ᠢᠶᠠᠷ ᠡᠯ᠎ᠡ ᠲᠠᠯ᠎ᠠ ᠶᠢᠨ ᠬᠢᠨ ᠤ ᠮᠠᠭᠲᠠᠭᠠᠯ ᠪᠠ ᠰᠠᠶᠢᠰᠢᠶᠠᠯ ᠢ ᠣᠯᠵᠠᠶ᠂ | ᠡᠭᠦᠨ ᠳᠤ ᠬᠠᠮᠤᠭ ᠤᠨ ᠵᠠᠩᠭᠢᠯᠠᠭ᠎ᠠ ᠶᠢᠨ ᠴᠢᠨᠠᠷᠲᠠᠶ ᠨᠢᠭᠡ ᠵᠦᠢᠯ ᠪᠣᠯ ᠳᠠᠷᠤᠶ ᠨᠠᠮ ᠤᠨ ᠵᠥᠪ ᠣᠨᠣᠪᠴᠢᠲᠠᠶ | ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ | ᠬᠡᠮᠵᠢᠶ᠎ᠡ ᠪᠠᠷ ᠴᠢᠬᠤᠯᠠᠴᠢᠯᠠᠭᠰᠠᠨ ᠪᠠ ᠬᠦᠴᠦᠲᠡᠶ ᠳᠡᠮᠵᠢᠭᠰᠡᠨ ᠳᠤ ᠪᠤᠢ᠃ ᠡᠳᠦᠭᠡ᠂ ᠪᠦᠬᠦ ᠣᠷᠣᠨ ᠤ ᠡᠯ᠎ᠡ | ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠢ ᠬᠦᠨᠳᠦᠳᠬᠡᠨ ᠦᠵᠡᠵᠦ᠂ ᠡᠭᠦᠨ ᠢ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠠᠵᠢᠯ ᠤᠨ ᠴᠢᠬᠤᠯᠠ ᠠᠭᠤᠯᠭ᠎ᠠ ᠳᠤ ᠣᠷᠣᠭᠤᠯᠵᠤ᠂ ᠡᠭᠦᠳᠦᠨ | ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ ᠪᠠᠶᠢᠭᠤᠯᠪᠠ᠃ | ᠮᠠᠨ ᠤ ᠣᠷᠣᠨ ᠳᠤ ᠨᠢᠭᠡᠨᠲᠡ 5 ᠠᠶᠢᠮᠠᠭ ᠬᠤᠲᠠ ᠨᠢ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠱᠦᠵᠢ | ᠪᠤᠶᠤ ᠠᠶᠢᠮᠠᠭ ᠬᠤᠳᠠ ᠶᠢᠨ ᠳᠠᠷᠤᠭ᠎ᠠ ᠪᠠᠷ ᠡᠭᠦᠳᠦᠨ ᠪᠠᠶᠢᠭᠤᠯᠬᠤ ᠠᠵᠢᠯ ᠤᠨ ᠳᠤᠭᠤᠶᠢᠯᠠᠩ ᠤᠨ ᠳᠠᠷᠤᠭ᠎ᠠ ᠶᠢᠨ | ᠲᠤᠰᠢᠶᠠᠯ ᠡᠭᠦᠷᠭᠡᠯᠡᠭᠦᠯᠦᠭᠰᠡᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠶᠢᠨ | ᠬᠠᠮᠲᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠬᠠᠷᠠᠯᠲᠠ ᠶᠢ ᠳᠤᠷᠠᠳᠴᠤ᠂ ᠪᠠᠰᠠ ᠨᠢᠭᠡ ᠪᠦᠯᠦᠭ ᠬᠤᠰᠢᠭᠤ ᠰᠢᠶᠠᠨ ︵ᠬᠤᠳᠠ᠂ ᠲᠣᠭᠤᠷᠢᠭ︶ | ᠠᠴᠠ ᠳᠣᠣᠷᠠᠬᠢ ᠨᠢᠭᠡᠴᠡ ᠪᠦᠬᠦ ᠤᠯᠤᠰ ᠂ ᠪᠦᠬᠦ ᠣᠷᠣᠨ ᠤ ᠵᠢᠱᠢᠶ᠎ᠡ ᠦᠵᠡᠭᠦᠯᠬᠦ ᠣᠷᠣᠨ ︵ᠨᠢᠭᠡᠴᠡ︶ ᠢ | ᠡᠭᠦᠳᠦᠨ ᠪᠠᠶᠢᠭᠤᠯᠬᠤ ᠬᠠᠷᠠᠯᠲᠠ ᠶᠢ ᠳᠤᠷᠠᠳᠪᠠ᠃ ᠪᠦᠬᠦ ᠣᠷᠣᠨ ᠤ ᠡᠯ᠎ᠡ ᠭᠠᠵᠠᠷ ᠦᠨᠳᠦᠰᠦᠲᠡᠨ ᠤ ᠪᠦᠯᠬᠦᠮᠳᠡᠯ | ᠲᠠᠪᠰᠢᠯᠳᠡ ᠶᠢᠨ ᠤᠬᠠᠭᠤᠯᠭ᠎ᠠ ᠬᠥᠮᠦᠵᠢᠯ ᠪᠣᠯᠤᠨ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠪᠦᠬᠦ ᠤᠯᠤᠰ ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ︵ | ᠨᠢᠭᠡᠴᠡ︶ ᠢ ᠴᠢᠷᠮᠠᠶᠢᠨ ᠪᠠᠶᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ | ᠶᠦᠨ ᠬᠦᠸᠧ ᠱᠸᠡᠭ᠄ | 6 ᠳ᠋ᠤᠭᠠᠷ ᠰᠠᠷ᠎ᠠ ᠳᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠲᠤᠷᠰᠢᠯᠭ᠎ᠠ ᠰᠣᠯᠢᠯᠴᠠᠬᠤ ᠲᠤᠬᠠᠶ ᠶᠢᠨ ᠲᠠᠯᠠᠪᠤᠷ ᠤᠨ ᠬᠤᠷᠠᠯ ᠮᠠᠨ ᠤ ᠣᠷᠣᠨ ᠤ ᠬᠢᠩᠭᠠᠨ ᠠᠶᠢᠮᠠᠭ ᠲᠤ | ᠠᠮᠵᠢᠯᠲᠠ ᠲᠠᠢ ᠬᠤᠷᠠᠯᠳᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ | ᠲᠤᠬᠠᠶ ᠠᠯᠢ ᠤᠯᠠᠨ ᠰᠢᠨ᠎ᠡ ᠪᠠᠶᠢᠷᠢᠯᠠᠭᠤᠯᠤᠯᠲᠠ ᠪᠤᠯᠤᠨ ᠱᠠᠭᠠᠷᠳᠠᠯᠭ᠎ᠠ ᠶᠢ ᠳᠤᠷᠠᠳᠤᠭᠰᠠᠨ ᠨᠢ᠂ ᠬᠤᠶᠢᠰᠢᠳᠠ ᠶᠢᠨ | ᠨᠢᠭᠡ ᠬᠡᠰᠡᠭ ᠬᠤᠭᠤᠴᠠᠭᠠᠨ ᠳᠠᠬᠢ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠢ ᠥᠷᠨᠢᠭᠦᠯᠬᠦ ᠴᠢᠬᠤᠯᠠ ᠵᠢᠷᠤᠮᠯᠠᠯ ᠪᠤᠯᠬᠤ ᠪᠤᠯᠤᠨ᠎ᠠ᠃ ᠪᠢᠳᠠ ᠡᠷᠬᠡᠪᠰᠢ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ᠂ ᠭᠦᠨᠵᠡᠭᠡᠶ ᠣᠶᠢᠯᠠᠭᠠᠵᠤ᠂ ᠳᠡᠳ᠋ ᠶᠡᠷᠦᠩᠬᠡᠶ ᠰᠠᠶᠢᠳ ᠯᠢᠦ ᠶᠠᠨ | ᠳ᠋ᠦᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠵᠢᠷᠤᠮᠯᠠᠵᠤ᠂ ᠨᠡᠶᠢᠭᠡᠮ ᠵᠢᠷᠤᠮᠲᠤ | ᠪᠠᠶᠢᠭᠤᠯᠤᠯ ᠤᠨ ᠳᠠᠪᠠᠭᠤᠯᠢᠭ ᠴᠢᠨᠠᠷ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠪᠦᠭᠡᠳ ᠭᠦᠨᠵᠡᠭᠡᠶ ᠦᠷᠨᠢᠬᠦᠯᠬᠦ ᠦᠨᠳᠦᠰᠦᠲᠡᠨ ᠤ | ᠠᠰᠠᠭᠤᠳᠠᠯ ᠢ ᠳᠤᠮᠳᠠᠳᠤ ᠤᠯᠤᠰ ᠤᠨ ᠣᠨᠴᠠᠯᠢᠭ ᠲᠠᠢ ᠰᠢᠶᠳᠪᠦᠷᠢᠯᠡᠬᠦ ᠵᠥᠪ ᠵᠠᠮ ᠤᠨ ᠴᠢᠬᠤᠯᠠ ᠪᠦᠷᠢᠯᠳᠦᠬᠦᠨ | ᠬᠡᠰᠡᠭ ᠪᠤᠯᠭᠠᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ᠂ ᠰᠡᠳᠬᠢᠯ ᠰᠠᠨᠠᠭ᠎ᠠ ᠪᠠᠨ ᠨᠢᠭᠡᠳᠬᠡᠨ | ᠳᠤᠮᠳᠠᠳᠤ ᠤᠯᠤᠰ ᠤᠨ ᠬᠦᠰᠡᠯ ᠵᠡᠭᠦᠳᠦ ᠪᠠᠨ ᠲᠡᠷᠭᠡᠯᠰᠢᠬᠦᠯᠬᠦ︾ ᠶᠡᠷᠦᠩᠬᠡᠶ ᠬᠠᠷᠠᠯᠲᠠ ᠲᠠᠢ ᠨᠢᠭᠲᠠ | ᠤᠶᠠᠯᠳᠤᠭᠤᠯᠤᠨ᠂ ᠬᠦᠮᠦᠨᠴᠢᠯᠡᠯᠲᠡ᠂ ᠢᠷᠬᠡᠨᠴᠢᠯᠡᠯ᠂ ᠴᠤᠭᠴᠠᠴᠢᠯᠠᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠵᠤ᠂ | ᠡᠭᠦᠳᠦᠨ ᠪᠠᠶᠢᠭᠤᠯᠬᠤ ᠠᠭᠤᠯᠤᠭᠳᠠᠬᠤᠨ ᠢ ᠪᠠᠶᠠᠯᠢᠭᠵᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠨᠡᠶᠢᠲᠡᠯᠢᠭ ᠵᠢᠱᠢᠶ᠎ᠡ ᠶᠢᠨ ᠳᠠᠭᠤᠷᠢᠶᠠᠯ ᠦᠵᠡᠭᠦᠯᠬᠦ ᠦᠢᠯᠡᠳᠦᠯ ᠢ ᠨᠢ ᠰᠠᠶᠢᠲᠤᠷ ᠪᠠᠳᠠᠷᠠᠭᠤᠯᠬᠤ ᠬᠡᠷᠡᠭᠲᠡᠶ᠃ | ᠦᠨᠳᠦᠰᠦᠲᠡᠨ ᠤ ᠣᠷᠣᠨ ᠤ ᠬᠥᠭᠵᠢᠯᠲᠡ ᠶᠢ ᠲᠦᠯᠬᠢᠨ ᠠᠬᠢᠭᠤᠯᠬᠤ ᠲᠠᠢ ᠤᠶᠠᠯᠳᠤᠭᠤᠯᠵᠤ᠂ ᠲᠤᠶᠢᠯ ᠤᠨ | ᠤᠨᠤᠪᠴᠢᠲᠠᠢ ᠪᠠᠷ ᠬᠠᠪᠰᠤᠷᠤᠨ ᠲᠡᠳᠭᠦᠭᠦ ᠪᠠ ᠲᠦᠷᠦ ᠶᠢᠨ ᠪᠤᠳᠤᠯᠭ᠎ᠠ ᠶᠢ ᠬᠡᠯᠪᠡᠶᠢᠯᠭᠡᠵᠤ᠂ ᠥᠪᠡᠷ ᠢ ᠪᠠᠨ | ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠠᠯᠬᠤᠴᠠ ᠶᠢ | ᠲᠦᠷᠭᠡᠳᠭᠡᠬᠦ ᠬᠡᠷᠡᠭᠲᠠᠢ᠃ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠰᠤᠷᠭᠠᠨ | ᠬᠥᠮᠦᠵᠢᠯ᠂ ᠡᠮᠴᠢᠯᠡᠭᠡ᠂ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠢ ᠶᠡᠬᠡᠪᠡᠷ ᠰᠠᠶᠢᠵᠢᠷᠠᠭᠤᠯᠵᠤ᠂ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢ ᠲᠠᠢ ᠪᠣᠯᠭᠠᠬᠤ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠪᠣᠳᠠᠲᠠᠶ ᠠᠰᠢᠭ ᠲᠤᠰᠠ ᠬᠦᠷᠲᠡᠭᠡᠨ᠂ ᠰᠡᠳᠬᠢᠯ ᠰᠠᠨᠠᠭ᠎ᠠ ᠪᠠᠨ | ᠨᠢᠭᠡᠳᠬᠡᠬᠦ ᠬᠡᠷᠡᠭᠲᠠᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ | ᠬᠠᠷᠢᠯᠴᠠᠨ ᠰᠢᠬᠢᠳᠬᠦ ᠮᠠᠶ᠋ᠢᠭ ᠤᠨ ᠨᠡᠶᠢᠭᠡᠮ ᠤᠨ ᠪᠦᠲᠦᠴᠡ ᠪᠣᠯᠤᠨ ᠨᠡᠶᠢᠭᠡᠮ ᠲᠣᠭᠤᠷᠢᠭ ᠤᠨ ᠣᠷᠴᠢᠨ ᠠᠬᠤᠶ ᠶᠢ | ᠪᠤᠢ ᠪᠤᠯᠭᠠᠬᠤ ᠶᠢ ᠠᠬᠢᠭᠤᠯᠵᠤ᠂ ᠬᠠᠮᠲᠤᠪᠡᠷ ᠰᠠᠭᠤᠷᠢᠰᠢᠵᠤ᠂ ᠬᠠᠮᠲᠤᠪᠡᠷ ᠰᠤᠷᠬᠤ᠂ ᠬᠠᠮᠲᠤᠷᠠᠨ ᠠᠵᠢᠯᠯᠠᠬᠤ᠂ | ᠬᠠᠮᠲᠤᠪᠡᠷ ᠪᠠᠶᠠᠰᠬᠤ ᠨᠡᠶᠢᠭᠡᠮ ᠤᠨ ᠨᠥᠬᠦᠴᠡᠯ ᠢ ᠡᠭᠦᠳᠦᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠢ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠳᠣᠲᠣᠷ᠎ᠠ ᠬᠠᠷᠢᠯᠴᠠᠨ ᠳᠣᠲᠣᠨᠣᠴᠢᠯᠠᠵᠤ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠤᠯᠬᠤ ᠬᠡᠷᠡᠭᠲᠠᠢ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ | ᠶᠣᠰᠣᠭᠠᠷ ᠵᠠᠰᠠᠵᠤ᠂ ᠦᠨᠳᠦᠰᠦᠲᠡᠨ ᠤ ᠪᠦᠯᠬᠦᠮᠳᠡᠯ ᠪᠠ ᠡᠶ᠎ᠡ ᠵᠤᠬᠢᠴᠠᠯ ᠢ ᠦᠨᠳᠦᠰᠦᠨ ᠬᠠᠤᠯᠢ ᠴᠠᠭᠠᠵᠠ ᠪᠠᠷ | ᠪᠠᠲᠤᠯᠠᠬᠤ ᠬᠡᠷᠡᠭᠲᠠᠢ᠃ ᠬᠠᠮᠲᠤᠪᠡᠷ ᠡᠭᠦᠳᠬᠦ ᠪᠠ ᠬᠠᠮᠲᠤᠷᠠᠨ ᠬᠥᠳᠡᠯᠦᠯᠴᠡᠬᠦ ᠪᠠᠶᠢᠷᠢᠰᠢᠯ ᠢ ᠪᠦᠷᠢᠨᠰᠢᠬᠦᠯᠵᠤ᠂ | ᠭᠤᠣᠯᠳᠠᠯᠭ᠎ᠠ ᠨᠢ ᠡᠩ ᠤᠨ ᠴᠠᠭ ᠲᠤ ᠪᠠ ᠰᠡᠳᠬᠢᠯ ᠢᠶᠠᠨ ᠨᠡᠪᠲᠡᠷᠡᠯᠴᠡᠬᠦ ᠳᠤ ᠪᠠᠶᠢᠵᠤ᠂ ᠡᠭᠦᠳᠦᠨ ᠪᠠᠶᠢᠭᠤᠯᠬᠤ | ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ | ᠬᠥᠲᠥᠯᠥᠭᠴᠢ᠄ | ᠡᠴᠦᠰ ᠲᠤ᠂ ᠲᠠ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ | ᠠᠵᠢᠯ ᠤᠨ ᠲᠤᠬᠠᠶ ᠭᠤᠣᠯ ᠲᠤᠷᠰᠢᠯᠭ᠎ᠠ ᠡᠰᠡᠬᠦᠯ᠎ᠡ ᠰᠡᠩᠬᠡᠷᠡᠭᠦᠯᠦᠯ ᠢᠶᠠᠨ ᠶᠠᠷᠢᠭᠠᠳ ᠦᠭᠭᠦᠨ᠎ᠡ ᠤᠤ︖ | ᠶᠦᠨ ᠬᠦᠸᠧ ᠱᠸᠡᠭ᠄ | ᠵᠠ᠃ ᠮᠢᠨᠦ ᠦᠵᠡᠬᠦ ᠪᠠᠷ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠠᠮᠵᠢᠯᠲᠠ ᠤᠯᠤᠭᠰᠠᠨ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠳᠤ ᠪᠤᠢ᠂ ᠨᠢᠭᠡ ᠳᠤ | ᠨᠠᠮ ᠤᠨ ᠬᠤᠷᠢᠶ᠎ᠠ ᠵᠠᠰᠠᠭ ᠤᠨ ᠣᠷᠳᠣᠨ ᠭᠤᠤᠯ ᠤᠳᠤᠷᠢᠳᠬᠤ ᠪᠠᠷ ᠲᠤᠯᠬᠤ ᠴᠡᠭ ᠪᠤᠯᠭᠠᠬᠤ ᠶᠢ ᠪᠠᠷᠢᠮᠲᠠᠯᠠᠭᠰᠠᠨ | ᠪᠠᠶᠢᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠪᠣᠯ ᠨᠢᠭᠡᠨ ᠰᠢᠰᠲ᠋ᠧᠮ | ᠲᠠᠢ ᠨᠡᠶᠢᠭᠡᠮ ᠤᠨ ᠢᠨᠵᠧᠨᠧᠷᠢᠩ ᠪᠣᠯᠤᠨ᠎ᠠ᠂ ᠲᠡᠷᠡ ᠨᠢ ᠳᠡᠭᠡᠷ᠎ᠡ ᠳᠣᠣᠷ᠎ᠠ᠂ ᠡᠯ᠎ᠡ ᠲᠠᠯ᠎ᠠ ᠶᠢᠨ ᠬᠢᠨ ᠲᠠᠢ ᠪᠠᠷ | ᠬᠤᠯᠪᠤᠭᠳᠠᠨ᠎ᠠ᠃ ᠤᠯᠤᠰ ᠬᠦᠷᠦᠨ ᠤ ᠱᠠᠭᠠᠷᠳᠠᠯᠭ᠎ᠠ ᠪᠣᠯᠤᠨ ᠮᠠᠨ ᠤ ᠣᠷᠣᠨ ᠤ ᠣᠶᠢᠷ᠎ᠠ ᠶᠢᠨ ᠬᠡᠳᠦᠨ ᠵᠢᠯ ᠤᠨ | ᠠᠵᠢᠯ ᠥᠷᠨᠢᠭᠦᠯᠵᠦ ᠪᠠᠶᠢᠭ᠎ᠠ ᠪᠠᠶᠢᠳᠠᠯ ᠠᠴᠠ ᠠᠪᠴᠤ ᠦᠵᠡᠪᠡᠯ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠦᠷ᠎ᠡ ᠪᠦᠲᠦᠮᠵᠢ ᠭᠠᠷᠭᠠᠶ᠎ᠠ ᠬᠡᠪᠡᠯ᠂ ᠡᠷᠬᠡᠪᠰᠢ ᠨᠢᠭᠡᠳᠦᠭᠡᠷ ᠭᠠᠷ ᠤᠨ | ᠢᠨᠵᠧᠨᠧᠷᠢᠩ ᠪᠤᠯᠭᠠᠵᠤ᠂ ᠨᠠᠮ ᠤᠨ ᠬᠤᠷᠢᠶ᠎ᠠ ᠠᠴᠠ ᠤᠳᠤᠷᠢᠳᠴᠤ᠂ ᠵᠠᠰᠠᠭ ᠤᠨ ᠣᠷᠳᠣᠨ ᠠᠴᠠ ᠬᠠᠷᠢᠭᠤᠴᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠵᠢᠯᠴᠠᠨ᠂ ᠨᠡᠶᠢᠭᠡᠮ ᠳᠠᠶᠠᠭᠠᠷ ᠥᠷᠭᠡᠨ ᠢᠶᠠᠷ ᠤᠷᠤᠯᠴᠠᠭᠰᠠᠨ | ᠠᠵᠢᠯ ᠤᠨ ᠪᠠᠶᠢᠷᠢᠰᠢᠯ ᠢ ᠪᠤᠢ ᠪᠤᠯᠭᠠᠬᠤ ᠬᠡᠷᠡᠭᠲᠠᠢ᠃ ᠬᠤᠶᠠᠷ ᠲᠤ ᠨᠠᠮ ᠤᠨ ᠦᠨᠳᠦᠰᠦᠲᠡᠨ ᠤ ᠲᠦᠷᠦ ᠶᠢᠨ | ᠪᠣᠳᠣᠯᠭ᠎ᠠ ᠶᠢ ᠲᠤᠤᠱᠯᠠᠭᠤᠯᠬᠤ ᠪᠠᠷ ᠡᠬᠢᠯᠡᠴᠡ ᠪᠤᠯᠭᠠᠬᠤ ᠶᠢ ᠪᠠᠷᠢᠮᠲᠠᠯᠠᠭᠰᠠᠨ ᠪᠠᠶᠢᠨ᠎ᠠ᠃ ᠨᠠᠮ ᠤᠨ ᠦᠨᠳᠦᠰᠦᠲᠡᠨ ᠤ | ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠡᠷᠡᠰ | ᠭᠤᠶᠢᠪᠢᠰᠢ ᠦᠭᠡᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠦᠨᠳᠦᠰᠦᠲᠡᠨ ᠤ ᠲᠤᠬᠠᠶ | ᠬᠠᠤᠯᠢ ᠴᠠᠭᠠᠵᠠ ᠬᠠᠤᠯᠢ ᠲᠣᠭᠲᠠᠭᠠᠯ ᠪᠤᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠦᠨᠳᠦᠰᠦᠲᠡᠨ ᠤ | ᠠᠵᠢᠯ ᠤᠨ ᠡᠯ᠎ᠡ ᠲᠠᠯ᠎ᠠ ᠳᠤ᠂ ᠡᠯ᠎ᠡ ᠭᠤᠭᠴᠤᠭ᠎ᠠ ᠳᠤ ᠦᠨᠡᠨ ᠬᠦ ᠨᠠᠶᠢᠳᠠᠪᠤᠷᠢᠵᠢᠭᠤᠯᠵᠤ᠂ ᠦᠨᠳᠦᠰᠦᠲᠡᠨ ᠤ | ᠪᠦᠯᠬᠦᠮᠳᠡᠯ᠂ ᠨᠡᠶᠢᠭᠡᠮ ᠤᠨ ᠠᠮᠤᠷ ᠲᠣᠭᠲᠠᠭᠤᠨ᠂ ᠬᠢᠯᠢ ᠬᠢᠵᠠᠭᠠᠷ ᠤᠨ ᠲᠠᠶᠢᠪᠤᠡᠭ ᠲᠣᠭᠲᠠᠭᠤᠨ ᠪᠠ ᠤᠯᠤᠰ | ᠣᠷᠣᠨ ᠤ ᠨᠢᠭᠡᠳᠦᠯ ᠢ ᠬᠠᠮᠠᠭᠠᠯᠠᠭᠰᠠᠨ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ | ᠪᠠᠲᠤᠯᠠᠭᠰᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠦᠢᠯᠡᠰ ᠢ ᠠᠬᠢᠭᠤᠯᠤᠭᠰᠠᠨ ᠯᠤᠲᠤ ᠶᠡᠭᠡ | ᠬᠦᠴᠦᠨ ᠪᠣᠯᠭᠠᠨ ᠬᠤᠪᠢᠷᠠᠭᠤᠯᠬᠤ ᠬᠡᠷᠡᠭᠲᠠᠢ᠃ | ᠭᠤᠷᠪᠠ ᠳᠤ ᠭᠤᠣᠯ ᠠᠵᠢᠯ ᠲᠠᠢ ᠤᠶᠠᠯᠳᠤᠭᠤᠯᠬᠤ ᠶᠢ ᠬᠦᠴᠦᠯᠡᠬᠦ ᠴᠢᠭ᠋ ᠪᠣᠯᠭᠠᠬᠤ ᠶᠢ ᠪᠠᠷᠢᠮᠲᠠᠯᠠᠨ᠎ᠠ᠃ | ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠬᠦ ᠶᠡᠷᠦᠩᠬᠡᠶ ᠱᠠᠭᠠᠷᠳᠠᠯᠭ᠎ᠠ ᠨᠢ ᠭᠤᠣᠯ ᠠᠵᠢᠯ ᠲᠠᠢ | ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠭᠠᠵᠠᠷ ᠣᠷᠣᠨ ᠤ ᠪᠣᠳᠠᠲᠠᠶ ᠪᠠᠶᠢᠳᠠᠯ ᠳᠤᠨᠢ ᠲᠣᠬᠢᠷᠠᠭᠤᠯᠵᠤ᠂ | ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠪᠣᠯᠣᠨ᠎ᠠ᠃ ᠡᠭᠦᠳᠦᠨ ᠪᠠᠶᠢᠭᠤᠯᠬᠤ ᠠᠵᠢᠯᠯᠠᠭ᠎ᠠ ᠶᠢ ᠪᠥᠬᠦ ᠲᠠᠯ᠎ᠠ ᠳᠤ | ᠬᠤᠯᠪᠣᠭᠳᠠᠬᠤ ᠶᠡᠭᠡ ᠶᠠᠪᠤᠳᠠᠯ ᠪᠣᠯᠭᠠᠨ ᠦᠵᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠲᠡᠭᠦᠨ ᠢ ᠲᠤᠰ ᠭᠠᠵᠠᠷ ᠣᠷᠣᠨ ᠤ ᠪᠠᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠡᠯ᠎ᠡ ᠵᠦᠢᠯ ᠤᠨ ᠠᠵᠢᠯ ᠤᠨ | ᠳᠤᠮᠳᠠ ᠠᠭᠤᠰᠬᠠᠨ ᠣᠷᠣᠭᠤᠯᠵᠤ ᠪᠦᠬᠦ᠋ᠢᠯᠡ ᠳᠤᠨᠢ ᠳᠥᠯᠭᠢᠨ ᠠᠬᠢᠭᠤᠯᠤᠨ᠎ᠠ᠃ ᠡᠭᠦᠳᠦᠨ ᠪᠠᠶᠢᠭᠤᠯᠬᠤ | ᠠᠵᠢᠯᠯᠠᠭ᠎ᠠ ᠶᠢ ᠨᠡᠶᠢᠭᠡᠮ ᠤᠨ ᠢᠨᠵᠧᠨᠧᠷᠢᠩ ᠪᠣᠯᠭᠠᠨ ᠪᠠᠶᠢᠷᠢᠯᠠᠭᠤᠯᠵᠤ᠂ ᠦᠨᠳᠦᠰᠦᠲᠡᠨ ᠤ ᠭᠠᠵᠠᠷ ᠣᠷᠣᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠲᠠᠢ ᠤᠶᠠᠯᠳᠤᠭᠤᠯᠤᠨ᠂ ᠶᠠᠳᠠᠭᠤ ᠶᠢ | ᠲᠡᠳᠬᠦᠬᠦ ᠰᠢᠪᠲᠤᠯᠤᠯᠲᠠ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠢ ᠤᠶᠠᠯᠳᠤᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠭᠤᠷᠢ ᠶᠢ ᠦᠨᠡᠨᠬᠦ ᠪᠠᠬᠢᠵᠢᠭᠦᠯᠦᠨ᠂ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠭᠤᠣᠯ ᠠᠵᠢᠯ ᠳᠤ ᠪᠦᠯᠬᠦᠮᠳᠡᠯ ᠲᠠᠢ ᠲᠣᠭᠲᠠᠭᠤᠨ ᠪᠠᠶᠢᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠵᠤ ᠥᠭᠭᠦᠨ᠎ᠡ᠃ | ᠲᠦᠷᠪᠡ ᠳᠤ ︽ᠵᠢᠷᠭᠤᠭᠠᠨ ᠣᠷᠣᠭᠤᠯᠬᠤ︾ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠨ᠎ᠠ᠃ ︽ ᠵᠢᠷᠭᠤᠭᠠᠨ | ᠣᠷᠣᠭᠤᠯᠬᠤ︾ ᠨᠢ ᠡᠴᠦᠰ ᠤᠨ ᠡᠴᠦᠰ ᠲᠡᠭᠡᠨ ᠳᠠᠷᠤᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠵᠠᠩᠭᠢᠯᠠᠭ᠎ᠠ ᠶᠢᠨ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ | ᠠᠵᠢᠯ ᠢᠶᠠᠨ ᠬᠠᠮᠤᠭ ᠤᠨ ᠦᠨᠳᠦᠰᠦᠨ ᠱᠠᠲᠤ᠂ ᠠᠷᠠᠳ ᠲᠦᠮᠡᠨ ᠤ ᠳᠤᠮᠳᠠ ᠨᠠᠶᠢᠳᠠᠪᠤᠷᠢᠵᠢᠭᠤᠯᠵᠤ᠂ | ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠦᠨᠳᠦᠰᠦᠨ ᠱᠠᠲᠤᠨ ᠤ ᠰᠠᠭᠤᠷᠢ ᠪᠥᠳᠥᠭᠡᠨ ᠪᠠᠶᠢᠭᠤᠯᠤᠯᠲᠠ ᠶᠢ | ᠪᠠᠬᠢᠵᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠨᠢ ᠪᠦᠬᠦ ᠣᠷᠣᠨ ᠤ ︽ᠨᠢᠭᠡᠨ ᠬᠥᠯᠭᠡ | ᠰᠢᠳᠡᠷ᠎ᠠ︾ ᠶᠢᠨ ᠦᠵᠡᠯ ᠰᠠᠨᠠᠭ᠎ᠠ ᠶᠢ ᠪᠣᠢ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤ ᠶᠢᠨ ᠬᠢᠨ ᠬᠠᠮᠲᠤᠷᠠᠨ ᠬᠥᠳᠡᠯᠦᠯᠴᠡᠬᠦ ᠶᠢ ᠲᠦᠯᠬᠢᠨ | ᠠᠬᠢᠭᠤᠯᠵᠤ᠂ ᠡᠭᠦᠳᠦᠨ ᠪᠠᠶᠢᠭᠤᠯᠬᠤ ᠠᠵᠢᠯᠯᠠᠭ᠎ᠠ ᠶᠢᠨ ︽ ᠵᠢᠷᠭᠤᠭᠠᠨ ᠣᠷᠣᠭᠤᠯᠬᠤ︾ ᠵᠢᠭᠰᠠᠭᠠᠯ ᠤᠨ ᠭᠠᠵᠠᠷ ᠢ | ᠲᠠᠰᠤᠷᠠᠯᠲᠠ ᠦᠭᠡᠢ ᠥᠷᠭᠡᠳᠬᠡᠵᠦ᠂ ᠪᠦᠬᠦᠨ ᠢ ᠬᠠᠮᠤᠷᠬᠤ᠂ ᠪᠠᠯᠠᠶ ᠴᠢᠭ᠋ ᠦᠭᠡᠢ ᠪᠠᠶᠢᠬᠤ ᠶᠢ ᠪᠡᠶᠡᠯᠡᠭᠦᠯᠦᠨ᠎ᠡ᠃ | ᠡᠭᠦᠳᠦᠨ ᠪᠠᠶᠢᠭᠤᠯᠬᠤ ᠠᠵᠢᠯᠯᠠᠭ᠎ᠠ ᠳᠠᠬᠢ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠢᠶᠠᠩ | ᠪᠠᠯᠭᠠᠰᠤ᠂ ᠰᠤᠷᠭᠠᠭᠤᠯᠢ᠂ ᠰᠦᠮ᠎ᠡ ᠬᠡᠶᠢᠳ ᠤᠨ ︽ᠭᠤᠣᠯ ᠵᠢᠭᠰᠠᠭᠠᠯ ᠤᠨ ᠭᠠᠵᠠᠷ᠂ ᠭᠤᠣᠯ ᠠᠷᠭ᠎ᠠ ᠵᠠᠮ︾ | ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠷᠢᠳᠠᠪᠠᠷ ᠬᠢᠯᠪᠠᠷ ᠳᠠᠷᠠᠭ᠎ᠠ ᠨᠢ ᠬᠦᠴᠢᠷ ᠲᠠᠢ ᠶᠢ ᠰᠢᠢᠳᠪᠦᠷᠢᠯᠡᠬᠦ | ᠠᠷᠭ᠎ᠠ ᠠᠪᠴᠤ᠂ ᠳᠡᠰ ᠳᠠᠪᠬᠤᠷᠭ᠎ᠠ ᠬᠤᠪᠢᠶᠠᠨ᠂ ᠲᠥᠷᠥᠯ ᠢᠯᠭᠠᠯ ᠬᠢᠬᠦ ᠠᠷᠭ᠎ᠠ ᠮᠠᠶ᠋ᠢᠭ ᠢᠶᠠᠷ ᠠᠯᠬᠤᠮ | ᠠᠯᠬᠤᠮ ᠢᠶᠠᠷ ᠲᠦᠯᠬᠢᠨ ᠠᠬᠢᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠨᠢ ᠪᠠᠰᠠ ᠮᠠᠨ ᠤ ᠣᠷᠣᠨ ᠤ ᠡᠭᠡ | ᠤᠯᠤᠰ ᠤᠨ ᠤᠮᠠᠷᠠᠲᠤ ᠬᠢᠯᠢ ᠬᠢᠵᠠᠭᠠᠷ ᠲᠤ ᠰᠠᠭᠤᠷᠢᠰᠢᠵᠤ ᠪᠠᠶᠢᠭ᠎ᠠ ᠪᠣᠳᠠᠲᠤ ᠪᠠᠶᠢᠳᠠᠯ ᠳᠤ ᠰᠠᠭᠤᠷᠢᠯᠠᠨ᠂ ᠴᠡᠷᠢᠭ ᠤᠨ | ︵ᠴᠠᠭᠳᠠᠭ᠎ᠠ︶ ᠬᠤᠸᠠᠷᠠᠭ ᠲᠤ ᠣᠷᠣᠬᠤ ᠵᠡᠷᠭᠡ ᠣᠨᠴᠠᠯᠢᠭ ᠪᠦᠬᠦᠢ ᠡᠭᠦᠳᠦᠨ ᠪᠠᠶᠢᠭᠤᠯᠬᠤ ᠲᠥᠷᠥᠯ ᠬᠡᠯᠪᠡᠷᠢ ᠶᠢ | ᠬᠠᠶᠢᠨ ᠰᠦᠪᠡᠭᠴᠢᠯᠡᠵᠦ᠂ ᠡᠭᠦᠳᠦᠨ ᠪᠠᠶᠢᠭᠤᠯᠬᠤ ᠬᠦᠷᠢᠶ᠎ᠡ ᠴᠠᠷᠠᠭ᠎ᠠ ᠶᠢ ᠢᠳᠡᠪᠬᠢᠲᠡᠢ ᠥᠷᠭᠡᠳᠬᠡᠨ᠎ᠡ᠃ ᠲᠠᠪᠤ ᠳᠤ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠡᠴᠦᠰ ᠤᠨ ᠬᠠᠷᠠᠯᠲᠠ ᠪᠣᠯᠭᠠᠬᠤ ᠶᠢ ᠪᠠᠷᠢᠮᠲᠠᠯᠠᠨ᠎ᠠ ᠃ ᠶᠡᠷᠦᠩᠬᠡᠶ | ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠣᠬᠠᠢ | ᠬᠦᠰᠡᠯ ᠡᠷᠡᠮᠡᠯᠵᠡᠯ ᠨᠢ ᠳᠠᠷᠤᠶ ᠮᠠᠨ ᠤ ᠲᠡᠮᠡᠴᠡᠯ ᠤᠨ ᠬᠠᠷᠠᠯᠲᠠ ᠪᠣᠯᠣᠨ᠎ᠠ᠃ ᠣᠳᠣᠬᠠᠨ ᠳᠤ᠂ ᠴᠥᠭᠡᠨ ᠲᠣᠭᠠᠲᠤ | ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭ᠎ᠠ ᠭᠠᠵᠠᠷ ᠣᠷᠣᠨ ᠤ ᠬᠥᠭᠵᠢᠯᠲᠡ ᠶᠢ | ᠲᠦᠷᠭᠡᠳᠬᠡᠬᠦ ᠠᠰᠠᠭᠤᠳᠠᠯ ᠨᠢ ᠨᠢᠭᠡᠨᠲᠡ ᠮᠠᠨ ᠤ ᠣᠷᠣᠨ ᠤ ᠦᠨᠳᠦᠰᠦᠲᠡᠨ ᠤ ᠭᠠᠵᠠᠷ ᠣᠷᠣᠨ ᠳᠤ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠤᠷᠢᠳᠴᠢᠯᠡᠨ ᠪᠡᠶᠡᠯᠡᠭᠦᠯᠬᠦ ᠶᠢᠨ ᠪᠣᠭᠤᠮᠢ ᠪᠣᠯᠵᠤ | ᠪᠤᠢ᠂ ᠮᠦᠨ ᠴᠤ ᠣᠳᠣᠬᠢ ᠱᠠᠲᠤᠨ ᠳᠠᠬᠢ ᠮᠠᠨ ᠤ ᠣᠷᠣᠨ ᠤ ᠦᠨᠳᠦᠰᠦᠲᠡᠨ ᠤ ᠠᠵᠢᠯ ᠤᠨ ᠲᠡᠷᠢᠭᠦᠨ ᠴᠢᠬᠤᠯᠠ | ᠭᠤᠣᠯ ᠠᠰᠠᠭᠤᠳᠠᠯ ᠪᠣᠯᠣᠨ᠎ᠠ᠃ ︽ᠬᠤᠶᠠᠷ ᠬᠠᠮᠲᠤ ᠶᠢᠨ︾ ᠦᠨᠳᠦᠰᠦᠲᠡᠨ ᠤ ᠠᠵᠢᠯ ᠤᠨ ᠭᠤᠣᠯ ᠰᠡᠳᠦᠪ ᠲᠠᠢ | ᠨᠢᠭᠲᠠ ᠤᠶᠠᠯᠳᠤᠭᠤᠯᠤᠨ᠂ ᠶᠡᠭᠡ ᠪᠠᠷ ᠵᠣᠷᠢᠭ ᠰᠢᠭᠤᠳᠤᠨ᠂ ᠶᠡᠭᠡ ᠬᠦᠴᠦ ᠣᠷᠣᠭᠤᠯᠵᠤ᠂ ᠲᠤᠰ ᠣᠷᠣᠨ | ᠪᠦᠰᠡ ᠳᠠᠬᠢ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ ᠤ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ | ᠣᠯᠠᠨ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠤᠨ᠎ᠠ᠃ ᠡᠭᠦᠨ ᠤ ᠬᠠᠮᠲᠤ᠂ ᠴᠥᠭᠡᠨ ᠲᠣᠭᠠᠲᠤ ᠦᠨᠳᠦᠰᠦᠲᠡᠨ | ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭᠰᠠᠨ ᠣᠷᠣᠨ ᠤ ᠺᠠᠳ᠋ᠷ ᠤᠯᠠᠨ ᠲᠦᠮᠡᠨ ᠪᠠᠰᠠ | ᠬᠦᠯᠢᠶᠡᠬᠦ᠂ ᠲᠦᠰᠢᠬᠦ᠂ ᠠᠪᠬᠤ ᠦᠵᠡᠯ ᠰᠠᠨᠠᠭ᠎ᠠ ᠪᠠᠨ ᠲᠠᠶᠠᠭᠳᠠᠵᠤ᠂ ᠥᠪᠡᠷ ᠤᠨ ᠬᠦᠴᠦ ᠪᠠᠷ ᠢᠶᠠᠨ ᠲᠡᠭᠵᠢᠷᠡᠨ᠂ | ᠪᠡᠶ᠎ᠡ ᠪᠠᠨ ᠳᠠᠭᠠᠭᠠᠵᠤ ᠬᠥᠭᠵᠢᠬᠦ ᠬᠡᠷᠡᠭᠲᠡᠢ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠠᠭᠤᠯᠭ᠎ᠠ ᠳᠣᠲᠣᠷ᠎ᠠ ᠤᠷᠣᠭᠤᠯᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠵᠡᠷᠭᠡ ᠳᠤᠨᠢ ᠪᠠᠶᠢᠭᠤᠯᠤᠨ ᠪᠦᠲᠦᠭᠡᠬᠦ ᠶᠢ ᠪᠡᠶᠡᠯᠡᠭᠦᠯᠦᠨ᠂ ᠦᠨᠳᠦᠰᠦᠲᠡᠨ | ᠨᠥᠬᠦᠳ ᠲᠤ ᠥᠭᠡᠷᠡᠴᠢᠯᠡᠯᠲᠡ ᠬᠥᠭᠵᠢᠯᠲᠡ ᠶᠢᠨ ᠠᠰᠢᠭ ᠢ ᠬᠠᠮᠲᠤᠪᠡᠷ ᠡᠳ᠋ᠯᠡᠭᠦᠯᠬᠦ ᠪᠠᠷ ᠴᠢᠷᠮᠠᠶᠢᠨ᠎ᠠ᠃ | ᠬᠥᠲᠥᠯᠥᠭᠴᠢ᠄ | ᠵᠠ ᠲᠡᠭᠡᠶᠠ᠂ ᠡᠷᠬᠢᠯᠡᠭᠴᠢ ᠶᠢᠨ ᠭᠤᠶᠢᠳᠠ ᠰᠠᠶᠢᠬᠠᠨ ᠲᠠᠶᠢᠯᠦᠮᠵᠢ ᠬᠢᠭᠰᠡᠨ ᠳᠤ ᠲᠠᠯᠠᠷᠬᠠᠵᠤ ᠪᠠᠶᠢᠨ᠎ᠠ᠂ ᠲᠣᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠶᠢᠬᠠᠨ | ᠠᠭᠤᠯᠵᠠᠶ᠎ᠠ︕ | |