ᠥᠪᠥᠷ ᠮᠣᠩᠭᠤᠯ ᠤᠨ ᠰᠢᠨ᠎ᠡ ᠶᠢ ᠡᠭᠦᠳᠬᠦ ᠠᠷᠭ᠎ᠠ ᠶᠢ ᠳᠡᠯᠭᠡᠷᠡᠭᠦᠯᠦᠨ ᠬᠡᠷᠡᠭᠯᠡᠬᠦ ᠠᠩᠬᠠᠳᠤᠭᠠᠷ ᠬᠤᠭᠤᠴᠠᠭᠠᠨ ᠤ ᠤᠷᠤᠯᠳᠤᠭᠠᠨ ᠦᠨᠳᠦᠷᠯᠡᠪᠡ
ᠨᠡᠶᠢᠲᠡᠯᠡᠭᠰᠡᠨ ᠴᠠᠭ᠄
2017/11/1
      10 ᠳ᠋ᠤᠭᠠᠷ ᠰᠠᠷ᠎ᠠ ᠶᠢᠨ 31᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠨᠡᠶᠢᠭᠡᠮᠯᠢᠭ ᠪᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠬᠠᠮᠲᠤᠷᠠᠨ ᠡᠷᠭᠢᠯᠡᠭᠰᠡᠨ ᠪᠦᠬᠦ ᠣᠷᠣᠨ ᠤ ᠰᠢᠨ᠎ᠡ ᠶᠢ ᠡᠭᠦᠳᠬᠦ ᠠᠷᠭ᠎ᠠ ᠶᠢ ᠳᠡᠯᠭᠡᠷᠡᠭᠦᠯᠦᠨ ᠬᠡᠷᠡᠭᠯᠡᠬᠦ ᠠᠩᠬᠠᠳᠤᠭᠠᠷ ᠬᠤᠭᠤᠴᠠᠭᠠᠨ ᠤ ᠤᠷᠤᠯᠳᠤᠭᠠᠨ ᠵᠢᠴᠢ ᠪᠦᠬᠦ ᠤᠯᠤᠰ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠷᠭ᠎ᠠ ᠶᠢᠨ ᠬᠤᠶᠠᠳᠤᠭᠠᠷ ᠬᠤᠭᠤᠴᠠᠭᠠᠨ ᠤ ᠤᠷᠤᠯᠳᠤᠭᠠᠨ ᠤ ᠥᠪᠥᠷ ᠮᠣᠩᠭᠤᠯ ᠳᠠᠬᠢ ᠬᠤᠪᠢᠶᠠᠷᠢ ᠤᠷᠤᠯᠳᠤᠭᠠᠨ ᠤ ᠰᠢᠶᠳᠪᠦᠷᠢᠲᠦ ᠤᠷᠤᠯᠳᠤᠭᠠᠨ ᠥᠨᠳᠥᠷᠯᠡᠪᠡ᠃      ᠲᠡᠭᠦᠰᠬᠦ ᠶᠣᠰᠣᠯᠠᠯ ᠳᠡᠭᠡᠷ᠎ᠡ᠂ ᠠᠵᠤ ᠠᠬᠤᠶᠢᠯᠠᠯ ᠤᠨ ᠳᠤᠭᠤᠶᠢᠯᠠᠩ ᠤᠨ ᠠᠯᠲᠠᠨ ᠮᠧᠳᠠᠯ᠂ ᠮᠥᠩᠭᠦᠨ ᠮᠧᠳᠠᠯ᠂ ᠭᠠᠤᠯᠢᠨ ᠮᠧᠳᠠᠯ᠂ ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ ᠤᠨ ᠨᠢᠭᠡ᠂ ᠬᠤᠶᠠᠷ᠂ ᠭᠤᠷᠪᠠᠳᠤᠭᠠᠷ ᠳᠡᠰ ᠤᠨ ᠱᠠᠩᠨᠠᠯ ᠵᠢᠴᠢ ᠣᠨᠴᠠᠭᠠᠶ ᠲᠤᠬᠢᠷᠠᠭᠤᠯᠤᠭᠰᠠᠨ ᠰᠢᠯᠢᠳᠡᠭ ᠵᠢᠭᠠᠨ ᠵᠢᠯᠤᠭᠤᠳᠤᠭᠴᠢ ᠪᠠᠭᠰᠢ ᠶᠢᠨ ᠱᠠᠩᠨᠠᠯ᠂ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠪᠤᠯᠤᠨ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠱᠠᠩᠨᠠᠯ ᠵᠡᠷᠭᠡ ᠶᠢ ᠭᠠᠷᠳᠠᠭᠤᠯᠪᠠ᠃ ᠠᠵᠤ ᠠᠬᠤᠶᠢᠯᠠᠯ ᠤᠨ ᠳᠤᠭᠤᠶᠢᠯᠠᠩ ᠤᠨ ᠠᠯᠲᠠᠨ ᠮᠧᠳᠠᠯ᠂ ᠮᠥᠩᠭᠦᠨ ᠮᠧᠳᠠᠯ ᠪᠣᠯᠤᠨ ᠭᠠᠤᠯᠢᠨ ᠮᠧᠳᠠᠯ ᠤᠨ ᠨᠢᠭᠡᠳᠦᠭᠡᠷ ᠨᠡᠷ᠎ᠡ ᠶᠢ ᠲᠤᠰᠤᠭᠰᠠᠨ 13 ᠲᠥᠯᠥᠭᠡᠯᠡᠭᠴᠢᠳ ᠤᠨ ᠳᠤᠭᠤᠶᠢᠯᠠᠩ ᠨᠢ ᠮᠠᠨ ᠤ ᠣᠷᠣᠨ ᠢ ᠲᠦᠯᠦᠭᠡᠯᠡᠨ 12 ᠳ᠋ᠤᠭᠠᠷ ᠰᠠᠷ᠎ᠠ ᠳᠤ ᠲᠢᠶᠠᠨᠵᠢᠨ ᠳᠤ ᠶᠠᠪᠤᠭᠳᠠᠬᠤ ᠪᠦᠬᠦ ᠤᠯᠤᠰ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠷᠭ᠎ᠠ ᠶᠢᠨ ᠬᠤᠶᠠᠳᠤᠭᠠᠷ ᠬᠤᠭᠤᠴᠠᠭᠠᠨ ᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠤᠷᠤᠯᠴᠠᠬᠤ ᠪᠤᠯᠤᠨ᠎ᠠ᠃ ᠲᠤᠰ ᠤᠳᠠᠭᠠᠨ ᠤ ᠰᠢᠢᠳᠪᠦᠷᠢᠲᠦ ᠤᠷᠤᠯᠳᠤᠭᠠᠨ ᠨᠢ 2 ᠡᠳᠦᠷ ᠶᠠᠪᠤᠭᠳᠠᠵᠤ᠂ ᠰᠢᠢᠳᠪᠦᠷᠢᠲᠦ ᠤᠷᠤᠯᠳᠤᠭᠠᠨ ᠤ ᠰᠡᠳᠦᠪ ᠤᠨ ᠨᠤᠮ ᠬᠠᠶᠠᠯᠴᠠᠭ᠎ᠠ ᠪᠤᠯᠤᠨ ᠲᠤᠬᠠᠶ ᠶᠢᠨ ᠲᠠᠯᠠᠪᠠᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠢᠶᠠᠷ ᠪᠦᠷᠢᠯᠳᠦᠪᠡ᠃ ᠲᠤᠰ ᠤᠳᠠᠭᠠᠨ ᠤ ᠤᠷᠤᠯᠳᠤᠭᠠᠨ ᠢ 9 ᠳ᠋ᠤᠭᠡᠷ ᠰᠠᠷ᠎ᠠ ᠶᠢᠨ 12᠎ ᠤᠨ ᠡᠳᠦᠷ ᠡᠬᠢᠯᠡᠭᠦᠯᠦᠭᠰᠡᠨ ᠠᠴᠠ ᠨᠠᠰᠢ᠂ ᠨᠡᠶᠢᠲᠡ 65 ᠠᠵᠤ ᠠᠬᠤᠶᠢᠯᠠᠯ ᠪᠤᠯᠤᠨ 8 ᠶᠡᠭᠡ ᠳᠡᠭᠡᠳᠦ ᠰᠤᠷᠭᠠᠭᠤᠯᠢ ᠶᠢᠨ 175 ᠪᠦᠯᠬᠦᠮ ᠤᠨ ᠰᠢᠨ᠎ᠡ ᠶᠢ ᠡᠭᠦᠳᠬᠦ ᠠᠷᠭ᠎ᠠ ᠶᠢᠨ ᠬᠡᠷᠡᠭᠯᠡᠭᠡᠨ ᠤ ᠲᠦᠷᠦᠯ ᠵᠦᠢᠯ ᠤᠷᠤᠯᠳᠤᠭᠠᠨ ᠳᠤ ᠤᠷᠤᠯᠴᠠᠪᠠ᠃ ᠤᠷᠤᠯᠳᠤᠭᠠᠨ ᠤ ᠡᠮᠦᠨᠡᠬᠢ ᠪᠣᠯᠪᠠᠰᠤᠷᠠᠯ᠂ ᠣᠨᠣᠯ ᠤᠨ ᠰᠢᠯᠭᠠᠯᠲᠠ᠂ ᠲᠥᠷᠥᠯ ᠵᠦᠢᠯ ᠤᠨ ᠬᠠᠪᠰᠤᠷᠤᠨ ᠵᠢᠯᠤᠭᠤᠳᠤᠯᠭ᠎ᠠ᠂ ᠠᠩᠬ᠎ᠠ ᠦᠨᠡᠯᠡᠯᠲᠡ ᠵᠡᠷᠭᠡ ᠪᠠᠷ ᠳᠠᠮᠵᠢᠨ᠂ ᠨᠡᠶᠢᠲᠡ 28 ᠠᠵᠤ ᠠᠬᠤᠶᠢᠯᠠᠯ ᠤᠨ ᠤᠷᠤᠯᠳᠤᠭᠠᠨ ᠤ ᠲᠥᠷᠥᠯ ᠵᠦᠢᠯ ᠪᠣᠯᠤᠨ 15 ᠶᠡᠭᠡ ᠳᠡᠭᠡᠳᠦ ᠰᠤᠷᠭᠠᠭᠤᠯᠢ ᠶᠢᠨ ᠤᠷᠤᠯᠳᠤᠭᠠᠨ ᠤ ᠲᠦᠷᠦᠯ ᠵᠦᠢᠯ ᠨᠢ ᠰᠢᠢᠳᠪᠦᠷᠢᠲᠦ ᠤᠷᠤᠯᠳᠤᠭᠠᠨ ᠳᠤ ᠤᠷᠤᠭᠰᠠᠨ ᠪᠠᠶᠢᠨ᠎ᠠ᠃      ᠲᠤᠰ ᠤᠳᠠᠭᠠᠨ ᠤ ᠤᠷᠤᠯᠳᠤᠭᠠᠨ ᠨᠢ ᠰᠢᠨ᠎ᠡ ᠶᠢ ᠡᠭᠦᠳᠬᠦ ᠠᠷᠭ᠎ᠠ ᠶᠢ ᠮᠠᠨ ᠤ ᠣᠷᠣᠨ ᠤ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠳᠤ ᠤᠯᠠᠮᠵᠢᠯᠠᠨ ᠬᠡᠷᠡᠭᠯᠡᠬᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠪᠤᠯᠤᠨ ᠤᠶᠤᠲᠠᠳ ᠤᠨ ᠰᠢᠨ᠎ᠡ ᠶᠢ ᠡᠭᠦᠳᠬᠦ ᠤᠷᠬᠢᠯᠤᠮ᠎ᠠ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠪᠤᠢ ᠪᠤᠯᠭᠠᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠵᠤᠷᠢᠯᠭ᠎ᠠ ᠪᠠᠨ ᠪᠤᠯᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号