11 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠥᠪᠥᠷ ᠮᠣᠩᠭᠤᠯ ETC᠎ ᠶᠢ ᠪᠦᠬᠦ ᠠᠶᠢᠮᠠᠭ ᠬᠤᠳᠠ ᠳᠤ ᠨᠡᠪᠲᠡᠷᠡᠭᠦᠯᠪᠡ
ᠨᠡᠶᠢᠲᠡᠯᠡᠭᠰᠡᠨ ᠴᠠᠭ᠄
2017/11/1
      11 ᠳ᠋ᠦ᠋ᠭᠡᠷ ᠰᠠᠷ᠎ᠠ ᠶᠢᠨ 1᠎ ᠤ ᠡᠳᠦᠷ ᠤᠨ 8 ᠴᠠᠭ ᠲᠤ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠲᠦᠩᠯᠢᠶᠣᠤ ᠬᠤᠲᠠ᠂ ᠬᠥᠯᠥᠨ ᠪᠤᠶᠢᠷ ᠬᠤᠳᠠ ᠵᠡᠷᠭᠡ 5 ᠠᠶᠢᠮᠠᠭ ᠬᠤᠲᠠ ᠶᠢᠨ ᠳᠡᠭᠡᠳᠦ ᠬᠤᠷᠳᠤᠴᠠᠲᠤ ᠵᠠᠰᠠᠮᠠᠯ ᠵᠠᠮ ᠤᠨ ETC ︵ᠲᠡᠷᠭᠡ ᠵᠣᠭᠰᠣᠭ᠋ᠬᠤ ᠦᠭᠡᠢ ᠪᠠᠷ ᠰᠦᠢᠳᠬᠡᠯ ᠬᠤᠷᠢᠶᠠᠬᠤ ᠡᠯᠧᠺᠲᠷᠣᠨ ᠰᠢᠰᠲ᠋ᠧᠮ︶᠎ ᠶᠢ ᠪᠦᠬᠦ ᠣᠷᠣᠨ ᠤ ᠰᠦᠯᠵᠢᠶ᠎ᠡ ᠳᠤ ᠨᠡᠪᠲᠡᠷᠡᠭᠦᠯᠦᠨ᠎ᠡ᠂ ᠲᠤᠬᠠᠢ ᠶᠢᠨ ᠦᠶᠡᠰ ᠥᠪᠥᠷ ᠮᠣᠩᠭᠤᠯ ᠤᠨ ETC᠎ ᠨᠢ ᠵᠡᠭᠦᠨ ᠪᠠᠷᠠᠭᠤᠨ ᠬᠡᠰᠡᠭ᠂ ᠪᠦᠬᠦ ᠠᠶᠢᠮᠠᠭ ᠬᠤᠳᠠ ᠳᠤ ᠨᠡᠪᠲᠡᠷᠡᠬᠦ ᠪᠦᠭᠡᠳ ᠪᠦᠬᠦ ᠤᠯᠤᠰ ᠤᠨ ᠳᠡᠭᠡᠳᠦ ᠬᠤᠷᠳᠤᠴᠠᠲᠤ ᠵᠠᠰᠠᠮᠠᠯ ᠵᠠᠮ ᠤᠨ ᠰᠦᠯᠵᠢᠶᠡᠨ ᠳᠤ ᠬᠤᠯᠪᠣᠵᠤ ᠰᠦᠢᠳᠬᠡᠯ ᠬᠤᠷᠢᠶᠠᠬᠤ ᠪᠣᠯᠣᠨ᠎ᠠ᠃ ᠥᠪᠥᠷ ᠮᠣᠩᠭᠤᠯ ETC᠎ ᠶᠢ ᠪᠦᠬᠦ ᠤᠯᠤᠰ ᠤᠨ ᠳᠡᠭᠡᠳᠦ ᠬᠤᠷᠳᠤᠴᠠᠲᠤ ᠵᠠᠰᠠᠮᠠᠯ ᠵᠠᠮ ᠤᠨ ᠰᠦᠯᠵᠢᠶᠡᠨ ᠳᠤ ᠬᠤᠯᠪᠣᠵᠤ ᠰᠦᠢᠳᠬᠡᠯ ᠬᠤᠷᠢᠶᠠᠬᠤ ᠶᠠᠪᠤᠳᠠᠯ ᠨᠢ᠂ ᠥᠪᠥᠷ ᠮᠣᠩᠭᠤᠯ ᠭᠠᠵᠠᠷ ᠪᠦᠬᠦᠨ ᠳᠤ ᠰᠠᠭᠠᠳ ᠦᠭᠡᠢ ᠨᠡᠪᠲᠡᠷᠡᠵᠦ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠵᠢᠴᠢ ᠬᠥᠷᠰᠢ ᠵᠡᠷᠭᠡᠯᠡᠳᠡᠭᠡ ᠮᠤᠵᠢ ᠣᠷᠣᠨ ᠯᠤᠭ᠎ᠠ ᠭᠦᠨᠵᠡᠭᠡᠶ ᠠᠭᠤᠰᠤᠯᠴᠠᠬᠤ ᠶᠢ ᠠᠬᠢᠭᠤᠯᠬᠤ ᠪᠣᠯᠣᠨ᠎ᠠ᠃ 2015 ᠣᠨ ᠠᠴᠠ ᠨᠠᠰᠢ᠂ ᠥᠪᠥᠷ ᠮᠣᠩᠭᠤᠯ ᠤᠨ ᠳᠡᠭᠡᠳᠦ ᠬᠤᠷᠳᠤᠴᠠᠲᠤ ᠵᠠᠰᠠᠮᠠᠯ ᠵᠠᠮ ᠤᠨ ᠰᠦᠯᠵᠢᠶᠡᠨ ᠳᠤ ᠬᠤᠯᠪᠣᠵᠤ ᠰᠦᠢᠳᠬᠡᠯ ᠬᠤᠷᠢᠶᠠᠬᠤ ᠶᠢ ᠳ᠋ᠦᠩᠨᠡᠨ ᠪᠤᠳᠦᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠭᠲᠠᠭᠠᠭᠰᠠᠨ ︽ᠨᠢᠭᠡᠳᠦᠯᠲᠡᠶ ᠲᠥᠯᠥᠪᠵᠢᠭᠦᠯᠬᠦ᠂ ᠨᠢᠭᠡ ᠤᠳᠠᠭ᠎ᠠ ᠳᠤ ᠵᠢᠷᠤᠵᠤ ᠲᠥᠯᠥᠪᠯᠡᠬᠦ᠂ ᠠᠯᠬᠤᠮ ᠬᠤᠪᠢᠶᠠᠨ ᠬᠡᠷᠡᠭᠵᠢᠭᠦᠯᠬᠦ᠂ ᠢᠳᠡᠭ ᠢᠳᠡᠭ ᠢᠶᠠᠷ ᠰᠦᠯᠵᠢᠶᠡᠨ ᠳᠤ ᠬᠤᠯᠪᠤᠬᠤ︾ ᠵᠠᠷᠴᠢᠮ ᠶᠣᠰᠣᠭᠠᠷ᠂ ᠳᠤᠮᠳᠠ ᠪᠠ ᠪᠠᠷᠠᠭᠤᠨ ᠪᠡᠶ᠎ᠡ ᠶᠢᠨ ᠳᠡᠭᠡᠳᠦ ᠬᠤᠷᠳᠤᠴᠠᠲᠤ ᠵᠠᠰᠠᠮᠠᠯ ᠵᠠᠮ ᠤᠨ ᠰᠦᠯᠵᠢᠶᠡᠨ ᠳᠤ ᠬᠤᠯᠪᠣᠵᠤ ᠰᠦᠢᠳᠬᠡᠯ ᠬᠤᠷᠢᠶᠠᠬᠤ ETC᠎ ᠶᠢ ᠤᠷᠢᠳᠴᠢᠯᠠᠨ ᠪᠠᠶᠢᠭᠤᠯᠵᠠᠢ᠃ ᠡᠨᠡ ᠬᠦ ᠰᠠᠭᠤᠷᠢᠨ ᠳᠡᠭᠡᠷ᠎ᠡ᠂ ᠲᠤᠰ ᠲᠥᠪ ᠨᠢ ᠪᠠᠰᠠ ᠬᠥᠯᠥᠨ ᠪᠤᠶᠢᠷ ᠬᠤᠳᠠ ᠵᠡᠷᠭᠡ ᠵᠡᠭᠦᠨ ᠪᠡᠶ᠎ᠡ ᠶᠢᠨ ᠭᠠᠵᠠᠷ ᠣᠷᠣᠨ ᠤ 5 ᠠᠶᠢᠮᠠᠭ ᠬᠤᠲᠠ ᠳᠤ ᠳᠡᠭᠡᠳᠦ ᠬᠤᠷᠳᠤᠴᠠᠲᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠰᠢᠰᠲ᠋ᠧᠮ ᠂ ᠬᠢᠨᠠᠨ ᠡᠵᠡᠮᠰᠢᠬᠦ ᠰᠢᠰᠲ᠋ᠧᠮ᠂ ᠴᠢᠮᠡᠭᠡ ᠬᠤᠯᠪᠣᠭᠠᠨ ᠤ ᠰᠢᠰᠲ᠋ᠧᠮ ᠤᠨ ᠰᠦᠯᠵᠢᠶᠡᠵᠢᠯᠳᠡ ᠶᠢ ᠥᠭᠡᠷᠡᠴᠢᠯᠡᠨ ᠵᠠᠰᠠᠬᠤ ᠵᠢᠴᠢ ETC ᠪᠠᠶᠢᠭᠤᠯᠤᠯᠲᠠ ᠶᠢ ᠱᠠᠯᠠᠪᠳᠠᠨ ᠠᠳᠬᠤᠵᠤ᠂ 2017 ᠣᠨ ᠤ 10 ᠳ᠋ᠤᠭᠠᠷ ᠰᠠᠷ᠎ᠠ ᠶᠢᠨ 25᠎ ᠤ ᠡᠳᠦᠷ ᠠᠴᠠ ᠲᠤᠷᠰᠢᠵᠤ ᠠᠵᠢᠯᠯᠠᠭᠤᠯᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号