ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2017/11/10
      ᠤᠯᠠᠭᠠᠨᠬᠠᠳᠠ ᠬᠤᠲᠠ ᠬᠠᠤᠯᠢ ᠴᠠᠭᠠᠵᠠ ᠶᠢᠨ ᠴᠠᠭᠳᠠᠭ᠎ᠠ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠶᠢᠨ ᠲᠤᠯᠠᠳᠠ᠂ 11 ᠳ᠋ᠤᠭᠡᠷ ᠰᠠᠷ᠎ᠠ ᠶᠢᠨ 6᠎ ᠤ ᠡᠳᠦᠷ᠂ ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ  ᠎ ᠨᠢ ᠤᠯᠠᠭᠠᠨᠬᠠᠳᠠ ᠶᠢᠨ ᠠᠵᠤ ᠦᠶᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠠᠶᠢᠭᠤᠯᠤᠭᠳᠠᠵᠤ᠂ ᠪᠥᠬᠦ ᠬᠤᠲᠠ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠠᠩᠬᠢ ᠨᠢ ᠬᠠᠮᠲᠤᠳᠠ ᠰᠤᠷᠤᠯᠴᠠᠯᠭ᠎ᠠ ᠪᠠᠨ ᠡᠬᠢᠯᠡᠬᠦᠯᠪᠡ᠃      ᠶᠣᠰᠣᠯᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠪᠠᠶᠢᠴᠠᠭᠠᠬᠤ ᠬᠤᠷᠢᠶ᠎ᠠ ᠪᠣᠯᠤᠨ ᠤᠯᠠᠭᠠᠨᠬᠠᠳᠠ ᠶᠢᠨ ᠠᠵᠤ ᠦᠶᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠠᠷ ᠬᠠᠮᠲᠤᠷᠠᠯᠴᠠᠭ᠎ᠠ ᠶᠢᠨ ᠵᠦᠪᠳᠡᠯᠴᠡᠭᠡᠷ ᠲᠤ ᠬᠠᠮᠲᠤᠪᠡᠷ ᠭᠠᠷ ᠤᠨ ᠦᠰᠦᠭ ᠵᠢᠷᠤᠭᠰᠠᠨ ᠤ ᠬᠠᠮᠲᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠢᠯᠡᠷᠭᠡᠶᠢᠯᠡᠯ ᠢ ᠰᠡᠬᠦᠪᠡ᠃ ᠲᠤᠰ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠠᠶᠢᠭᠤᠯᠤᠭᠳᠠᠭᠰᠠᠨ ᠨᠢ᠂ ᠪᠥᠬᠦ ᠬᠤᠲᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠰᠤᠷᠭᠠᠨ ᠬᠥᠮᠦᠵᠢᠯ ᠤᠨ ᠪᠤᠯᠪᠠᠰᠤᠷᠠᠭᠤᠯᠤᠯ ᠢ ᠪᠠᠶᠢᠩᠭᠤᠵᠢᠭᠤᠯᠬᠤ ᠳᠤ ᠴᠢᠬᠤᠯᠠ ᠲᠠᠪᠴᠠᠩ ᠬᠠᠨᠭ᠍ᠭᠠᠵᠤ᠂ ᠬᠠᠤᠯᠢ ᠴᠠᠭᠠᠵᠠ ᠶᠢᠨ ᠴᠠᠭᠳᠠᠭ᠎ᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠴᠠᠭᠳᠠᠭ᠎ᠠ ᠶᠢᠨ ᠳᠠᠶᠢᠴᠢᠨ ᠬᠦᠴᠦᠨ ᠢ ᠨᠡᠮᠡᠭᠳᠡᠭᠦᠯᠬᠦ ᠳᠤ ᠪᠦᠲᠦᠮᠵᠢᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠪᠥᠬᠦ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠬᠠᠤᠯᠢ ᠴᠠᠭᠠᠵᠠ ᠶᠢᠨ ᠴᠠᠭᠳᠠᠭ᠎ᠠ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠠᠩᠬᠢ ᠨᠢ ᠪᠦᠷᠢᠨ ᠪᠢᠲᠡᠭᠦᠮᠵᠢᠯᠡᠨ ᠲᠥᠪᠯᠡᠷᠡᠭᠦᠯᠦᠨ ᠪᠤᠯᠪᠠᠰᠤᠷᠠᠭᠤᠯᠬᠤ ᠵᠠᠭᠪᠤᠷᠰᠢᠯ ᠢᠶᠠᠷ 15 ᠡᠳᠦᠷ ᠶᠠᠪᠤᠭᠳᠠᠨ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ 50 ᠭᠠᠷᠤᠶ ᠬᠠᠤᠯᠢ ᠴᠠᠭᠠᠵᠠ ᠶᠢᠨ ᠴᠠᠭᠳᠠᠭ᠎ᠠ ᠡᠨᠡ ᠤᠳᠠᠭᠠᠨ ᠤ ᠪᠤᠯᠪᠠᠰᠤᠷᠠᠭᠤᠯᠤᠯ ᠳᠤ ᠤᠷᠤᠯᠴᠠᠵᠠᠢ᠂ ᠪᠤᠯᠪᠠᠰᠤᠷᠠᠭᠤᠯᠤᠯ ᠢᠶᠠᠷ ᠳᠠᠮᠵᠢᠭᠤᠯᠤᠨ ᠡᠷᠳᠡᠮ ᠴᠢᠳᠠᠪᠤᠷᠢ ᠪᠠᠨ ᠨᠡᠮᠡᠭᠳᠡᠭᠦᠯᠦᠨ᠂ ᠪᠡᠶ᠎ᠡ ᠮᠠᠬᠠᠪᠣᠳ ᠢᠶᠠᠨ ᠴᠢᠬᠢᠷᠠᠭᠵᠢᠭᠤᠯᠤᠨ᠂ ᠮᠡᠷᠭᠡᠵᠢᠯ ᠴᠢᠳᠠᠪᠤᠷᠢ ᠪᠠᠨ ᠳᠡᠭᠡᠭᠰᠢᠯᠡᠬᠦᠯᠦᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠬᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号