ᠯᠢ ᠵᠢᠢ ᠾᠧᠩ ᠲᠦᠷᠪᠡᠳ ᠬᠤᠰᠢᠭᠤᠨ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ‌‍ᠲ᠋ᠠᠶᠢᠯᠪᠤᠷᠢᠯᠠᠪᠠ
ᠨᠡᠶᠢᠲᠡᠯᠡᠭᠰᠡᠨ ᠴᠠᠭ᠄
2017/11/13
     11 ᠳ᠋ᠦ᠋ᠭᠡᠷ ᠰᠠᠷ᠎ᠠ ᠶᠢᠨ 11᠎ ᠠᠴᠠ 12᠎ ᠤᠨ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠤᠯᠠᠭᠠᠨᠴᠠᠪ ᠬᠤᠳᠠ ᠶᠢᠨ ᠲᠦᠷᠪᠡᠳ ᠬᠤᠰᠢᠭᠤᠨ ᠳᠤ ᠬᠦᠷᠴᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠨᠴᠤᠢ ᠰᠢᠮᠡᠯᠡᠨ ᠴᠢᠷᠮᠠᠶᠢᠨ ᠠᠵᠢᠯᠯᠠᠵᠤ᠂ ᠶᠠᠳᠠᠭᠤ ᠠᠴᠠ ᠠᠩᠬᠢᠵᠢᠷᠠᠨ ᠪᠠᠶᠠᠵᠢᠵᠤ ᠴᠢᠨᠡᠭᠡᠯᠢᠭ ᠨᠡᠶᠢᠭᠡᠮ ᠳᠤ ᠤᠷᠤᠬᠤ ᠬᠡᠷᠡᠭᠳᠡᠢ ᠭᠡᠵᠡᠢ᠃      ᠲᠦᠷᠪᠡᠳ ᠬᠤᠰᠢᠭᠤ ᠪᠤᠯ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ ᠬᠤᠰᠢᠭᠤ ᠪᠣᠯᠬᠤ ᠪᠦᠭᠡᠳ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠮᠠᠰᠢ ᠬᠦᠨᠳᠦ ᠪᠠᠶᠢᠳᠠᠭ᠃ 11᠎ ᠤ ᠡᠳᠦᠷ ᠤᠨ ᠦᠷᠯᠦᠭᠡ᠂ ᠯᠢ ᠵᠢᠢ ᠾᠧᠩ ᠤᠷᠢᠳ ᠬᠤᠵᠢᠳ ᠦᠪᠦᠷ ᠮᠤᠩᠭᠤᠯ ᠤᠨ ᠮᠤᠤ ᠰᠧᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠬᠢᠵᠠᠭᠠᠷᠳᠦ ᠺᠤᠮᠫᠠᠨᠢ ᠶᠢᠨ ᠴᠢᠬᠢ ᠮᠤᠳᠤᠨ ᠤ ᠰᠠᠭᠤᠷᠢᠨ᠂ ᠲᠦᠷᠪᠡᠳ ᠬᠤᠰᠢᠭᠤᠨ ᠤ ᠦᠨᠳᠦᠰᠦᠳᠡᠨ ᠤ ᠠᠷᠠᠯᠵᠢᠶ᠎ᠠ ᠶᠢᠨ ᠬᠢᠵᠠᠭᠠᠷᠳᠤ ᠬᠠᠷᠢᠭᠤᠴᠠᠯᠭᠠᠳᠦ ᠺᠤᠮᠫᠠᠨᠢ ᠶᠢᠨ ᠦᠢᠯᠡᠳᠪᠦᠷᠢᠯᠡᠯ ᠤᠨ ᠲᠠᠰᠤᠭ ᠢᠶᠠᠷ ᠬᠦᠷᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠪᠠ ᠶᠠᠳᠠᠭᠤ ᠬᠦᠴᠢᠷᠳᠡᠯᠳᠡᠢ ᠡᠷᠦᠭᠡ ᠶᠢ ᠲᠠᠶᠢᠴᠢᠯᠠᠨ ᠶᠠᠳᠠᠭᠤ ᠠᠴᠠ ᠠᠩᠬᠢᠵᠢᠷᠠᠭᠤᠯᠤᠨ ᠴᠢᠨᠡᠭᠡᠯᠢᠭᠵᠢᠭᠦᠯᠵᠤ ᠪᠠᠶᠢᠭ᠎ᠠ ᠪᠠᠶᠢᠳᠠᠯ ᠢ ᠨᠠᠷᠢᠨ ᠤᠶᠢᠯᠠᠭᠠᠪᠠ᠃ ᠲᠡᠷᠡ᠂ ᠠᠵᠤ ᠦᠢᠯᠡᠰ ᠪᠤᠯ ᠬᠦᠭᠵᠢᠯᠳᠡ ᠶᠢᠨ ᠰᠠᠭᠤᠷᠢ ᠪᠤᠯᠬᠤ ᠪᠦᠭᠡᠳ ᠪᠠᠰᠠ ᠶᠠᠳᠠᠭᠤ ᠠᠴᠠ ᠠᠩᠬᠢᠵᠢᠷᠠᠭᠤᠯᠬᠤ ᠭᠤᠤᠯ ᠲᠦᠰᠢᠭ ᠪᠤᠯᠤᠨ᠎ᠠ᠂ ᠡᠷᠬᠡᠪᠰᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠨ᠂ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠶᠢ ᠣᠨᠣᠪᠴᠢᠲᠠᠢ ᠪᠠᠷ ᠠᠬᠢᠭᠤᠯᠵᠤ᠂ ᠤᠨᠴᠠᠯᠢᠬᠲᠦ ᠲᠠᠪᠠᠭᠤᠯᠢᠬᠳᠦ ᠠᠵᠤ ᠦᠢᠯᠡᠰ ᠢ ᠶᠡᠭᠡᠪᠡᠷ ᠬᠦᠭᠵᠢᠭᠦᠯᠦᠨ᠂ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠳᠡ ᠶᠢᠨ ᠰᠢᠨ᠎ᠠ ᠬᠡᠯᠪᠡᠷᠢ ᠶᠢᠨ ᠭᠤᠤᠯ ᠴᠤᠬᠴᠠ ᠶᠢ ᠪᠤᠶᠢᠵᠢᠭᠤᠯᠵᠤ᠂ ᠲᠠᠷᠢᠶᠠᠴᠢᠨ ᠪᠤᠯᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠨ ᠤ ᠲᠤᠬᠳᠠᠴᠠ ᠶᠢ ᠲᠡᠭᠦᠯᠳᠡᠷᠵᠢᠭᠦᠯᠦᠨ᠂ ᠶᠠᠳᠠᠭᠤ ᠬᠦᠴᠢᠷᠳᠡᠯᠳᠡᠢ ᠬᠦᠮᠦᠨ ᠠᠮᠠ ᠳᠤ ᠠᠵᠤ ᠦᠢᠯᠡᠰ ᠤᠨ ᠬᠦᠭᠵᠢᠯᠳᠡ ᠶᠢᠨ ᠦᠷ᠎ᠠ ᠠᠰᠢᠭ ᠢ ᠨᠡᠩ ᠢᠯᠡᠭᠦᠦ ᠬᠦᠷᠲᠡᠭᠡᠵᠦ᠂ ᠦᠪᠡᠷ ᠢ ᠪᠠᠨ ᠬᠦᠭᠵᠢᠭᠦᠯᠬᠦ ᠴᠢᠳᠠᠪᠤᠷᠢ ᠶᠢ ᠨᠢ ᠴᠢᠩᠭᠠᠳᠬᠠᠬᠤ ᠬᠡᠷᠡᠭᠳᠡᠢ ᠬᠡᠪᠡ᠃   ᠲᠤᠰ ᠡᠳᠦᠷ ᠤᠨ ᠦᠳᠡ ᠶᠢᠨ ᠬᠤᠶᠢᠨ᠎ᠠ᠂ ᠯᠢ ᠵᠢᠢ ᠾᠧᠩ ᠬᠦᠷᠢᠶᠡᠳᠤ ᠰᠢᠶᠠᠩ ᠤᠨ ᠴᠤᠬᠠᠦ᠋ᠨᠳᠦᠷ ᠲᠤᠰᠬᠤᠨ ᠳᠤ ᠢᠷᠡᠵᠤ᠂ ᠤᠷᠢᠳ ᠬᠤᠵᠢᠳ ᠪᠠᠢ ᠶᠦᠩ ᠱᠧᠩ᠂ ᠮᠠ ᠹᠦ᠋ ᠴᠧᠩ᠂ ᠯᠦᠸᠧ ᠶᠢᠩ ᠵᠡᠷᠭᠡ 3 ᠶᠠᠳᠠᠭᠤ ᠬᠦᠴᠢᠷᠳᠡᠯᠳᠡᠢ ᠡᠷᠦᠭᠡ ᠳᠤ ᠣᠴᠢᠪᠠ᠃ ᠯᠢ ᠵᠢᠢ ᠾᠧᠩ ᠬᠠᠨᠵᠤᠨ ᠲᠡᠭᠡᠷ᠎ᠠ ᠰᠠᠭᠤᠵᠤ ᠤᠯᠠᠨ ᠲᠠᠢ ᠲᠤᠳᠤᠨᠤ ᠪᠠᠷ ᠶᠠᠷᠢᠯᠴᠠᠵᠤ᠂ ᠲᠡᠳᠡᠨ ᠤ ᠶᠠᠳᠠᠭᠤᠷᠠᠬᠰᠠᠨ ᠰᠢᠯᠳᠠᠭᠠᠨ᠂ ᠬᠡᠷ ᠪᠦᠯᠢ ᠶᠢᠨ ᠤᠷᠤᠯᠭ᠎ᠠ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠵᠡᠷᠭᠡ ᠶᠢ ᠨᠠᠷᠢᠨ ᠨᠢᠮᠪᠠᠢ ᠤᠶᠢᠯᠠᠭᠠᠵᠤ᠂ ᠲᠡᠳᠡᠨ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠢᠭᠤᠷᠳᠠᠨ ᠤᠬᠠᠭᠤᠯᠤᠨ ᠲᠠᠶᠢᠯᠪᠤᠷᠢᠯᠠᠵᠤ᠂ ᠲᠡᠳᠡᠨ ᠢ ᠶᠠᠳᠠᠭᠤ ᠠᠴᠠ ᠠᠩᠬᠢᠵᠢᠷᠠᠨ ᠪᠠᠶᠠᠵᠢᠵᠤ ᠴᠢᠨᠡᠭᠡᠯᠢᠭ ᠨᠡᠶᠢᠭᠡᠮ ᠳᠤ ᠤᠷᠤᠬᠤ ᠢᠳᠡᠭᠡᠯ ᠵᠤᠷᠢᠭ ᠢᠶᠠᠨ ᠪᠠᠳᠤᠳᠬᠠᠬᠤ ᠬᠡᠷᠡᠭᠲᠡᠢ ᠬᠡᠵᠤ ᠵᠤᠷᠢᠬᠵᠢᠭᠤᠯᠪᠠ᠃ ᠯᠢ ᠵᠢᠢ ᠾᠧᠩ ᠲᠤᠰᠬᠤᠨ ᠳᠤ ᠰᠠᠭᠤᠭ᠎ᠠ ᠺᠠᠳ᠋ᠷ ᠤᠨ ᠠᠵᠢᠯ ᠠᠮᠢᠳᠤᠷᠠᠯ ᠤᠨ ᠪᠠᠶᠢᠳᠠᠯ ᠢ ᠲᠦᠢᠯ ᠢᠶᠠᠷ ᠬᠠᠯᠠᠮᠵᠢᠯᠠᠵᠤ ᠪᠠᠶᠢᠯ᠎ᠠ᠂ ᠲᠡᠳᠡᠨ ᠤ ᠢᠳᠡᠵᠤ ᠤᠤᠭᠤᠬᠤ ᠬᠤᠨᠤᠵᠤ ᠬᠡᠪᠳᠡᠭᠦ ᠨᠢ ᠪᠠᠳᠤᠯᠠᠭ᠎ᠠ ᠲᠠᠢ ᠪᠠᠶᠢᠬᠤ ᠶᠢ ᠤᠶᠢᠯᠠᠭᠠᠵᠤ ᠮᠡᠳᠡᠭᠡᠳ ᠲᠡᠷᠡ ᠮᠠᠰᠢ ᠪᠠᠶᠠᠷᠯᠠᠪᠠ᠃ ᠲᠡᠷᠡ ᠤᠯᠠᠨ ᠲᠦᠮᠡᠨ ᠲᠠᠢ ᠪᠤᠳᠤᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠵᠤ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠤᠯᠠᠨ ᠲᠦᠮᠡᠨ ᠢ ᠬᠠᠪᠰᠤᠷᠤᠨ ᠶᠠᠳᠠᠭᠤ ᠠᠴᠠ ᠠᠩᠬᠢᠵᠢᠷᠠᠭᠤᠯᠵᠤ ᠴᠢᠨᠡᠭᠡᠯᠢᠭᠵᠢᠭᠦᠯᠭᠦ ᠬᠡᠷᠡᠭᠳᠡᠢ ᠬᠡᠵᠤ ᠤᠯᠠᠨ ᠢ ᠵᠤᠷᠢᠬᠵᠢᠭᠤᠯᠪᠠ᠃      12᠎ ᠤᠨ ᠡᠳᠦᠷ ᠤᠨ ᠦᠳᠡ ᠶᠢᠨ ᠡᠮᠦᠨ᠎ᠠ᠂ ᠯᠢ ᠵᠢᠢ ᠾᠧᠩ ᠶᠡᠭᠡ ᠲᠦᠷᠭᠡᠨ ᠭᠤᠤᠯ ᠰᠢᠶᠠᠩ ᠤᠨ ᠵᠠᠰᠠᠭ ᠤᠨ ᠤᠷᠳᠤᠨ ᠤ ᠬᠤᠷᠠᠯ ᠤᠨ ᠬᠡᠷ ᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠲᠦᠯᠦᠭᠡᠯᠡᠭᠴᠢ᠂ ᠲᠦᠷᠪᠡᠳ ᠬᠤᠰᠢᠭᠤᠨ ᠤ ᠴᠠᠭᠠᠨᠪᠤᠯᠠᠭ ᠰᠤᠮᠤ ᠶᠢᠨ ᠪᠠᠶᠠᠨ ᠭᠠᠴᠠᠭ᠎ᠠ ᠶᠢᠨ ᠨᠠᠮ ᠤᠨ ᠡᠭᠦᠷ ᠤᠨ ᠱᠦᠵᠢ ᠪᠦᠬᠡᠴᠢᠯᠠᠭᠤ᠂ ᠶᠡᠭᠡ ᠲᠦᠷᠭᠡᠨ ᠭᠤᠤᠯ ᠰᠢᠶᠠᠩ ᠤᠨ ᠶᠠᠩ ᠶᠢᠤ ᠹᠠᠩ ᠲᠤᠰᠬᠤᠨ ᠤ ᠨᠢᠭᠡᠳᠦᠭᠡᠷ ᠱᠦᠵᠢ ᠯᠢᠦ ᠹᠠᠩ᠂ ᠤᠯᠠᠭᠠᠨᠬᠤᠸᠠ ᠪᠠᠯᠭᠠᠰᠦ ᠶᠢᠨ ᠵᠢᠶᠧ ᠹᠠᠩ ᠨᠡᠶᠢᠭᠡᠮ ᠲᠤᠭᠤᠷᠢᠭ ᠤᠨ ᠱᠦᠵᠢ ᠸᠠᠩ ᠶᠦᠩ᠂ ᠶᠡᠭᠡ ᠲᠦᠷᠭᠡᠨ ᠭᠤᠤᠯ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠸᠠᠩ ᠬᠠᠢ ᠵᠢᠶᠦ᠋ᠨ᠂ ᠲᠦᠷᠪᠡᠳ ᠬᠤᠰᠢᠭᠤᠨ ᠤ ᠵᠦᠩ ᠵᠢᠶᠠ ᠲᠠᠷᠢᠶᠠᠯᠠᠩ ᠤᠨ ᠰᠢᠨᠵᠢᠯᠡᠭᠦ ᠤᠬᠠᠭᠠᠨ ᠮᠡᠷᠭᠡᠵᠢᠯ ᠤᠨ ᠨᠡᠭᠡᠭᠡᠨ ᠬᠦᠭᠵᠢᠭᠦᠯᠤᠯᠳᠡ ᠶᠢᠨ ᠬᠢᠵᠠᠭᠠᠷᠳᠤ ᠺᠤᠮᠫᠠᠨᠢ ᠶᠢᠨ ᠨᠠᠮ ᠤᠨ ᠡᠭᠦᠷ ᠤᠨ ᠱᠦᠵᠢ᠂ ᠬᠡᠷᠡᠭ ᠮᠡᠳᠡᠭᠴᠢᠳ ᠤᠨ ᠲᠠᠷᠤᠭ᠎ᠠ ᠴᠢᠨ ᠬᠦᠸᠧ ᠬᠤᠸᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠭᠤᠷᠢᠨ ᠳᠤ ᠤᠷᠢᠳ ᠬᠤᠵᠢᠳ ᠦᠭᠡ ᠬᠡᠯᠡᠪᠡ᠃ ᠯᠢ ᠵᠢᠢ ᠾᠧᠩ ᠤᠯᠠᠨ ᠤ ᠬᠡᠯᠡᠭᠰᠡᠨ ᠢ ᠨᠠᠷᠢᠨ ᠬᠢᠨᠠᠮᠠᠭᠠᠢ ᠰᠤᠨᠤᠰᠬᠤ ᠶᠢᠨ ᠲᠠᠭᠠᠤ ᠲᠡᠳᠡᠨ ᠲᠠᠢ ᠪᠠᠶᠢᠨ ᠪᠠᠶᠢᠨ ᠰᠠᠨᠠᠯ ᠢᠶᠠᠨ ᠰᠤᠯᠢᠯᠴᠠᠵᠤ ᠪᠠᠶᠢᠯ᠎ᠠ᠃      ᠲᠠᠷᠠᠭ᠎ᠠ ᠨᠢ᠂ ᠯᠢ ᠵᠢᠢ ᠾᠧᠩ ᠲᠦᠭᠦᠮ ᠤᠶᠢᠯᠠᠭᠠᠮᠵᠢᠳᠡᠢ ᠦᠭᠡ ᠬᠡᠯᠡ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠲᠡᠷᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯ ᠮᠠᠨ ᠤ ᠨᠠᠮ ᠪᠤᠯᠤᠨ ᠤᠯᠤᠰ ᠤᠨ ᠲᠡᠤᠭᠡᠨ ᠳᠠᠬᠢ ᠴᠠᠭ ᠦᠶ᠎ᠠ ᠶᠢ ᠵᠠᠭᠠᠬᠯᠠᠬᠰᠠᠨ ᠪᠠ ᠬᠦᠰᠢᠶ᠎ᠠ ᠲᠤᠷᠠᠰᠬᠠᠯ ᠤᠨ ᠠᠴᠢ ᠬᠤᠯᠪᠤᠬᠳᠠᠯ ᠲᠠᠢ ᠨᠢᠭᠡ ᠤᠳᠠᠭ᠎ᠠ ᠶᠢᠨ ᠦᠪᠡᠳᠡᠭᠰᠢ ᠬᠤᠷᠠᠯ ᠪᠤᠯᠤᠨ᠎ᠠ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠪᠠᠷ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠰᠤᠷᠤᠯᠴᠠᠨ ᠮᠡᠳᠡᠭᠦ ᠨᠡᠪᠳᠡᠷᠡᠳᠡᠯ᠎ᠠ ᠤᠶᠢᠯᠠᠭᠠᠬᠤ ᠪᠤᠳᠠᠳᠠᠶᠢᠵᠢᠭᠤᠯᠬᠤ ᠲᠡᠭᠡᠷ᠎ᠠ ᠬᠦᠴᠦ ᠤᠷᠤᠭᠤᠯᠬᠤ ᠪᠠ ︽ᠠᠷᠪᠠᠨ ᠲᠠᠯ᠎ᠠ ᠪᠠᠷ ᠬᠦᠨᠵᠡᠭᠡᠢ ᠤᠶᠢᠯᠠᠭᠠᠬᠤ︾ ︽ᠵᠢᠷᠭᠤᠭᠠᠨ ᠵᠦᠢᠯ ᠳᠤ ᠠᠩᠬᠠᠷᠤᠯ ᠢᠶᠠᠨ ᠲᠦᠪᠯᠡᠷᠡᠭᠦᠯᠭᠦ︾ ᠵᠡᠷᠭᠡ ᠴᠢᠬᠤᠯᠠ ᠱᠠᠭᠠᠷᠳᠠᠯᠭ᠎ᠠ ᠶᠢᠨ ᠲᠤᠭᠤᠷᠢᠨ ᠳᠤ ᠨᠠᠮ ᠤᠨ ᠬᠡᠰᠢᠭᠦᠨ ᠺᠠᠳ᠋ᠷ ᠤᠯᠠᠨ ᠲᠦᠮᠡᠨ ᠢ ᠬᠦᠳᠦᠯᠦᠨ ᠵᠢᠯᠤᠭᠤᠳᠴᠤ ᠪᠠᠶᠢᠭᠠᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠪᠠ ᠨᠠᠮ ᠤᠨ ᠲᠦᠷᠢᠮ ᠤᠨ ᠤᠭ ᠵᠤᠬᠢᠶᠠᠯ ᠢ ᠲᠡᠷᠡ ᠬᠡᠪ ᠢᠶᠠᠷ ᠨᠢ ᠰᠤᠷᠤᠯᠴᠠᠨ ᠤᠶᠢᠯᠠᠭᠠᠵᠤ᠂ ᠬᠦᠨᠵᠡᠭᠡᠢ ᠰᠤᠷᠤᠯᠴᠠᠨ ᠨᠡᠪᠳᠡᠷᠡᠳᠡᠯ᠎ᠠ ᠤᠶᠢᠯᠠᠭᠠᠵᠤ᠂ ᠲᠤᠤᠱᠳᠠᠢ ᠨᠠᠶᠢᠳᠠᠪᠤᠷᠢᠵᠢᠭᠤᠯᠤᠨ ᠲᠤᠤᠱᠯᠠᠭᠤᠯᠵᠤ᠂ ᠰᠡᠳᠬᠢᠯ ᠳᠡᠭᠡᠨ ᠬᠠᠳᠠᠩᠰᠢᠭᠤᠯᠤᠨ᠂ ᠠᠵᠢᠯᠯᠠᠭ᠎ᠠ ᠳᠠᠭᠠᠨ ᠢᠯᠡᠷᠡᠭᠦᠯᠭᠦ ᠬᠡᠷᠡᠭᠳᠡᠢ ᠬᠡᠪᠡ᠃        ᠯᠢ ᠵᠢᠢ ᠾᠧᠩ ᠵᠢᠭᠠᠬᠤ ᠳᠠᠭᠠᠨ᠂ ᠲᠦᠷᠪᠡᠳ ᠬᠤᠰᠢᠭᠤᠨ ᠳᠤ ᠠᠪᠴᠤ ᠬᠡᠯᠡᠪᠡᠯ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠤ ᠢᠯᠠᠯᠳᠠ ᠶᠢ ᠤᠯᠬᠤ ᠳᠤ᠂ ᠤᠳᠤᠬᠠᠨ ᠤ ᠬᠠᠮᠤᠭ ᠤᠨ ᠴᠢᠬᠤᠯᠠ ᠵᠦᠢᠯ ᠪᠤᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠳᠦ ᠲᠠᠶᠢᠯᠠᠯᠳᠤᠭᠠᠨ ᠤ ᠢᠯᠠᠯᠳᠠ ᠶᠢ ᠤᠯᠬᠤ ᠶᠠᠪᠤᠳᠠᠯ ᠪᠤᠯᠤᠨ᠎ᠠ᠃ ᠬᠠᠷᠢᠭᠤᠴᠠᠯᠭ᠎ᠠ ᠶᠢᠨ ᠡᠷᠬᠢ ᠱᠤᠷᠠᠭ ᠢᠶᠠᠨ ᠴᠢᠨᠠᠬᠰᠢᠳᠠ ᠴᠢᠩᠭᠠᠯᠠᠵᠤ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠡᠶᠢᠳᠡᠪᠦᠷᠢᠵᠢᠭᠤᠯᠵᠤ᠂ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢ ᠶᠡᠭᠡᠪᠡᠷ ᠬᠡᠷᠡᠭᠵᠢᠭᠦᠯᠦᠨ᠂ ᠠᠵᠢᠯ ᠤᠨ ᠬᠠᠮᠳᠤᠷᠠᠯ ᠤᠨ ᠬᠦᠴᠦ ᠪᠠᠨ ᠦᠨᠡᠨᠭᠦ ᠨᠢᠬᠳᠠᠷᠠᠭᠤᠯᠵᠤ᠂ ᠬᠢᠨᠠᠯᠳᠠ ᠲᠠᠯᠪᠢᠬᠤ ᠰᠠᠬᠢᠯᠭ᠎ᠠ ᠪᠠᠳᠤ ᠶᠢ ᠬᠡᠷᠡᠭᠵᠢᠭᠦᠯᠭᠦ ᠪᠠ‌‍ᠰᠢᠮᠳᠠᠭᠤᠯᠤᠨ ᠪᠠᠶᠢᠴᠠᠭᠠᠬᠤ ᠦᠷ᠎ᠠ ᠠᠰᠢᠭ ᠢ ᠲᠤᠯᠭᠠᠬᠤ ᠠᠵᠢᠯ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠪᠦᠬᠦ ᠬᠤᠰᠢᠭᠤᠨ ᠤ ᠬᠦᠴᠦ ᠪᠠᠨ ᠬᠠᠮᠳᠤᠳᠬᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠨᠡᠭᠦ ᠬᠠᠳᠠᠭᠤ ᠲᠠᠶᠢᠯᠠᠯᠳᠤᠭᠠᠨ ᠤ ᠢᠯᠠᠯᠳᠠ ᠶᠢ ᠵᠠᠪᠠᠯ ᠤᠯᠬᠤ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ ᠲᠠᠷᠤᠭ᠎ᠠ ᠯᠦᠸᠧ ᠶᠦᠩ ᠭᠠᠩ ᠪᠤᠯᠤᠨ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠤᠬᠠᠭᠤᠯᠤᠨ ᠲᠠᠶᠢᠯᠪᠤᠷᠢᠯᠠᠬᠤ ᠪᠠ ᠪᠠᠶᠢᠴᠠᠭᠠᠨ ᠰᠤᠳᠤᠯᠬᠤ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号