ᠪᠦ᠋ ᠰᠢᠶᠤᠤ ᠯᠢᠨ ᠡᠩ ᠤᠨ ᠨᠠᠮ ᠤᠨ ᠬᠡᠰᠢᠬᠦᠨ ᠤ ᠬᠤᠪᠢ ᠪᠠᠷ ᠨᠠᠮ ᠤᠨ ᠡᠬᠦᠷ ᠤᠨ ᠬᠠᠮᠳᠤ ᠶᠢᠨ ᠰᠤᠷᠤᠯᠴᠠᠯᠭ᠎ᠠ ᠳᠤ ᠤᠷᠤᠯᠴᠠᠬᠤ ᠳᠠᠭᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠵᠢᠯ ᠤᠨ ᠠᠷᠭ᠎ᠠ ᠬᠡᠮᠵᠢᠶ᠎ᠡ ᠪᠤᠯᠤᠨ ᠬᠦᠭᠵᠢᠯᠳᠡ ᠶᠢᠨ ᠦᠷ᠎ᠡ ᠪᠦᠳᠦᠭᠡᠯ ᠪᠤᠯᠭᠠᠨ ᠤᠯᠠᠷᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ
ᠨᠡᠶᠢᠲᠡᠯᠡᠭᠰᠡᠨ ᠴᠠᠭ᠄
2017/11/13
     11 ᠳ᠋ᠤᠭᠡᠷ ᠰᠠᠷ᠎ᠠ ᠶᠢᠨ 8᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠡᠩ ᠤᠨ ᠨᠠᠮ ᠤᠨ ᠬᠡᠰᠢᠬᠦᠨ ᠤ ᠬᠤᠪᠢ ᠪᠠᠷ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠨᠢᠬᠡᠳᠤᠭᠡᠷ ᠭᠠᠵᠠᠷ ᠤᠨ ᠨᠠᠮ ᠤᠨ ᠡᠬᠦᠷ ᠤᠨ ᠬᠠᠮᠳᠤ ᠶᠢᠨ ᠰᠤᠷᠤᠯᠴᠠᠯᠭ᠎ᠠ ᠶᠢᠨ ᠬᠤᠷᠡᠯ ᠳᠤ ᠤᠷᠤᠯᠴᠠᠵᠥ᠂ ᠨᠠᠮ ᠤᠨ ᠡᠭᠦᠷ ᠤᠨ ᠢᠶᠠᠨ ᠨᠦᠬᠦᠳ ᠲᠠᠢ ᠬᠠᠮᠲᠤ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠪᠠ᠃      11 ᠳ᠋ᠤᠭᠡᠷ ᠰᠠᠷ᠎ᠠ ᠶᠢᠨ 8᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠡᠩ ᠤᠨ ᠨᠠᠮ ᠤᠨ ᠬᠡᠰᠢᠬᠦᠨ ᠤ ᠬᠤᠪᠢ ᠪᠠᠷ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠨᠢᠬᠡᠳᠤᠭᠡᠷ ᠭᠠᠵᠠᠷ ᠤᠨ ᠨᠠᠮ ᠤᠨ ᠡᠬᠦᠷ ᠤᠨ ᠬᠠᠮᠳᠤ ᠶᠢᠨ ᠰᠤᠷᠤᠯᠴᠠᠯᠭ᠎ᠠ ᠶᠢᠨ ᠬᠤᠷᠡᠯ ᠳᠤ ᠤᠷᠤᠯᠴᠠᠵᠥ᠂ ︽ᠲᠦᠷᠪᠡᠨ ᠤᠬᠠᠮᠰᠠᠷ ︾᠎ ᠢ ᠪᠠᠳᠤ ᠪᠤᠢ ᠪᠤᠯᠭᠠᠵᠥ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠰᠠᠨᠠᠭ᠎ᠠ ᠪᠠᠨ ᠵᠡᠪᠰᠡᠭᠯᠡᠵᠥ᠂ ᠦᠢᠯᠡᠳᠦᠯᠬᠡ ᠪᠠᠨ ᠵᠢᠯᠤᠭᠤᠳᠤᠭᠤᠯᠵᠥ᠂ ᠠᠵᠢᠯ ᠢᠶᠠᠨ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠬᠠᠮᠳᠤ ᠶᠢᠨ ᠰᠤᠷᠤᠯᠴᠠᠯᠭ᠎ᠠ ᠶᠢᠨ ᠬᠤᠷᠡᠯ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠠᠬᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠨᠳᠦᠰᠦᠨ ᠠᠷᠭ᠎ᠠ ᠪᠤᠳᠤᠯᠭ᠎ᠠ ᠶᠢᠨ ᠠᠭᠤᠯᠭ᠎ᠠ ᠶᠢ ᠲᠡᠷᠡ ᠬᠡᠪ ᠢᠶᠠᠷ ᠨᠢ ᠰᠤᠷᠤᠯᠴᠠᠵᠥ᠂ ᠨᠠᠮ ᠤᠨ ᠡᠬᠦᠷ ᠤᠨ ᠨᠦᠬᠦᠳ ᠨᠠᠷ ᠦᠵᠡᠯ ᠰᠠᠨᠠᠭ᠎ᠠ ᠪᠤᠯᠤᠨ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠨᠢᠯᠳᠡ ᠤᠶᠢᠯᠠᠭᠠᠯᠲᠠ ᠪᠠᠨ ᠶᠠᠷᠢᠵᠤ᠂ ᠪᠦ᠋ ᠰᠢᠶᠤᠤ ᠯᠢᠨ ᠤᠯᠠᠨ ᠲᠠᠢ ᠰᠠᠨᠠᠯ ᠢᠶᠠᠨ ᠬᠦᠨᠵᠡᠬᠡᠢ ᠰᠤᠯᠢᠯᠴᠠᠪᠠ᠃      ᠪᠦ᠋ ᠰᠢᠶᠤᠤ ᠯᠢᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠤᠨ ᠠᠭᠤᠯᠤᠬᠳᠠᠬᠤᠨ ᠪᠠᠶᠠᠯᠢᠭ᠂ ᠦᠷᠬᠡᠨ ᠬᠦᠨᠵᠡᠬᠡᠢ ᠤᠳᠬ᠎ᠠ ᠰᠠᠨᠠᠭ᠎ᠠ ᠲᠠᠢ ᠶᠤᠮ᠂ ᠤᠩᠰᠢᠬᠤ ᠪᠤᠯᠭᠠᠨ᠂ ᠰᠤᠷᠤᠯᠴᠠᠬᠤ ᠪᠤᠯᠭᠠᠨ ᠪᠦᠷ ᠰᠢᠨ᠎ᠡ ᠲᠠᠨᠢᠯᠳᠡ ᠪᠤᠯᠤᠨ ᠤᠯᠤᠯᠳᠠ ᠲᠠᠢ ᠪᠤᠯᠳᠠᠭ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠦᠭ ᠰᠦᠨᠡᠰᠦ ᠮᠥᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠵᠥ ᠰᠠᠶᠢᠳᠤᠷ ᠤᠬᠠᠭᠤᠯᠬᠤ ᠳᠤ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠵᠥ ᠤᠬᠠᠭᠤᠯᠤᠨ ᠲᠤᠤᠱᠯᠠᠭᠤᠯᠬᠤ ᠶᠢ ᠴᠢᠬᠤᠯᠠ ᠠᠴᠠ ᠴᠢᠬᠤᠯᠠ ᠠᠵᠢᠯ ᠪᠤᠯᠭᠠᠵᠥ᠂ ᠦᠩᠬᠡᠷᠡᠭᠰᠡᠡ 5 ᠵᠢᠯ ᠤᠨ ᠲᠡᠤᠬᠡᠳᠤ ᠴᠢᠨᠠᠷᠳᠠᠢ ᠬᠤᠪᠢᠰᠤᠯᠳᠡ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠡᠯ᠎ᠡ ᠵᠦᠢᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠡ ᠲᠠᠢ ᠤᠶᠠᠯᠳᠤᠭᠤᠯᠵᠥ᠂ ᠰᠤᠷᠤᠯᠴᠠᠨ ᠮᠡᠳᠡᠵᠤ ᠨᠡᠪᠳᠡᠷᠡᠳᠡᠯ᠎ᠡ ᠤᠶᠢᠯᠠᠭᠠᠵᠤ᠂ ᠤᠬᠠᠮᠰᠠᠷ ᠠᠴᠠ ᠪᠠᠨ ᠤᠶᠤᠨ ᠰᠠᠨᠠᠭ᠎ᠠ ᠪᠠᠨ ᠵᠡᠪᠰᠡᠭᠯᠡᠵᠥ᠂ ᠦᠢᠯᠡᠳᠦᠯᠬᠡ ᠪᠠᠨ ᠵᠢᠯᠤᠭᠤᠳᠤᠭᠤᠯᠵᠥ᠂ ᠠᠵᠢᠯ ᠢᠶᠠᠨ ᠠᠬᠢᠭᠤᠯᠬᠤ ᠬᠡᠷᠡᠭᠳᠡᠢ ᠬᠡᠵᠥ ᠬᠡᠯᠡᠪᠡ᠃      ᠪᠦ᠋ ᠰᠢᠶᠤᠤ ᠯᠢᠨ᠂ ᠶᠡᠷᠤᠩᠬᠡᠢ ᠱᠦᠵᠢ ᠰᠢ ᠶᠢᠨ ᠫᠢᠩ ᠪᠤᠯᠤᠨ ᠲᠦᠪ ᠤᠨ ᠱᠠᠭᠠᠷᠳᠠᠯᠭ᠎ᠠ ᠶᠤᠰᠤᠭᠠᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠳᠠᠭᠠᠨ ᠶᠠᠭᠤ ᠪᠠᠶᠢᠪᠠᠯ ᠶᠠᠭᠤ ᠶᠢ ᠯᠠ ᠶᠠᠷᠢᠵᠥ ᠪᠤᠯᠬᠤ ᠦᠭᠡᠢ᠂ ᠬᠡᠯᠪᠡᠷᠢᠴᠢ ᠦᠵᠡᠯ᠂ ᠬᠡᠷᠡᠭᠯᠡᠬᠡᠨ ᠤ ᠦᠵᠡᠯ ᠭᠠᠷᠭᠠᠵᠥ ᠪᠤᠯᠬᠤ ᠦᠭᠡᠢ︔ ᠲᠤᠤᠱᠯᠠᠭᠤᠯᠬᠤ ᠶᠠᠪᠤᠴᠠ ᠳᠠᠭᠠᠨ ᠬᠤᠷᠡᠯ ᠢᠶᠠᠷ ᠬᠤᠷᠡᠯ ᠢ ᠨᠠᠶᠢᠳᠠᠪᠤᠷᠢᠵᠢᠭᠤᠯᠬᠤ᠂ ᠪᠢᠴᠢᠭ ᠮᠠᠲ᠋ᠧᠷᠢᠶᠠᠯ ᠢᠶᠠᠷ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠬᠤ ᠦᠵᠡᠭᠳᠡᠯ ᠭᠠᠷᠬᠤ ᠶᠢ ᠰᠡᠷᠬᠡᠶᠢᠯᠡᠬᠦ ᠬᠡᠷᠡᠭᠳᠡᠢ᠃ ᠪᠢᠳᠡ ᠡᠯ᠎ᠡ ᠵᠦᠢᠯ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠲᠤᠷᠠᠳᠬᠤ ᠳᠠᠭᠠᠨ ᠴᠦᠮ ᠬᠦᠨᠵᠡᠬᠡᠢ ᠪᠠᠶᠢᠴᠠᠭᠠᠨ ᠰᠤᠳᠤᠯᠤᠯᠳᠡ ᠬᠢᠬᠦ ᠳᠤ ᠰᠠᠭᠤᠷᠢᠯᠠᠵᠥ᠂ ᠪᠤᠳᠠᠳᠠᠢ ᠲᠠᠢ ᠨᠢᠬᠳᠠ ᠤᠶᠠᠯᠳᠤᠭᠤᠯᠵᠥ᠂ ᠪᠤᠳᠠᠳᠠᠶᠢᠵᠢᠭᠤᠯᠬᠤ ᠲᠡᠭᠡᠷ᠎ᠡ ᠬᠦᠴᠦ ᠤᠷᠤᠭᠤᠯᠬᠤ ᠬᠡᠷᠡᠭᠳᠡᠢ᠃ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠤᠳᠤᠯᠬᠤ᠂ ᠠᠵᠢᠯ ᠤᠨ ᠰᠡᠳᠬᠢᠴᠡ ᠪᠤᠯᠤᠨ ᠠᠵᠢᠯ ᠤᠨ ᠠᠷᠭ᠎ᠠ ᠬᠡᠮᠵᠢᠶ᠎ᠡ ᠲᠤᠷᠠᠳᠬᠤ ᠳᠠᠭᠠᠨ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠲᠦᠪ ᠤᠨ ᠵᠤᠷᠢᠭ ᠰᠠᠨᠠᠭ᠎ᠠ ᠲᠠᠢ ᠨᠡᠶᠢᠴᠡᠬᠦᠯᠵᠥ᠂ ᠦᠪᠡᠷ ᠤᠨ ᠢᠶᠠᠨ ᠪᠤᠳᠠᠳᠤ ᠪᠠᠶᠢᠳᠠᠯ ᠲᠠᠢ ᠨᠡᠶᠢᠴᠡᠬᠦᠯᠬᠦ ᠬᠡᠷᠡᠭᠳᠡᠢ︔ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠥ᠂ ᠴᠠᠭ ᠦᠶ᠎ᠡ ᠳᠤ ᠦᠯᠥ ᠵᠤᠬᠢᠴᠠᠬᠤ ᠦᠵᠡᠯᠳᠡ ᠪᠤᠯᠤᠨ ᠬᠢᠳᠠᠯ ᠢ ᠲᠠᠶᠠᠬᠳᠠᠵᠤ᠂ ᠰᠢᠨ᠎ᠡ ᠴᠠᠭ ᠦᠶ᠎ᠡ ᠳᠤ ᠰᠢᠨ᠎ᠡ ᠲᠦᠷᠰᠦ ᠪᠠᠶᠢᠳᠠᠯ ᠲᠠᠢ ᠪᠠᠶᠢᠬᠤ ᠬᠡᠷᠡᠭᠳᠠᠢ᠂ ᠨᠡᠩ ᠴᠦ ᠰᠢᠨ᠎ᠡ ᠵᠢᠳᠭᠦᠯ ᠭᠠᠷᠭᠠᠬᠤ ᠬᠡᠷᠡᠭᠳᠡᠢ᠃ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠬᠡᠳᠤᠯᠳᠡᠢ ᠪᠠᠶᠢᠬᠤ ᠤᠬᠠᠮᠰᠠᠷ ᠢᠶᠠᠨ ᠲᠡᠭᠡᠭᠰᠢᠯᠡᠬᠦᠯᠵᠥ᠂ ᠶᠡᠷᠤᠩᠬᠡᠢ ᠱᠦᠵᠢ ᠰᠢ ᠶᠢᠨ ᠫᠢᠩ ᠤᠨ ᠡᠨᠡᠬᠦ ᠭᠤᠤᠯᠯᠠᠭᠴᠢ ᠶᠢ ᠡᠷᠡᠰ ᠬᠠᠮᠠᠭᠠᠯᠠᠵᠥ᠂ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠤᠯᠳᠡᠢ ᠤᠳᠤᠷᠢᠳᠤᠯᠭ᠎ᠠ ᠶᠢ ᠬᠠᠮᠠᠭᠠᠯᠠᠵᠥ᠂ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠲᠠᠢ ᠢᠮᠠᠬᠳᠠ ᠲᠡᠬᠡᠳᠤ ᠬᠡᠮᠵᠢᠶ᠎ᠡ ᠪᠠᠷ ᠨᠢᠬᠡᠳᠤᠯᠳᠡᠢ ᠪᠠᠶᠢᠵᠥ᠂ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠪᠤᠯᠤᠨ ᠲᠦᠪ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠦᠨᠠᠨ ᠪᠤᠳᠠᠳᠠᠢ ᠠᠵᠢᠯ ᠤᠨ ᠠᠷᠭ᠎ᠠ ᠬᠡᠮᠵᠢᠶ᠎ᠡ ᠪᠤᠯᠤᠨ ᠬᠦᠭᠵᠢᠯᠳᠡ ᠶᠢᠨ ᠦᠷ᠎ᠡ ᠪᠦᠳᠦᠭᠡᠯ ᠪᠤᠯᠭᠠᠨ ᠤᠯᠠᠷᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ ᠬᠡᠵᠥ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号