| | 11 ᠳ᠋ᠦ᠋ᠭᠡᠷ ᠰᠠᠷ᠎ᠠ ᠶᠢᠨ 10 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ | ᠤᠷᠤᠨ ᠤ ᠤᠳᠤᠷᠢᠳᠬᠤ ᠺᠠᠳ᠋ᠷᠴᠤᠳ ᠤᠨ ᠬᠤᠷᠠᠯ ᠬᠤᠷᠠᠯᠳᠤᠭᠤᠯᠵᠤ ︽ᠨᠠᠮ ᠤᠨ ᠲᠦᠪ ᠬᠤᠷᠢᠶ᠎ᠠ ᠶᠢᠨ | ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠲᠤᠬᠠᠢ ᠲᠤᠮᠳᠠᠳᠤ ᠤᠯᠤᠰ ᠤᠨ ᠡᠪ | ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠲᠤᠬᠳᠠᠭᠠᠯ ᠤᠳ︾ ᠪᠠ ︽ᠲᠦᠪ ᠤᠨ | ᠨᠠᠢᠮᠠᠨ ᠲᠤᠬᠳᠠᠭᠠᠯ ᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ | ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠡᠷᠡᠭᠵᠢᠭᠦᠯᠭᠦ ᠨᠠᠷᠢᠨ ᠲᠦᠷᠢᠮ︾ ᠢ ᠤᠯᠠᠮᠵᠢᠯᠠᠨ | ᠰᠤᠷᠤᠯᠴᠠᠵᠤ᠂ ᠲᠤᠤᠱᠯᠠᠭᠤᠯᠤᠨ ᠨᠡᠶᠢᠳᠡᠪᠦᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠤ ᠶᠠᠷᠢᠶ᠎ᠠ ᠲᠠᠯᠪᠢᠬᠤ ᠳᠠᠭᠠᠨ᠂ ︽ | ᠲᠦᠷᠪᠡᠨ ᠤᠬᠠᠮᠰᠠᠷ︾ ᠢ ᠪᠠᠳᠤ ᠪᠤᠢ ᠪᠤᠯᠭᠠᠨ᠂ ᠤᠯᠤᠰ ᠲᠦᠷᠦ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠰᠢᠯᠢᠳᠡᠭ ᠰᠤᠷᠳᠠᠯ ᠢ ᠪᠦᠬᠦ ᠲᠠᠯ᠎ᠠ ᠪᠠᠷ ᠲᠠᠪᠳᠠᠨ ᠪᠤᠯᠪᠠᠰᠤᠷᠠᠭᠤᠯᠵᠤ᠂ ᠨᠠᠮ ᠢ ᠴᠢᠩᠭ᠎ᠠ ᠵᠠᠰᠠᠬᠤ ᠶᠢ | ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠂ ᠪᠤᠳᠠᠳᠤ ᠠᠵᠢᠯᠯᠠᠭ᠎ᠠ ᠪᠠᠷ ᠢᠶᠠᠨ ᠨᠠᠮ ᠤᠨ ᠲᠦᠪ ᠬᠤᠷᠢᠶ᠎ᠠ ᠲᠠᠢ ᠨᠢᠭᠡᠳᠦᠯᠳᠡᠢ | ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠲᠠᠢ ᠨᠢᠭᠡᠳᠦᠯᠳᠡᠢ ᠪᠠᠶᠢᠵᠤ᠂ ᠦᠨᠡᠨᠴᠢ ᠰᠢᠳᠤᠷᠭᠤ᠂ ᠠᠷᠢᠭᠤᠨ | ᠴᠢᠭᠡᠴᠢ ᠪᠠᠶᠢᠬᠤ᠂ ᠬᠠᠷᠢᠭᠤᠴᠠᠯᠭ᠎ᠠ ᠡᠭᠦᠷᠬᠡᠯᠡᠬᠦ ᠶᠢ ᠡᠷᠡᠰ ᠢᠶᠠᠷ ᠬᠦᠢᠴᠡᠳᠭᠡᠭᠦ ᠬᠡᠷᠡᠭᠳᠡᠢ ᠬᠡᠵᠤ ᠴᠢᠬᠤᠯᠠᠴᠢᠯᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ᠂ | ᠦᠪᠦᠷ ᠮᠤᠩᠭᠤᠯ ᠤᠨ ᠴᠡᠷᠢᠭ ᠤᠨ ᠲᠤᠭᠤᠷᠢᠭ᠂ ᠵᠡᠪᠰᠡᠭᠳᠦ ᠴᠠᠬᠳᠠᠭᠠᠨ ᠤ ᠦᠪᠦᠷ ᠮᠤᠩᠭᠤᠯ ᠤᠨ ᠶᠡᠷᠦᠩᠬᠡᠢ | ᠠᠩᠬᠢ ᠶᠢᠨ ᠭᠤᠤᠯ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠪᠠ᠃ | ᠯᠢ ᠵᠢᠢ ᠾᠧᠩ ᠵᠢᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠮᠵᠢᠯᠳᠡ ᠲᠠᠢ | ᠲᠡᠭᠦᠰᠦᠭᠰᠡᠨ ᠤ ᠳᠠᠷᠠᠭᠠᠬᠠᠨ᠂ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠨᠠᠮ ᠤᠨ ᠲᠦᠪ | ᠬᠤᠷᠢᠶ᠎ᠠ ᠶᠢᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠲᠤᠬᠠᠢ | ᠲᠤᠬᠳᠠᠭᠠᠯ ᠤᠳ ᠪᠠ ᠲᠦᠪ ᠤᠨ ᠨᠠᠢᠮᠠᠨ ᠲᠤᠬᠳᠠᠭᠠᠯ ᠢ ᠲᠤᠤᠱᠯᠠᠭᠤᠯᠤᠨ ᠬᠡᠷᠡᠭᠵᠢᠭᠦᠯᠭᠦ ᠲᠤᠬᠠᠢ ᠬᠡᠷᠡᠭᠵᠢᠭᠦᠯᠭᠦ | ᠨᠠᠷᠢᠨ ᠲᠦᠷᠢᠮ ᠢ ᠰᠤᠳᠤᠯᠤᠨ ᠲᠤᠬᠳᠠᠭᠠᠵᠤ᠂ ᠨᠠᠮ ᠤᠨ ᠲᠦᠪ ᠬᠤᠷᠢᠶ᠎ᠠ ᠠᠴᠠ ᠤᠯᠤᠰ ᠲᠦᠷᠦ ᠶᠢᠨ ᠪᠠᠶᠢᠭᠤᠯᠤᠯᠳᠠ | ᠪᠠ ᠰᠤᠷᠳᠠᠯ ᠤᠨ ᠪᠠᠶᠢᠭᠤᠯᠤᠯᠳᠠ ᠶᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ ᠪᠠᠶᠢᠭ᠎ᠠ ᠢᠯᠡ ᠲᠤᠳᠤ | ᠤᠳᠤᠷᠢᠳᠤᠮᠵᠢ ᠶᠢ ᠲᠦᠪ ᠴᠢᠩᠭ᠎ᠠ ᠪᠠᠷ ᠢᠯᠡᠷᠡᠭᠦᠯᠦᠨ᠂ ᠪᠢᠳᠡᠨ ᠳᠤ ᠯᠤᠳᠤ ᠶᠡᠭᠡ ᠵᠤᠷᠢᠬᠵᠢᠭᠤᠯᠤᠯ ᠱᠠᠯᠠᠪᠳᠠᠭᠤᠯᠤᠯ | ᠪᠠ ᠬᠦᠴᠦᠳᠠᠢ ᠦᠯᠢᠭᠡᠷ ᠵᠢᠱᠢᠶ᠎ᠠ ᠦᠵᠡᠭᠦᠯᠵᠠᠢ᠂ ᠡᠨᠡ ᠨᠢ ᠪᠦᠬᠦ ᠨᠠᠮ ᠤᠨ ᠨᠡᠩ ᠡᠷᠡᠰ ᠪᠠᠳᠤ ᠤᠬᠠᠮᠰᠠᠷ ᠠᠴᠠ ᠪᠠᠨ | ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠠ ᠲᠦᠪᠯᠡᠷᠡᠩᠭᠦᠢ | ᠨᠢᠭᠡᠳᠦᠯᠳᠡᠢ ᠤᠳᠤᠷᠢᠳᠤᠯᠭ᠎ᠠ ᠶᠢ ᠬᠠᠮᠠᠭᠠᠯᠠᠬᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ | ᠨᠠᠮ ᠤᠨ ᠰᠤᠷᠳᠠᠯ ᠤᠨ ᠪᠠᠶᠢᠭᠤᠯᠤᠯᠳᠠ ᠶᠢᠨ ᠦᠷ᠎ᠠ ᠪᠦᠳᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠦᠷᠭᠡᠳᠭᠡᠭᠦ᠂ | ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠶᠢ ᠡᠷᠡᠰ ᠰᠠᠶᠢᠳᠤᠷ | ᠨᠡᠶᠢᠳᠡᠪᠦᠷᠢᠵᠢᠭᠤᠯᠬᠤ ᠳᠤ ᠴᠦᠮ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ ᠬᠡᠪᠠ᠃ | ᠯᠢ ᠵᠢᠢ ᠾᠧᠩ ᠴᠢᠬᠤᠯᠠᠴᠢᠯᠠᠭᠰᠠᠨ ᠨᠢ᠂ ᠨᠠᠮ ᠤᠨ ᠲᠦᠪ ᠬᠤᠷᠢᠶ᠎ᠠ ᠶᠢᠨ ᠲᠦᠪᠯᠡᠷᠡᠩᠭᠦᠢ ᠨᠢᠭᠡᠳᠦᠯᠳᠡᠢ | ᠤᠳᠤᠷᠢᠳᠤᠯᠭ᠎ᠠ ᠪᠤᠯ ᠨᠠᠮ ᠤᠨ ᠤᠳᠤᠷᠢᠳᠤᠯᠭ᠎ᠠ ᠶᠢᠨ ᠬᠠᠮᠤᠭ ᠤᠨ ᠲᠡᠭᠡᠳᠦ ᠵᠠᠷᠴᠢᠮ ᠪᠤᠯᠤᠨ᠎ᠠ᠂ ᠦᠨᠳᠦᠰᠦᠨ | ᠲᠡᠭᠡᠷ᠎ᠠ ᠪᠠᠨ ᠨᠠᠮ ᠪᠤᠯᠤᠨ ᠤᠯᠤᠰ ᠤᠨ ᠠᠯᠤᠰ ᠢᠷᠡᠭᠡᠳᠦᠢ ᠬᠤᠪᠢ ᠵᠠᠶᠠᠭ᠎ᠠ ᠲᠠᠢ ᠬᠤᠯᠪᠤᠬᠳᠠᠵᠤ᠂ ᠠᠷᠠᠳ | ᠲᠦᠮᠡᠨ ᠤ ᠦᠨᠳᠦᠰᠦᠨ ᠠᠰᠢᠭ ᠲᠤᠰᠠ ᠲᠠᠢ ᠬᠤᠯᠪᠤᠬᠳᠠᠵᠤ ᠪᠠᠶᠢᠨ᠎ᠠ᠃ ᠪᠢᠳᠡ ᠤᠯᠤᠰ ᠲᠦᠷᠦ ᠶᠢᠨ ᠤᠬᠠᠮᠰᠠᠷ᠂ | ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢ ᠪᠠᠳᠤ ᠪᠤᠢ ᠪᠤᠯᠭᠠᠨ᠂ | ᠨᠠᠮ ᠤᠨ ᠤᠯᠤᠰ ᠲᠦᠷᠦ ᠶᠢᠨ ᠱᠤᠭᠤᠮ ᠢ ᠡᠷᠡᠰ ᠬᠡᠷᠡᠭᠵᠢᠭᠦᠯᠵᠤ᠂ ᠤᠯᠤᠰ ᠲᠦᠷᠦ ᠶᠢᠨ ᠰᠠᠬᠢᠯᠭ᠎ᠠ ᠪᠠᠳᠤ ᠪᠤᠯᠤᠨ | ᠤᠯᠤᠰ ᠲᠦᠷᠦ ᠶᠢᠨ ᠶᠤᠰᠤ ᠲᠦᠷᠢᠮ ᠢ ᠴᠢᠩᠭ᠎ᠠ ᠵᠢᠷᠤᠮᠯᠠᠨ᠂ ᠤᠯᠤᠰ ᠲᠦᠷᠦ ᠶᠢᠨ ᠵᠤᠬᠰᠤᠯᠳᠠ᠂ ᠤᠯᠤᠰ | ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠤᠨ ᠲᠠᠯ᠎ᠠ ᠪᠠᠷ ᠰᠢ ᠶᠢᠨ ᠫᠢᠩ | ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ | ᠬᠡᠷᠡᠭᠳᠡᠢ᠃ ᠨᠠᠮ ᠤᠨ ᠲᠦᠷᠢᠮ ᠢ ᠢᠮᠠᠬᠳᠠ ᠬᠦᠨᠳᠦᠳᠭᠡᠵᠤ᠂ ᠰᠢᠨ᠎ᠠ ᠪᠠᠶᠢᠳᠠᠯ ᠲᠤᠤᠷᠠᠬᠢ ᠨᠠᠮ ᠤᠨ | ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ ᠢ ᠴᠢᠩᠭ᠎ᠠ ᠬᠡᠷᠡᠭᠵᠢᠭᠦᠯᠵᠤ᠂ ᠨᠠᠮ ᠤᠨ | ᠲᠦᠪ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ | ᠨᠡᠶᠢᠳᠡᠪᠦᠷᠢᠵᠢᠭᠤᠯᠦᠨ᠂ ᠨᠠᠮ ᠳᠠᠭᠠᠨ ᠦᠨᠡᠨᠴᠢ ᠪᠠᠶᠢᠬᠤ᠂ ᠨᠠᠮ ᠤᠨ ᠢᠶᠠᠨ ᠡᠮᠦᠨ᠎ᠡ ᠠᠴᠠ ᠬᠦᠴᠢᠷ ᠢ ᠰᠢᠢᠳᠪᠤᠷᠢᠯᠡᠬᠦ᠂ | ᠨᠠᠮ ᠤᠨ ᠢᠶᠠᠨ ᠲᠦᠯᠦᠭᠡ ᠡᠭᠦᠷᠭᠡ ᠲᠤᠰᠢᠶᠠᠯ ᠢᠶᠠᠨ ᠬᠦᠢᠴᠡᠳᠭᠡᠭᠦ᠂ ᠠᠷᠠᠳ ᠲᠦᠮᠡᠨ ᠳᠤ ᠪᠤᠶᠠᠨ ᠦᠢᠯᠡᠳᠭᠦ ᠪᠠᠷ | ᠦᠨᠳᠦᠰᠦᠨ ᠤᠯᠤᠰ ᠲᠦᠷᠦ ᠶᠢᠨ ᠡᠭᠦᠷᠭᠡ ᠬᠠᠷᠢᠭᠤᠴᠠᠯᠭ᠎ᠠ ᠪᠠᠨ ᠪᠤᠯᠭᠠᠵᠤ᠂ ᠡᠪ ᠬᠠᠮᠳᠤᠴᠤᠳ ᠤᠨ ᠤᠯᠤᠰ | ᠲᠦᠷᠦ ᠶᠢᠨ ᠤᠤᠷ ᠴᠢᠨᠠᠷ ᠢ ᠡᠭᠦᠷᠢᠳᠡ ᠪᠠᠳᠤᠯᠠᠬᠤ ᠬᠡᠷᠡᠭᠳᠡᠢ᠃ ᠨᠠᠮ ᠤᠨ ᠲᠦᠪ ᠬᠤᠷᠢᠶ᠎ᠠ ᠶᠢᠨ ᠲᠦᠪᠯᠡᠷᠡᠩᠭᠦᠢ | ᠨᠢᠭᠡᠳᠦᠯᠳᠡᠢ ᠤᠳᠤᠷᠢᠳᠤᠯᠭ᠎ᠠ ᠶᠢ ᠬᠠᠮᠠᠭᠠᠯᠠᠬᠤ ᠲᠤᠬᠠᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠲᠤᠬᠳᠠᠭᠠᠯ ᠢ ᠱᠠᠯᠠᠪᠳᠠᠨ ᠰᠤᠳᠤᠯᠵᠤ ᠲᠤᠬᠳᠠᠭᠠᠬᠤ ᠬᠡᠷᠡᠭᠳᠡᠢ ᠬᠡᠪᠠ᠃ | ᠯᠢ ᠵᠢᠢ ᠾᠧᠩ ᠴᠢᠬᠤᠯᠠᠴᠢᠯᠠᠭᠰᠠᠨ ᠨᠢ᠂ ᠰᠤᠷᠳᠠᠯ ᠤᠨ ᠪᠠᠶᠢᠭᠤᠯᠤᠯᠳᠠ ᠡᠭᠦᠷᠢᠳᠡ ᠵᠤᠬᠰᠤᠰᠢ ᠦᠭᠡᠢ ᠶᠤᠮ᠃ | ᠪᠢᠳᠡ ᠲᠦᠪ ᠤᠨ ᠤᠯᠤᠰ ᠲᠦᠷᠦ ᠶᠢᠨ ᠲᠤᠪᠴᠢᠶ᠎ᠠ ᠪᠠᠷ ᠬᠡᠪ ᠲᠠᠭᠤᠷᠢᠶᠠᠯ ᠪᠤᠯᠭᠠᠵᠤ᠂ ᠪᠦᠬᠦ ᠰᠡᠳᠬᠢᠯ ᠪᠦᠬᠦ | ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠭᠦ ᠦᠨᠳᠦᠰᠦᠨ ᠵᠤᠷᠢᠯᠳᠠ ᠪᠠᠨ ᠦᠨᠡᠨᠴᠢ ᠪᠠᠷ | ᠦᠢᠯᠡᠳᠦᠯᠭᠡᠵᠢᠭᠦᠯᠭᠦ ᠬᠡᠷᠡᠭᠳᠡᠢ᠃ ᠲᠡᠰᠪᠤᠷᠢ ᠬᠠᠳᠠᠭᠤᠵᠢᠯᠳᠠᠢ ᠪᠠᠷ ᠲᠡᠮᠡᠴᠡᠭᠦ ᠰᠢᠯᠢᠳᠡᠭ ᠰᠤᠷᠳᠠᠯ ᠢ ᠢᠮᠠᠬᠳᠠ | ᠪᠠᠷᠢᠮᠳᠠᠯᠠᠵᠤ᠂ ᠪᠠᠶᠢᠴᠠᠭᠠᠨ ᠰᠤᠳᠤᠯᠬᠤ ᠰᠤᠷᠳᠠᠯ ᠢ ᠶᠡᠭᠡᠪᠡᠷ ᠮᠠᠨᠳᠤᠭᠤᠯᠵᠤ᠂ ᠰᠢᠷᠭᠠᠭᠤ ᠠᠵᠢᠯᠯᠠᠨ ᠪᠤᠳᠠᠳᠠᠢ | ᠠᠵᠢᠯᠯᠠᠵᠤ᠂ ᠬᠤᠭᠤᠰᠤᠨ ᠭᠠᠪᠢᠶ᠎ᠠ ᠶᠢ ᠬᠦᠭᠡᠭᠡᠴᠡᠯᠳᠦᠭᠦ ᠦᠭᠡᠢ᠂ ᠢᠮᠠᠬᠳᠠ ᠠᠷᠠᠳ ᠲᠦᠮᠡᠨ ᠲᠠᠢ ᠪᠤᠳᠤᠯ ᠢᠶᠠᠨ | ᠨᠢᠭᠡᠳᠭᠡᠨ ᠬᠦᠴᠦ ᠪᠠᠨ ᠬᠠᠮᠳᠤᠳᠬᠠᠬᠤ ᠬᠡᠷᠡᠭᠳᠡᠢ᠃ ᠦᠨᠳᠦᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠪᠠᠷᠢᠮᠳᠠᠯᠠᠵᠤ᠂ | ᠰᠤᠷᠳᠠᠯ ᠤᠨ ᠪᠠᠶᠢᠭᠤᠯᠤᠯᠳᠠ ᠳᠤ ᠲᠤᠯᠭᠠᠷᠠᠬᠰᠠᠨ ᠰᠢᠨ᠎ᠠ ᠪᠠᠶᠢᠳᠠᠯ ᠰᠢᠨ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠵᠤ᠂ ᠲᠦᠪ ᠤᠨ ᠨᠠᠢᠮᠠᠨ ᠲᠤᠬᠳᠠᠭᠠᠯ ᠤᠨ ᠵᠤᠷᠢᠭ ᠰᠠᠨᠠᠭ᠎ᠠ ᠶᠢ ᠴᠢᠨᠠᠬᠰᠢᠳᠠ ᠲᠤᠤᠱᠯᠠᠭᠤᠯᠤᠨ | ᠨᠡᠶᠢᠳᠡᠪᠦᠷᠢᠵᠢᠭᠤᠯᠵᠤ᠂ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠬᠤ ᠪᠤᠳᠠᠳᠠᠢ ᠠᠷᠭ᠎ᠠ ᠠᠪᠴᠠᠯ ᠪᠠ ᠠᠷᠭ᠎ᠠ | ᠬᠡᠮᠵᠢᠶ᠎ᠠ ᠶᠢ ᠱᠠᠯᠠᠪᠳᠠᠨ ᠰᠤᠳᠤᠯᠦᠨ ᠲᠤᠬᠳᠠᠭᠠᠵᠤ᠂ ᠰᠤᠷᠳᠠᠯ ᠤᠨ ᠪᠠᠶᠢᠭᠤᠯᠤᠯᠳᠠ ᠲᠠᠰᠤᠷᠠᠯᠳᠠ ᠦᠭᠡᠢ ᠰᠢᠨ᠎ᠠ | ᠦᠷ᠎ᠠ ᠪᠦᠳᠦᠮᠵᠢ ᠤᠯᠬᠤ ᠶᠢ ᠠᠬᠢᠭᠤᠯᠬᠤ ᠬᠡᠷᠡᠭᠳᠡᠢ ᠬᠡᠵᠠᠢ᠃ |