ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠪᠦᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2017/11/13
     ︵2017 ᠤᠨ ᠤ 11 ᠳ᠋ᠤᠭᠡᠷ ᠰᠠᠷ᠎ᠠ ᠶᠢᠨ 10᠎ ᠤ ᠡᠳᠦᠷ ᠳᠣᠮᠳᠠᠳᠣ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠪᠦᠬᠦᠳᠡ ᠬᠤᠷᠠᠯ ᠠᠴᠠ ᠪᠠᠳᠣᠯᠠᠪᠠ︶      ᠳᠣᠮᠳᠠᠳᠣ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠪᠦᠬᠦᠳᠡ ᠬᠤᠷᠠᠯ 2017 ᠤᠨ ᠤ 11 ᠳ᠋ᠤᠭᠡᠷ ᠰᠠᠷ᠎ᠠ ᠶᠢᠨ 9᠎ ᠤ ᠡᠳᠦᠷ ᠠᠴᠠ 10᠎ ᠤ ᠡᠳᠦᠷ ᠪᠤᠯᠳᠠᠯ᠎ᠠ ᠬᠦᠬᠡᠬᠤᠳᠠ ᠳᠤ ᠬᠤᠷᠠᠯᠳᠤᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠡᠰᠢᠭᠦᠨ 75 ᠬᠦᠮᠦᠨ᠂ ᠤᠷᠤᠯᠠᠬᠴᠢ ᠬᠡᠰᠢᠭᠦᠨ 13 ᠬᠦᠮᠦᠨ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠬᠤ ᠨᠦᠬᠦᠳ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠡᠰᠢᠭᠦᠳ᠂ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠳᠠᠨ ᠨᠦᠬᠦᠳ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠡᠰᠡᠭ ᠲᠦᠯᠦᠭᠡᠯᠡᠭᠴᠢ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠳᠤᠨ ᠤ ᠲᠦᠯᠦᠭᠡᠯᠡᠭᠴᠢ ᠬᠤᠷᠠᠯ ᠳᠤ ᠰᠤᠯᠠ ᠤᠷᠤᠯᠴᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠴᠠ ᠪᠦᠬᠦᠳᠡ ᠬᠤᠷᠠᠯ ᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠶᠠᠷᠢᠶ᠎ᠠ ᠲᠠᠯᠪᠢᠵᠠᠢ᠃      ᠪᠦᠬᠦᠳᠡ ᠬᠤᠷᠠᠯ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠲᠤᠬᠳᠠᠭᠠᠯ︾᠎ ᠢ ᠰᠤᠷᠤᠯᠴᠠᠨ ᠲᠤᠤᠱᠯᠠᠭᠤᠯᠵᠤ᠂ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠡ ᠶᠢ ᠤᠯᠬᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠲᠦᠷᠭᠡᠳᠭᠡᠨ ᠪᠦᠳᠦᠭᠡᠨ ᠪᠠᠶᠢᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠬᠳᠠᠭᠠᠯ︾᠎ ᠢ ᠬᠢᠨᠠᠨ ᠵᠦᠪᠯᠡᠵᠤ ᠪᠠᠳᠤᠯᠠᠪᠠ᠃      ᠪᠦᠬᠦᠳᠡ ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠱᠠᠳᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠬᠰᠠᠨ ᠵᠠᠩᠬᠢᠯᠠᠭ᠎ᠠ ᠶᠢᠨ ᠬᠤᠭᠤᠴᠠᠭᠠᠨ ᠳᠤ ᠬᠤᠷᠠᠯᠳᠤᠬᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠤᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠪᠤᠯ ᠨᠠᠮ ᠪᠤᠯᠤᠨ ᠤᠯᠤᠰ ᠤᠨ ᠠᠵᠢᠯ ᠤᠨ ᠪᠦᠬᠦ ᠲᠠᠯ᠎ᠠ ᠳᠤ ᠬᠤᠯᠪᠤᠬᠳᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠠᠯᠤᠰ ᠤᠨ ᠬᠦᠭᠵᠢᠯᠳᠡ ᠲᠠᠢ ᠬᠤᠯᠪᠤᠬᠳᠠᠵᠤ᠂ ᠬᠠᠮᠤᠭ ᠤᠨ ᠦᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠬᠤᠯᠪᠤᠬᠳᠠᠵᠤ ᠪᠠᠶᠢᠨ᠎ᠠ᠂ ᠡᠨᠡ ᠨᠢ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠤᠯᠠᠨ ᠲᠦᠮᠡᠨ ᠢ ᠲᠠᠶᠢᠴᠢᠯᠡᠨ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠦᠨ᠂ ᠵᠠᠮ ᠮᠦᠷ ᠤᠨ ᠢᠳᠡᠭᠡᠯ᠂ ᠤᠨᠤᠯ ᠤᠨ ᠢᠳᠡᠭᠡᠯ᠂ ᠪᠠᠶᠢᠭᠤᠯᠤᠯ ᠤᠨ ᠢᠳᠡᠭᠡᠯ᠂ ᠰᠤᠶᠤᠯ ᠤᠨ ᠢᠳᠡᠭᠡᠯ ᠢᠶᠠᠨ ᠪᠠᠳᠤᠳᠬᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠬᠤ᠂ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠰᠢᠨ᠎ᠠ ᠠᠶᠠᠨ ᠵᠠᠮ ᠢ ᠡᠬᠢᠯᠡᠭᠦᠯᠭᠦ ᠪᠠ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠳᠤ ᠴᠢᠬᠤᠯᠠ ᠶᠡᠭᠡ ᠠᠬᠤᠶᠢᠴᠢ ᠠᠴᠢ ᠬᠤᠯᠪᠤᠬᠳᠠᠯ ᠪᠠ ᠬᠦᠨ ᠬᠦᠨᠵᠡᠭᠡᠢ ᠲᠡᠤᠭᠡᠳᠦ ᠠᠴᠢ ᠬᠤᠯᠪᠤᠬᠳᠠᠯ ᠲᠠᠢ ᠶᠤᠮ ᠬᠡᠵᠤ ᠦᠵᠡᠪᠡ᠃      ᠪᠦᠬᠦᠳᠡ ᠬᠤᠷᠠᠯ ᠠᠴᠠ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠶᠢᠨ ᠴᠢᠬᠤᠯᠠ ᠶᠡᠭᠡ ᠠᠴᠢ ᠬᠤᠯᠪᠤᠬᠳᠠᠯ ᠢ ᠬᠦᠢᠴᠡᠳ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠨᠠᠮ ᠢᠶᠠᠷ ᠢᠶᠠᠨ ᠶᠡᠭᠡᠪᠡᠷ ᠰᠤᠷᠤᠯᠴᠠᠵᠤ᠂ ᠰᠤᠷᠤᠯᠴᠠᠨ ᠮᠡᠳᠡᠵᠦ ᠨᠡᠪᠳᠡᠷᠡᠳᠡᠯ᠎ᠡ ᠤᠶᠢᠯᠠᠭᠠᠵᠤ ᠪᠤᠳᠠᠳᠠᠶᠢᠵᠢᠭᠤᠯᠬᠤ ᠲᠡᠭᠡᠷ᠎ᠠ ᠬᠦᠴᠦ ᠤᠷᠤᠭᠤᠯᠬᠤ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠬᠦᠨᠵᠡᠭᠡᠢ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠭᠤᠤᠯ ᠰᠡᠳᠦᠪ ᠢ ᠬᠦᠨᠵᠡᠭᠡᠢ ᠤᠶᠢᠯᠠᠭᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠲᠡᠤᠭᠡᠳᠤ ᠪᠠᠶᠢᠷᠢ ᠰᠠᠭᠤᠷᠢ ᠪᠠ ᠪᠠᠶᠠᠯᠢᠭ ᠠᠭᠤᠯᠤᠬᠳᠠᠬᠤᠨ ᠢ ᠬᠦᠨᠵᠡᠭᠡᠢ ᠤᠶᠢᠯᠠᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠪᠤᠯᠤᠨ ᠤᠯᠤᠰ ᠤᠨ ᠲᠡᠤᠭᠡᠳᠦ ᠴᠢᠨᠠᠷᠳᠠᠢ ᠬᠤᠪᠢᠰᠤᠯᠳᠠ ᠶᠢ ᠬᠦᠨᠵᠡᠭᠡᠢ ᠤᠶᠢᠯᠠᠭᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠬᠰᠠᠨ ᠢ ᠬᠦᠨᠵᠡᠭᠡᠢ ᠤᠶᠢᠯᠠᠭᠠᠵᠤ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠳᠠ ᠶᠢ ᠬᠦᠨᠵᠡᠭᠡᠢ ᠤᠶᠢᠯᠠᠭᠠᠵᠤ᠂ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠡᠤᠭᠡᠳᠤ ᠡᠭᠦᠷᠭᠡ ᠶᠢ ᠬᠦᠨᠵᠡᠭᠡᠢ ᠤᠶᠢᠯᠠᠭᠠᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠭᠦ ᠬᠠᠷᠠᠯᠳᠠ ᠶᠢ ᠪᠡᠶᠡᠯᠡᠭᠦᠯᠭᠦ ᠪᠠ ᠬᠤᠶᠠᠳᠤᠭᠠᠷ ᠵᠠᠭᠤᠨ ᠵᠢᠯ ᠤᠨ ᠲᠡᠮᠡᠴᠡᠭᠦ ᠬᠠᠷᠠᠯᠳᠠ ᠲᠡᠰᠢ ᠤᠷᠤᠬᠰᠢᠯᠠᠬᠤ ᠶᠢ ᠬᠦᠨᠵᠡᠭᠡᠢ ᠤᠶᠢᠯᠠᠭᠠᠵᠤ᠂ ᠨᠡᠶᠢᠭᠡᠮ ᠵᠢᠷᠤᠮ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠵᠡᠷᠭᠡ ᠲᠠᠯ᠎ᠠ ᠶᠢᠨ ᠴᠢᠬᠤᠯᠠ ᠶᠡᠭᠡ ᠪᠠᠶᠢᠷᠢᠯᠠᠭᠤᠯᠤᠯᠳᠠ ᠶᠢ ᠬᠦᠨᠵᠡᠭᠡᠢ ᠤᠶᠢᠯᠠᠭᠠᠵᠤ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠳᠠ᠂ ᠰᠢᠶᠠᠩᠭᠠᠩ ᠤᠤᠮᠧᠨ ᠲᠠᠶᠢᠸᠠᠨ ᠤ ᠠᠵᠢᠯ᠂ ᠭᠠᠳᠠᠭᠠᠳᠦ ᠬᠠᠷᠢᠯᠴᠠᠭᠠᠨ ᠤ ᠠᠵᠢᠯ ᠤᠨ ᠲᠤᠬᠠᠢ ᠴᠢᠬᠤᠯᠠ ᠶᠡᠭᠡ ᠪᠠᠶᠢᠷᠢᠯᠠᠭᠤᠯᠤᠯᠳᠠ ᠶᠢ ᠬᠦᠨᠵᠡᠭᠡᠢ ᠤᠶᠢᠯᠠᠭᠠᠵᠤ᠂ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠶᠡᠭᠡ ᠪᠠᠶᠢᠷᠢᠯᠠᠭᠤᠯᠤᠯᠳᠠ ᠶᠢ ᠬᠦᠨᠵᠡᠭᠡᠢ ᠤᠶᠢᠯᠠᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠲᠠᠢ ᠨᠢᠭᠡᠳᠭᠡᠵᠤ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠬᠳᠠᠭᠠᠬᠰᠠᠨ ᠡᠯ᠎ᠠ ᠵᠦᠢᠯ ᠤᠨ ᠡᠭᠦᠷᠭᠡ ᠶᠢ ᠪᠡᠶᠡᠯᠡᠭᠦᠯᠭᠦ ᠲᠡᠭᠡᠷ᠎ᠠ ᠨᠢᠬᠳᠠᠷᠠᠭᠤᠯᠵᠤ᠂ ᠰᠢᠨ᠎ᠠ ᠴᠠᠭ ᠦᠶ᠎ᠠ ᠳᠤ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠰᠢᠨ᠎ᠠ ᠬᠠᠭᠤᠳᠠᠰᠦ ᠶᠢ ᠴᠢᠷᠮᠠᠶᠢᠨ ᠪᠢᠴᠢᠭᠯᠡᠭᠦ ᠬᠡᠷᠡᠭᠳᠡᠢ ᠬᠡᠵᠤ ᠴᠢᠬᠤᠯᠠᠴᠢᠯᠠᠪᠠ᠃      ᠪᠦᠬᠦᠳᠡ ᠬᠤᠷᠠᠯ ᠠᠴᠠ᠂ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠵᠤ᠂ ᠰᠠᠶᠢᠳᠤᠷ ᠤᠬᠠᠭᠤᠯᠤᠨ᠂ ᠰᠠᠶᠢᠳᠤᠷ ᠲᠤᠤᠱᠯᠠᠭᠤᠯᠬᠤ ᠪᠤᠯ ᠤᠳᠤᠬᠠᠨ ᠤ ᠪᠠ ᠬᠤᠶᠢᠰᠢᠳᠡ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠶᠢ ᠲᠡᠷᠢᠭᠦᠨ ᠴᠢᠬᠤᠯᠠ ᠶᠡᠭᠡ ᠶᠠᠪᠤᠳᠠᠯ ᠪᠤᠯᠭᠠᠨ ᠠᠳᠬᠤᠵᠤ᠂ ᠨᠠᠮ ᠤᠨ ᠲᠦᠪ ᠬᠤᠷᠢᠶ᠎ᠠ ᠶᠢᠨ ᠨᠢᠭᠡᠳᠦᠯᠳᠡᠢ ᠱᠠᠭᠠᠷᠳᠠᠯᠭ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ ᠲᠤᠬᠢᠷᠠᠭᠤᠯᠤᠯᠳᠠ ᠶᠤᠰᠤᠭᠠᠷ᠂ ᠰᠤᠷᠤᠯᠴᠠᠯᠭ᠎ᠠ ᠪᠤᠯᠪᠠᠰᠤᠷᠠᠯ ᠢ ᠯᠠᠪᠳᠠᠭᠤᠨ ᠪᠠᠳᠤᠳᠠᠢ ᠦᠷᠨᠢᠭᠦᠯᠵᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠲᠦᠪᠯᠡᠷᠡᠭᠦᠯᠦᠨ ᠦᠷᠨᠢᠭᠦᠯᠵᠤ᠂ ᠰᠤᠨᠢᠨ ᠮᠡᠳᠡᠭᠡᠨ ᠤ ᠤᠬᠠᠭᠤᠯᠭ᠎ᠠ ᠶᠢ ᠨᠢᠮᠪᠠᠢ ᠵᠤᠬᠢᠶᠠᠨ ᠪᠠᠶᠢᠭᠤᠯᠦᠨ᠂ ᠰᠤᠳᠤᠯᠭᠠᠨ ᠪᠠ ᠲᠠᠶᠢᠯᠪᠤᠷᠢᠯᠠᠯᠳᠠ ᠬᠢᠭᠦ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ᠂ ᠬᠦᠴᠦᠯᠡᠭᠦ ᠴᠢᠭ᠋ ᠢᠶᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯ ᠨᠠᠮ ᠤᠨ ᠤᠷᠳᠤ ᠬᠤᠭᠤᠴᠠᠭ᠎ᠠ ᠪᠠᠷᠢᠮᠳᠠᠯᠠᠬᠤ ᠵᠢᠯᠤᠭᠤᠳᠬᠤ ᠦᠵᠡᠯ ᠰᠠᠨᠠᠭ᠎ᠠ ᠪᠤᠯᠬᠤ ᠲᠡᠭᠡᠷ᠎ᠠ ᠲᠦᠪᠯᠡᠷᠡᠭᠦᠯᠵᠤ᠂ 5 ᠵᠢᠯ ᠤᠨ ᠲᠤᠷᠰᠢᠬᠢ ᠨᠠᠮ ᠪᠤᠯᠤᠨ ᠤᠯᠤᠰ ᠤᠨ ᠠᠵᠢᠯ ᠦᠢᠯᠡᠰ ᠤᠨ ᠤᠯᠤᠬᠰᠠᠨ ᠲᠡᠤᠭᠡᠳᠦ ᠴᠢᠨᠠᠷᠳᠠᠢ ᠠᠮᠵᠢᠯᠳᠡ ᠪᠤᠯᠤᠨ ᠡᠭᠦᠰᠦᠭᠰᠡᠨ ᠲᠡᠤᠭᠡᠳᠦ ᠴᠢᠨᠠᠷᠳᠠᠢ ᠬᠤᠪᠢᠰᠤᠯᠳᠠ ᠲᠡᠭᠡᠷ᠎ᠠ ᠲᠦᠪᠯᠡᠷᠡᠭᠦᠯᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠬᠰᠠᠨ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠨᠢᠭᠡᠨᠳᠡ ᠠᠷᠠᠳ ᠲᠦᠮᠡᠨ ᠤ ᠡᠳᠦᠷ ᠢᠷᠡᠭᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠠ ᠲᠠᠩᠴᠡᠭᠦᠷᠢ ᠦᠭᠡᠢ ᠬᠦᠢᠴᠡᠳ ᠦᠭᠡᠢ ᠬᠦᠭᠵᠢᠯᠳᠡ ᠶᠢᠨ ᠬᠤᠭᠤᠷᠤᠨᠳᠤᠬᠢ ᠵᠦᠷᠢᠴᠡᠯ ᠪᠤᠯᠤᠨ ᠬᠤᠪᠢᠷᠠᠬᠰᠠᠨ ᠵᠡᠷᠭᠡ ᠴᠢᠬᠤᠯᠠ ᠶᠡᠭᠡ ᠤᠯᠤᠰ ᠲᠦᠷᠦ ᠶᠢᠨ ᠮᠠᠭᠠᠳᠯᠠᠯᠳᠠ ᠭᠠᠷᠭᠠᠬᠰᠠᠨ ᠬᠦᠨ ᠬᠦᠨᠵᠡᠭᠡᠢ ᠨᠦᠯᠦᠭᠡ ᠲᠡᠭᠡᠷ᠎ᠠ ᠲᠦᠪᠯᠡᠷᠡᠭᠦᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠡᠭᠡᠷ᠎ᠠ ᠲᠦᠪᠯᠡᠷᠡᠭᠦᠯᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠰᠢᠨ᠎ᠠ ᠨᠢᠭᠡ ᠬᠤᠭᠤᠴᠠᠭᠠᠨ ᠤ ᠲᠦᠪ ᠤᠨ ᠤᠳᠤᠷᠢᠳᠬᠤ ᠬᠠᠮᠳᠤ ᠪᠤᠯ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠷᠢᠶᠡᠯᠡᠯ ᠪᠤᠯᠤᠠ ᠢᠳᠡᠭᠡᠯ ᠢ ᠬᠦᠨ ᠤᠯᠤᠬᠰᠠᠨ ᠤᠳᠤᠷᠢᠳᠬᠤ ᠬᠠᠮᠳᠤ ᠪᠤᠯᠬᠤ ᠲᠡᠭᠡᠷ᠎ᠠ ᠲᠦᠪᠯᠡᠷᠡᠭᠦᠯᠵᠤ᠂ ᠶᠡᠷᠦᠩᠬᠡᠢ ᠱᠦᠵᠢ ᠰᠢ ᠶᠢᠨ ᠫᠢᠩ ᠪᠤᠯ ᠪᠦᠬᠦ ᠨᠠᠮ ᠢᠶᠠᠷ ᠢᠶᠠᠨ ᠬᠦᠷᠢᠶᠡᠯᠡᠬᠦ᠂ ᠠᠷᠠᠳ ᠲᠦᠮᠡᠨ ᠤ ᠬᠠᠶᠢᠷᠠᠯᠠᠬᠤ᠂ ᠨᠡᠷ᠎ᠠ ᠨᠢᠳᠡᠷ ᠲᠡᠭᠡᠨ ᠨᠡᠶᠢᠴᠡᠭᠰᠡᠨ ᠨᠠᠮ ᠤᠨ ᠤᠳᠤᠷᠢᠳᠤᠬᠴᠢ ᠪᠤᠯᠬᠤ ᠲᠡᠭᠡᠷ᠎ᠠ ᠲᠦᠪᠯᠡᠷᠡᠭᠦᠯᠵᠤ᠂ ᠰᠤᠷᠤᠯᠴᠠᠵᠤ ᠤᠬᠠᠭᠤᠯᠤᠨ ᠲᠤᠤᠱᠯᠠᠭᠤᠯᠬᠤ ᠠᠵᠢᠯ ᠢ ᠪᠤᠳᠠᠳᠠᠶᠢᠵᠢᠭᠤᠯᠬᠤ ᠲᠡᠰᠢ᠂ ᠬᠦᠨᠵᠡᠭᠡᠶᠢᠷᠡᠭᠦᠯᠭᠦ ᠲᠡᠰᠢ ᠲᠠᠰᠤᠷᠠᠯᠳᠠ ᠦᠭᠡᠢ ᠠᠬᠢᠭᠤᠯᠬᠤ ᠬᠡᠷᠡᠭᠳᠡᠢ᠃ ᠤᠨᠤᠯ ᠢ ᠪᠤᠳᠠᠳᠠᠢ ᠲᠠᠢ ᠤᠶᠠᠯᠳᠤᠭᠤᠯᠬᠤ ᠮᠠᠷᠺᠰ ᠤᠨ ᠦᠵᠡᠯ ᠤᠨ ᠰᠤᠷᠤᠯᠴᠬᠠᠤ ᠰᠤᠷᠳᠠᠯ ᠢ ᠶᠡᠭᠡᠪᠡᠷ ᠪᠠᠳᠠᠷᠠᠭᠤᠯᠵᠤ᠂ ᠰᠤᠷᠤᠯᠴᠠᠨ ᠰᠡᠳᠬᠢᠵᠤ ᠦᠢᠯᠡᠳᠦᠯᠭᠡᠵᠢᠭᠦᠯᠦᠨ ᠤᠶᠢᠯᠠᠭᠠᠵᠤ᠂ ᠰᠤᠷᠤᠯᠴᠠᠬᠤ ᠪᠠ ᠬᠡᠷᠡᠭᠯᠡᠭᠦ ᠶᠢ ᠤᠶᠠᠯᠳᠤᠭᠤᠯᠤᠨ᠂ ᠰᠤᠷᠤᠯᠴᠠᠵᠤ ᠤᠬᠠᠭᠤᠯᠤᠨ ᠲᠤᠤᠱᠯᠠᠭᠤᠯᠬᠤ ᠦᠷ᠎ᠠ ᠪᠦᠳᠦᠮᠵᠢ ᠶᠢ ᠲᠤᠬᠠᠢ ᠶᠢᠨ ᠭᠠᠵᠠᠷ ᠲᠤᠬᠠᠢ ᠶᠢᠨ ᠰᠠᠯᠠᠭ᠎ᠠ ᠮᠦᠴᠢᠷ ᠤᠨ ᠢᠶᠠᠨ ᠬᠦᠭᠵᠢᠯᠳᠡ ᠶᠢᠨ ᠰᠡᠳᠬᠢᠴᠡ᠂ ᠠᠵᠢᠯ ᠤᠨ ᠡᠭᠦᠷᠭᠡ ᠪᠤᠯᠤᠨ ᠪᠤᠳᠠᠳᠠᠢ ᠠᠷᠭ᠎ᠠ ᠬᠡᠮᠵᠢᠶ᠎ᠠ ᠪᠤᠯᠭᠠᠨ ᠤᠯᠠᠷᠢᠭᠤᠯᠵᠤ᠂ ᠠᠰᠠᠭᠤᠳᠠᠯ ᠢ ᠰᠢᠢᠳᠪᠦᠷᠢᠯᠡᠭᠦ᠂ ᠬᠦᠭᠵᠢᠯᠳᠡ ᠶᠢ ᠠᠬᠢᠭᠤᠯᠬᠤ ᠴᠢᠳᠠᠪᠤᠷᠢ ᠪᠤᠯᠭᠠᠨ ᠤᠯᠠᠷᠢᠭᠤᠯᠵᠤ᠂ ᠬᠡᠵᠢᠶᠡᠳᠡ ᠴᠦᠭᠦᠷᠡᠰᠢ ᠦᠭᠡᠢ᠂ ᠴᠤᠴᠠᠯᠳᠠ ᠦᠭᠡᠢ ᠤᠷᠤᠬᠰᠢᠯᠠᠬᠤ ᠲᠡᠮᠡᠴᠡᠯ ᠤᠨ ᠵᠤᠷᠢᠭ ᠰᠠᠨᠠᠭ᠎ᠠ ᠪᠤᠯᠭᠠᠨ ᠤᠯᠠᠷᠢᠭᠤᠯᠵᠤ᠂ ᠬᠦᠴᠢᠷ ᠢ ᠲᠤᠭᠤᠯᠤᠨ ᠪᠡᠷᠬᠡ ᠶᠢ ᠲᠠᠪᠠᠵᠤ᠂ ᠰᠢᠷᠭᠠᠭᠤ ᠬᠠᠳᠠᠭᠤᠵᠢᠯᠳᠠᠢ ᠪᠠᠷ ᠴᠢᠷᠮᠠᠶᠢᠨ ᠠᠵᠢᠯᠯᠠᠬᠤ ᠬᠠᠳᠠᠨ ᠪᠠᠳᠤ ᠡᠷᠴᠢ ᠵᠤᠷᠢᠭ ᠪᠤᠯᠭᠠᠨ ᠤᠯᠠᠷᠢᠭᠤᠯᠵᠤ᠂ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ︾ ᠠᠮᠢᠳᠤᠯᠢᠭ ᠦᠢᠯᠡᠳᠦᠯᠭᠡ ᠪᠤᠯᠭᠠᠨ ᠤᠯᠠᠷᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠪᠦᠬᠦᠳᠡ ᠬᠤᠷᠠᠯ ᠠᠴᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠦᠭ ᠰᠦᠨᠡᠰᠦ ᠪᠤᠯᠤᠨ᠎ᠠ᠂ ᠠᠯᠢᠪᠠ ᠠᠵᠢᠯ ᠢ ᠰᠠᠶᠢᠳᠤᠷ ᠬᠢᠭᠦ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠤᠯᠤᠨ᠎ᠠ᠃ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠵᠤ᠂ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ︽ᠨᠠᠮ ᠤᠨ ᠲᠦᠪ ᠬᠤᠷᠢᠶ᠎ᠠ ᠶᠢᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠲᠤᠬᠠᠢ ᠲᠤᠬᠳᠠᠭᠠᠯ ᠤᠳ︾᠎ ᠢ ᠨᠠᠷᠢᠨ ᠬᠢᠨᠠᠮᠠᠭᠠᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶ᠎ᠠ ᠪᠠ ᠪᠦᠬᠦ ᠨᠠᠮ ᠤᠨ ᠭᠤᠤᠯᠯᠠᠬᠴᠢ ᠪᠤᠯᠬᠤ ᠪᠠᠶᠢᠷᠢ ᠰᠠᠭᠤᠷᠢ ᠶᠢ ᠬᠠᠮᠠᠭᠠᠯᠠᠬᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠠ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠬᠠᠮᠠᠭᠠᠯᠠᠬᠤ ᠪᠠᠷ ᠬᠠᠮᠤᠭ ᠤᠨ ᠶᠡᠭᠡ ᠤᠯᠤᠰ ᠲᠦᠷᠦ ᠪᠤᠯᠭᠠᠵᠤ᠂ ︽ᠲᠦᠷᠪᠡᠨ ᠤᠬᠠᠮᠰᠠᠷ︾᠎ ᠢ ᠠᠵᠢᠯ ᠤᠨ ᠪᠠᠶᠢᠷᠢ ᠲᠡᠭᠡᠷ᠎ᠠ ᠪᠠᠨ ᠨᠡᠶᠢᠳᠡᠪᠦᠷᠢᠵᠢᠭᠤᠯᠦᠨ᠂ ᠠᠵᠢᠯᠯᠠᠭ᠎ᠠ ᠲᠡᠭᠡᠷ᠎ᠠ ᠪᠠᠨ ᠨᠠᠶᠢᠳᠡᠪᠦᠷᠢᠵᠢᠭᠤᠯᠵᠤ᠂ ᠭᠤᠤᠯᠯᠠᠬᠴᠢ ᠪᠠᠨ ᠦᠨᠡᠨᠴᠢ ᠰᠢᠳᠤᠷᠭᠤ ᠪᠠᠷ ᠬᠦᠷᠢᠶᠡᠯᠡᠵᠤ᠂ ᠤᠳᠤᠷᠢᠳᠤᠬᠴᠢ ᠪᠠᠨ ᠴᠢᠩ ᠰᠡᠳᠬᠢᠯ ᠠᠴᠠ ᠪᠠᠨ ᠬᠠᠶᠢᠷᠠᠯᠠᠨ᠂ ᠦᠵᠡᠯ ᠰᠠᠨᠠᠭ᠎ᠠ ᠤᠯᠤᠰ ᠲᠦᠷᠦ ᠦᠢᠯᠠ ᠠᠵᠢᠯᠯᠠᠭ᠎ᠠ ᠶᠢᠨ ᠲᠠᠯ᠎ᠠ ᠪᠠᠷ ᠢᠮᠠᠬᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ ᠬᠡᠷᠡᠭᠳᠡᠢ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢᠨ ᠴᠠᠭ ᠦᠶ᠎ᠠ ᠶᠢᠨ ᠠᠬᠤᠢ ᠪᠠᠶᠢᠳᠠᠯ᠂ ᠲᠡᠤᠭᠡᠳᠤ ᠪᠠᠶᠢᠷᠢ ᠰᠠᠭᠤᠷᠢ᠂ ᠰᠢᠨᠵᠢᠯᠡᠭᠦ ᠤᠬᠠᠭᠠᠨᠴᠢ ᠰᠢᠰᠲ᠋ᠧᠮᠵᠢ᠂ ᠵᠤᠷᠢᠭ ᠰᠠᠨᠠᠭᠠᠨ ᠤ ᠮᠦᠨ ᠴᠢᠨᠠᠷ᠂ ᠦᠢᠯᠡᠳᠦᠯᠭᠡ ᠶᠢᠨ ᠱᠠᠭᠠᠷᠳᠠᠯᠭ᠎ᠠ ᠶᠢ ᠬᠦᠨᠵᠡᠭᠡᠢ ᠤᠶᠢᠯᠠᠭᠠᠵᠤ᠂ ᠡᠭᠦᠨ ᠳᠤ ᠨᠡᠪᠴᠢᠵᠤ ᠪᠦᠬᠦᠢ ᠮᠠᠷᠺᠰ ᠤᠨ ᠦᠵᠡᠯ ᠤᠨ ᠵᠤᠬᠰᠤᠯᠳᠠ᠂ ᠦᠵᠡᠯᠳᠡ᠂ ᠠᠷᠭ᠎ᠠ ᠶᠢ ᠬᠦᠨᠵᠡᠭᠡᠢ ᠤᠶᠢᠯᠠᠭᠠᠵᠤ᠂ ᠡᠭᠦᠨ ᠳᠤ ᠠᠭᠤᠯᠤᠬᠳᠠᠵᠤ ᠪᠦᠬᠦᠢ ᠪᠠᠳᠤ ᠴᠢᠩᠭ᠎ᠠ ᠢᠳᠡᠭᠡᠯ ᠪᠢᠰᠢᠷᠡᠯ᠂ ᠢᠯᠡ ᠲᠤᠳᠤᠷᠬᠠᠢ ᠠᠷᠠᠳ ᠲᠦᠮᠡᠨ ᠤ ᠵᠤᠬᠰᠤᠯᠳᠠ᠂ ᠴᠢᠩᠭ᠎ᠠ ᠬᠦᠴᠦᠷᠭᠡᠭ ᠲᠡᠤᠭᠡᠳᠤ ᠡᠭᠦᠷᠭᠡ ᠬᠠᠷᠢᠭᠤᠴᠠᠯᠭ᠎ᠠ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠭᠦ ᠤᠪᠤᠷ ᠰᠤᠷᠳᠠᠯ᠂ ᠵᠤᠷᠢᠬᠳᠠᠢ ᠪᠠᠷ ᠰᠢᠨ᠎ᠠ ᠶᠢ ᠡᠭᠦᠳᠭᠦ ᠵᠤᠷᠢᠭ ᠰᠠᠨᠠᠭ᠎ᠠ ᠪᠠ ᠰᠢᠨᠵᠢᠯᠡᠭᠦ ᠤᠬᠠᠭᠠᠨᠴᠢ ᠠᠷᠭ᠎ᠠ ᠶᠢᠨ ᠤᠨᠤᠯ ᠢ ᠬᠦᠨᠵᠡᠭᠡᠢ ᠤᠶᠢᠯᠠᠭᠠᠵᠤ᠂ ᠲᠤᠤᠱᠯᠠᠭᠤᠯᠤᠨ ᠨᠡᠶᠢᠳᠡᠪᠦᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠤᠯᠤᠨ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠰᠠᠨᠠᠭ᠎ᠠ ᠪᠠᠨ ᠴᠦᠭᠦᠷᠡᠰᠢ ᠦᠭᠡᠢ ᠪᠠᠷ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠪᠦᠬᠦᠳᠡ ᠬᠤᠷᠠᠯ ᠠᠴᠠ᠂ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠯᠠᠶᠢᠭ ᠲᠠᠢ ᠨᠡᠶᠢᠭᠡᠮ ᠵᠢᠷᠤᠮ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠶᠢ ᠦᠨᠳᠦᠰᠦᠯᠡᠵᠤ᠂ ᠨᠠᠮ ᠤᠨ ᠲᠦᠪ ᠬᠤᠷᠢᠶ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠲᠤᠷᠠᠳᠤᠬᠰᠠᠨ ︽ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠬᠡᠷᠡᠭᠳᠡᠢ︾᠂ ︽ᠦᠨᠳᠦᠰᠦᠳᠡᠨ ᠤ ᠭᠠᠵᠠᠷ ᠤᠷᠤᠨ ᠳᠠᠬᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠶᠠᠪᠤᠴᠠ ᠳᠤ ᠦᠷᠭᠦᠯᠵᠢᠡᠯᠨ ᠡᠮᠦᠨ᠎ᠠ ᠡᠩᠨᠡᠭᠡᠨ ᠳᠤ ᠬᠤᠰᠢᠭᠤᠷᠠᠬᠤ ᠬᠡᠷᠡᠭᠳᠡᠢ︾᠂ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠦᠶ᠎ᠠ︾ ᠬᠡᠭᠦ ᠵᠡᠷᠭᠡ ᠬᠠᠷᠠᠯᠳᠠ ᠱᠠᠭᠠᠷᠳᠠᠯᠭ᠎ᠠ ᠶᠤᠰᠤᠭᠠᠷ᠂ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠠᠯᠬᠤᠮ ᠲᠠᠷᠠᠭᠠᠯᠠᠯ ᠢ ᠴᠢᠨᠠᠬᠰᠢᠳᠠ ᠲᠤᠲᠤᠷᠬᠠᠶᠢᠯᠠᠪᠠ  ᠲᠤᠬᠠᠶᠢᠯᠠᠪᠠᠯ 2020 ᠤᠨ ᠳᠤ ᠪᠦᠬᠦ ᠤᠯᠤᠰ ᠲᠠᠢ ᠵᠡᠷᠭᠡᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠠᠨ ᠰᠠᠭᠤᠷᠢᠨ ᠲᠡᠭᠡᠷ᠎ᠠ᠂ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠰᠢᠨ᠎ᠠ ᠠᠶᠠᠨ ᠵᠠᠮ ᠢ ᠡᠬᠢᠯᠡᠭᠦᠯᠵᠤ᠂ 2035 ᠤᠨ ᠪᠤᠯᠬᠤ ᠳᠤ ᠨᠡᠶᠢᠭᠡᠮ ᠵᠢᠷᠤᠮ ᠤᠨ ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠭᠦᠯᠵᠤ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠤᠨ᠎ᠠ︔ ᠲᠤᠰ ᠵᠠᠭᠤᠨ ᠤ ᠲᠤᠮᠳᠠᠴᠢ ᠦᠶ᠎ᠡ ᠪᠤᠯᠬᠤ ᠳᠤ ᠤᠳᠤᠬᠢᠴᠢᠯᠠᠬᠰᠠᠨ ᠦᠪᠦᠷ ᠮᠤᠩᠭᠤᠯ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠲᠤᠮᠳᠠᠳᠤ ᠶᠢᠨ ᠵᠡᠭᠦᠳᠦ ᠶᠢ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠲᠠᠢ ᠬᠠᠮᠳᠤᠪᠡᠷ ᠲᠡᠷᠬᠡᠯᠰᠢᠭᠦᠯᠦᠨ᠎ᠠ᠃      ᠪᠦᠬᠦᠳᠡ ᠬᠤᠷᠠᠯ ᠠᠴᠠ᠂ ᠬᠦᠭᠵᠢᠭᠦᠯᠬᠦ ᠪᠤᠯ ᠦᠪᠦᠷ ᠮᠤᠩᠭᠤᠯ ᠤᠨ ᠠᠯᠢᠪᠠ ᠠᠰᠠᠭᠤᠳᠠᠯ ᠢ ᠰᠢᠢᠳᠪᠦᠷᠢᠯᠡᠭᠦ ᠰᠠᠭᠤᠷᠢ ᠪᠤᠯᠬᠤ ᠪᠦᠭᠡᠳ ᠵᠠᠩᠬᠢᠯᠠᠭ᠎ᠠ ᠪᠤᠯᠤᠨ᠎ᠠ᠃ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠳᠠ ᠠᠴᠠ ᠡᠯ᠎ᠠ ᠵᠦᠢᠯ ᠤᠨ ᠠᠵᠢᠯ ᠳᠤ ᠲᠤᠷᠠᠳᠤᠬᠰᠠᠨ ᠰᠢᠨ᠎ᠠ ᠱᠠᠭᠠᠷᠳᠠᠯᠭ᠎ᠠ ᠶᠢ ᠪᠠᠳᠤ ᠡᠵᠡᠮᠰᠢᠵᠤ᠂ ᠬᠠᠷᠠᠬᠠᠨ ᠬᠦᠭᠵᠢᠭᠡᠳᠦᠢ ᠪᠠᠶᠢᠬᠤ ᠤᠷᠤᠨ ᠤ ᠦᠨᠳᠦᠰᠦᠨ ᠪᠠᠶᠢᠳᠠᠯ ᠳᠤ ᠰᠠᠭᠤᠷᠢᠯᠠᠨ᠂ ᠬᠦᠭᠵᠢᠯᠳᠡ ᠶᠢᠨ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠰᠢᠨ᠎ᠠ ᠬᠦᠭᠵᠢᠯᠳᠡ ᠶᠢᠨ ᠤᠨᠤᠯᠵᠢᠬᠤᠨ ᠢ ᠪᠦᠬᠦ ᠲᠠᠯ᠎ᠠ ᠪᠠᠷ ᠲᠤᠤᠱᠯᠠᠭᠤᠯᠤᠨ᠂ ᠭᠤᠤᠯᠳᠠᠯᠭ᠎ᠠ ᠶᠢ ᠠᠳᠬᠤᠬᠤ᠂ ᠲᠤᠳᠠᠭᠤᠳᠠᠯ ᠢ ᠨᠦᠬᠦᠪᠦᠷᠢᠯᠡᠭᠦ᠂ ᠪᠠᠭᠤᠷᠠᠢ ᠲᠠᠯ᠎ᠠ ᠶᠢ ᠬᠦᠴᠦᠷᠭᠡᠭᠵᠢᠭᠦᠯᠭᠦ ᠶᠢ ᠲᠤᠪᠤᠶᠢᠯᠭᠠᠵᠤ᠂ ᠰᠢᠨᠵᠢᠯᠡᠭᠦ ᠤᠬᠠᠭᠠᠨ ᠰᠤᠷᠭᠠᠨ ᠬᠦᠮᠦᠵᠢᠯ ᠢᠶᠠᠷ ᠤᠷᠤᠨ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠳᠠᠨ ᠢᠶᠠᠷ ᠤᠷᠤᠨ ᠢᠶᠠᠨ ᠬᠦᠴᠦᠷᠭᠡᠭᠵᠢᠭᠦᠯᠭᠦ ᠪᠠᠶᠢᠯᠳᠤᠬᠤ ᠪᠤᠳᠤᠯᠭ᠎ᠠ᠂ ᠰᠢᠨ᠎ᠠ ᠶᠢ ᠡᠭᠦᠳᠭᠦ ᠪᠠᠷ ᠬᠦᠭᠵᠢᠯᠳᠡ ᠶᠢᠨ ᠬᠦᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠤᠷᠤᠨ ᠪᠦᠰᠡ ᠶᠢ ᠵᠤᠬᠢᠴᠠᠩᠭᠤᠢ ᠪᠠᠷ ᠬᠦᠭᠵᠢᠭᠦᠯᠬᠦ ᠪᠠᠶᠢᠯᠳᠤᠬᠤ ᠪᠤᠳᠤᠯᠭ᠎ᠠ᠂ ᠦᠷᠭᠦᠯᠵᠢᠯᠡᠬᠦ ᠬᠦᠭᠵᠢᠯᠳᠡ ᠶᠢᠨ ᠪᠠᠶᠢᠯᠳᠤᠬᠤ ᠪᠤᠳᠤᠯᠭ᠎ᠠ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠭᠦ ᠪᠠᠶᠢᠯᠳᠤᠬᠤ ᠪᠤᠳᠤᠯᠭ᠎ᠠ ᠶᠢ ᠶᠡᠭᠡᠪᠡᠷ ᠬᠡᠷᠡᠭᠵᠢᠭᠦᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠬᠡᠶᠢᠯᠡᠨ ᠠᠷᠢᠯᠭᠠᠬᠤ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢ ᠰᠠᠶᠢᠳᠤᠷ ᠬᠢᠵᠤ᠂ ᠤᠳᠤᠬᠢᠴᠢᠯᠠᠬᠰᠠᠨ ᠠᠵᠤ ᠠᠬᠤᠢ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠨᠡᠶᠢᠭᠡᠮ ᠵᠢᠷᠤᠮ ᠤᠨ ᠠᠷᠠᠳᠴᠢᠯᠡᠬᠰᠠᠨ ᠤᠯᠤᠰ ᠲᠦᠷᠦ ᠶᠢᠨ ᠪᠠᠶᠢᠭᠤᠯᠤᠯᠳᠠ ᠶᠢ ᠠᠬᠢᠭᠤᠯᠵᠤ᠂ ᠨᠡᠶᠢᠭᠡᠮ ᠵᠢᠷᠦᠮ ᠤᠨ ᠰᠤᠶᠤᠯ ᠤᠨ ᠴᠡᠴᠡᠭᠯᠡᠯᠳᠡ ᠬᠦᠭᠵᠢᠯᠳᠡ ᠶᠢ ᠠᠬᠢᠭᠤᠯᠵᠤ᠂ ᠬᠠᠮᠳᠤᠪᠡᠷ ᠪᠠᠶᠢᠭᠤᠯᠬᠤ ᠬᠠᠮᠳᠤᠪᠡᠷ ᠬᠦᠷᠲᠡᠬᠦ ᠲᠤᠮᠳᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠲᠦᠷᠭᠡᠳᠭᠡᠨ ᠪᠦᠳᠦᠭᠡᠨ ᠪᠠᠶᠢᠭᠤᠯᠵᠤ᠂ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠠ ᠠᠰᠢᠭ ᠢ ᠶᠡᠭᠡᠪᠡᠷ ᠲᠡᠭᠡᠭᠰᠢᠯᠡᠭᠦᠯᠵᠤ᠂ ᠬᠦᠭᠵᠢᠯᠳᠡ ᠲᠡᠩᠴᠡᠭᠦᠷᠢ ᠦᠭᠡᠢ ᠬᠦᠢᠴᠡᠳ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠠᠵᠤ ᠠᠬᠤᠢ᠂ ᠤᠯᠤᠰ ᠲᠦᠷᠦ᠂ ᠰᠤᠶᠤᠯ᠂ ᠨᠡᠶᠢᠭᠡᠮ᠂ ᠠᠮᠢ ᠠᠬᠤᠢ ᠵᠡᠷᠭᠡ ᠲᠠᠯ᠎ᠠ ᠶᠢᠨ ᠡᠳᠦᠷ ᠢᠷᠡᠭᠦᠶ᠎ᠠ ᠨᠡᠮᠡᠭᠳᠡᠵᠤ ᠪᠠᠶᠢᠭ᠎ᠠ ᠬᠡᠷᠡᠭᠴᠡᠭᠡ ᠶᠢ ᠨᠡᠩ ᠰᠠᠶᠢᠳᠤᠷ ᠬᠠᠩᠭᠠᠵᠤ᠂ ᠬᠦᠮᠦᠨ ᠤ ᠪᠦᠬᠦ ᠲᠠᠯ᠎ᠠ ᠶᠢᠨ ᠬᠦᠭᠵᠢᠯᠳᠡ᠂ ᠨᠡᠶᠢᠭᠡᠮ ᠤᠨ ᠪᠦᠬᠦ ᠲᠠᠯ᠎ᠠ ᠶᠢᠨ ᠲᠠᠪᠰᠢᠯᠳᠠ ᠶᠢ ᠨᠡᠩ ᠰᠠᠶᠢᠳᠤᠷ ᠠᠬᠢᠭᠤᠯᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠢᠨ᠎ᠠ ᠱᠠᠭᠠᠷᠳᠠᠯᠭ᠎ᠠ ᠪᠤᠯᠤᠨ ᠪᠠᠶᠢᠳᠠᠯ ᠡᠭᠦᠷᠭᠡ ᠶᠢᠨ ᠰᠢᠨ᠎ᠠ ᠬᠤᠪᠢᠷᠠᠯᠳᠠ ᠶᠢ ᠪᠠᠳᠤ ᠡᠵᠡᠮᠳᠡᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠴᠢᠨᠠᠬᠰᠢᠳᠠ ᠲᠡᠭᠦᠯᠳᠡᠷᠵᠢᠭᠦᠯᠦᠨ ᠬᠢᠨᠠᠮᠠᠭᠠᠢ ᠨᠡᠶᠢᠳᠡᠪᠦᠷᠢᠵᠢᠭᠤᠯᠵᠤ᠂ ᠡᠭᠦᠷᠭᠡᠯᠡᠯ ᠢᠶᠠᠨ ᠴᠢᠩᠭᠠᠷᠠᠭᠤᠯᠦᠨ ᠬᠦᠭᠵᠢᠯᠳᠡ ᠶᠢ ᠴᠢᠬᠤᠯᠠᠴᠢᠯᠠᠵᠤ᠂ ᠢᠳᠡᠭᠡᠯ ᠢᠶᠠᠨ ᠪᠠᠳᠤᠳᠬᠠᠨ ᠬᠦᠭᠵᠢᠯᠳᠡ ᠶᠢ ᠲᠦᠷᠭᠡᠳᠭᠡᠵᠤ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠵᠤ ᠴᠢᠨᠠᠷ ᠰᠠᠶᠢᠳᠠᠢ ᠬᠦᠭᠵᠢᠵᠤ᠂ ᠨᠢᠭᠡᠳᠦᠯᠳᠡᠢ ᠲᠦᠯᠦᠪᠵᠢᠭᠦᠯᠦᠨ ᠨᠡᠶᠢᠳᠡ ᠳᠤᠨᠢ ᠬᠠᠷᠠᠭᠠᠯᠵᠠᠵᠤ ᠪᠦᠬᠦ ᠲᠠᠯ᠎ᠠ ᠪᠠᠷ ᠬᠦᠭᠵᠢᠵᠦ᠂ ᠨᠡᠩ ᠶᠡᠭᠡ ᠡᠷᠡᠰ ᠵᠤᠷᠢᠭ᠂ ᠰᠦᠰᠦ ᠵᠤᠷᠢᠭ ᠪᠠ ᠠᠵᠢᠯ ᠤᠨ ᠡᠷᠴᠢᠮ ᠢᠶᠠᠷ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠂ ᠬᠦᠭᠵᠢᠯᠳᠡ᠂ ᠠᠮᠢ ᠠᠬᠤᠢ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠳᠤ ᠰᠠᠬᠢᠵᠤ᠂ ᠰᠢᠨ᠎ᠠ ᠬᠡᠯᠪᠡᠷᠢ ᠶᠢᠨ ᠠᠵᠤ ᠦᠢᠯᠡᠳᠪᠦᠷᠢᠵᠢᠯᠳᠡ᠂ ᠮᠡᠳᠡᠭᠡ ᠵᠠᠩᠬᠢᠵᠢᠯᠳᠡ᠂ ᠬᠤᠳᠠ ᠪᠠᠯᠭᠠᠰᠤᠵᠢᠯᠳᠡ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠶᠢ ᠠᠬᠢᠭᠤᠯᠬᠤ ᠪᠠ ᠢᠵᠢᠯ ᠠᠯᠬᠤᠮ ᠢᠶᠠᠷ ᠬᠦᠭᠵᠢᠬᠦ ᠲᠠᠯ᠎ᠠ ᠪᠠᠷ ᠲᠠᠰᠤᠷᠠᠯᠳᠠ ᠦᠭᠡᠢ ᠰᠢᠨ᠎ᠠ ᠠᠷᠭ᠎ᠠ ᠬᠡᠮᠵᠢᠶ᠎ᠠ ᠲᠤᠬᠳᠠᠭᠠᠵᠤ᠂ ᠰᠢᠨ᠎ᠠ ᠠᠮᠵᠢᠯᠳᠡ ᠤᠯᠵᠤ᠂ ᠡᠭᠡ ᠤᠯᠤᠰ ᠤᠨ ᠤᠮᠠᠷᠠᠳᠦ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ ᠪᠠ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠲᠠᠯ᠎ᠠ ᠪᠠᠷ ᠲᠠᠰᠤᠷᠠᠯᠳᠠ ᠦᠭᠡᠢ ᠰᠢᠨ᠎ᠠ ᠠᠬᠢᠴᠠ ᠲᠠᠢ ᠪᠤᠯᠵᠤ᠂ ᠰᠢᠨ᠎ᠠ ᠬᠤᠪᠢ ᠨᠡᠮᠡᠷᠢ ᠦᠵᠡᠭᠦᠯᠦᠨ᠂ ᠨᠡᠩ ᠴᠢᠨᠠᠷ ᠰᠠᠶᠢᠳᠠᠢ᠂ ᠨᠡᠩ ᠦᠷ᠎ᠠ ᠪᠦᠳᠦᠮᠵᠢᠳᠡᠢ᠂ ᠨᠡᠩ ᠲᠦᠪ ᠭᠤᠤᠯᠴᠢ᠂ ᠨᠡᠩ ᠦᠷᠭᠦᠯᠵᠢᠯᠡᠭᠦ ᠬᠦᠭᠵᠢᠯᠳᠡ ᠶᠢ ᠴᠢᠷᠮᠠᠶᠢᠨ ᠪᠡᠶᠡᠯᠡᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃      ᠪᠦᠬᠦᠳᠡ ᠬᠤᠷᠠᠯ ᠠᠴᠠ᠂ ᠰᠢᠨ᠎ᠠ ᠴᠠᠭ ᠦᠶ᠎ᠠ ᠳᠤ ᠤᠷᠤᠵᠤ᠂ ᠰᠢᠨ᠎ᠠ ᠠᠶᠠᠨ ᠵᠠᠮ ᠢᠶᠠᠨ ᠡᠬᠢᠯᠡᠭᠦᠯᠵᠤ᠂ ᠰᠢᠨ᠎ᠠ ᠬᠠᠭᠤᠳᠠᠰᠦ ᠶᠢ ᠪᠢᠴᠢᠭᠯᠡᠭᠦ ᠨᠢ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠢ ᠰᠠᠶᠢᠳᠤᠷ ᠬᠢᠭᠦ ᠳᠤ ᠰᠢᠨ᠎ᠠ ᠨᠡᠩ ᠦᠨᠳᠦᠷ ᠱᠠᠭᠠᠷᠳᠠᠯᠭ᠎ᠠ ᠲᠤᠷᠠᠳᠴᠠᠢ᠃ ᠬᠢᠯᠢ ᠬᠢᠵᠠᠭᠠᠷ ᠤᠨ ᠦᠨᠳᠦᠰᠦᠳᠡᠨ ᠤ ᠭᠠᠵᠠᠷ ᠤᠷᠤᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠤᠨᠴᠠᠭᠠᠢ ᠴᠢᠬᠤᠯᠠ ᠴᠢᠨᠠᠷ ᠢ ᠬᠦᠨᠵᠡᠭᠡᠢ ᠲᠠᠨᠢᠵᠤ᠂ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠬᠦᠨᠵᠡᠬᠡᠶᠢᠷᠡᠭᠦᠯᠦᠨ ᠨᠡᠶᠢᠳᠡᠪᠦᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠪᠠᠷ ᠶᠡᠷᠦᠩᠬᠡᠶᠢᠯᠡᠨ ᠵᠢᠯᠤᠭᠤᠳᠬᠤ᠂ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠤ᠂ ᠨᠡᠩ ᠡᠷᠡᠰ ᠪᠠᠳᠤ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠠ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠬᠠᠮᠠᠭᠠᠯᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠴᠦᠭᠦᠷᠡᠰᠢ ᠦᠭᠡᠢ ᠪᠠᠷ ᠨᠠᠮ ᠤᠨ ᠬᠡᠰᠢᠭᠦᠨ ᠺᠠᠳ᠋ᠷᠴᠤᠳ ᠢ ᠵᠡᠪᠰᠡᠭᠯᠡᠨ᠂ ᠦᠨᠳᠦᠷ ᠬᠡᠪ ᠪᠤᠯᠪᠠᠰᠤᠷᠠᠯ ᠪᠦᠬᠦᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠰᠤᠷᠳᠠᠯ ᠢ ᠴᠡᠭᠴᠡᠯᠡᠨ ᠰᠠᠬᠢᠯᠭ᠎ᠠ ᠪᠠᠳᠤ ᠶᠢ ᠴᠢᠩᠳᠠᠯᠠᠬᠤ ᠶᠢ ᠢᠮᠠᠬᠳᠠ ᠪᠠᠷᠢᠮᠳᠠᠯᠠᠵᠤ᠂ ᠲᠦᠷᠢᠮ ᠤᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠰᠠᠶᠢᠳᠤᠷ ᠠᠳᠬᠤᠵᠤ᠂ ᠢᠯᠵᠢᠷᠠᠯ ᠢ ᠡᠰᠡᠷᠭᠦᠴᠡᠭᠦ ᠲᠡᠮᠡᠴᠡᠯ ᠢ ᠬᠦᠨᠵᠡᠭᠡᠢ ᠠᠬᠢᠭᠤᠯᠦᠨ᠂ ᠨᠠᠮ ᠤᠨ ᠪᠠᠶᠢᠭᠤᠯᠤᠯᠳᠠ ᠶᠢᠨ ᠶᠠᠰᠦ ᠴᠢᠨᠠᠷ ᠢ ᠲᠠᠰᠤᠷᠠᠯᠳᠠ ᠦᠭᠡᠢ ᠲᠡᠭᠡᠭᠰᠢᠯᠡᠭᠦᠯᠦᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠦᠨᠵᠡᠭᠡᠶᠢᠷᠡᠨ ᠬᠦᠭᠵᠢᠭᠦ ᠶᠢ ᠬᠦᠴᠦᠯᠡᠨ ᠠᠬᠢᠭᠤᠯᠵᠤ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠳᠤ ᠦᠨᠳᠦᠰᠦᠨ ᠪᠠᠳᠤᠯᠠᠭ᠎ᠠ ᠬᠠᠩᠭᠠᠬᠤ ᠬᠡᠷᠡᠭᠳᠡᠢ ᠬᠡᠵᠤ ᠴᠢᠬᠤᠯᠠᠴᠢᠯᠠᠪᠠ᠃      ᠪᠦᠬᠦᠳᠡ ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠳᠤ ᠤᠳᠤᠬᠠᠨ ᠤ ᠠᠵᠢᠯ ᠢ ᠡᠷᠬᠡᠪᠰᠢ ᠴᠢᠷᠮᠠᠶᠢᠨ ᠰᠠᠶᠢᠳᠤᠷ ᠬᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠠ ᠲᠠᠯ᠎ᠠ ᠳᠤ ᠨᠡᠶᠢᠳᠡᠪᠦᠷᠢᠵᠢᠭᠤᠯᠵᠤ᠂ ᠡᠨᠡ ᠵᠢᠯ ᠤᠨ ᠡᠯ᠎ᠠ ᠵᠦᠢᠯ ᠤᠨ ᠠᠵᠢᠯ ᠢ ᠰᠠᠶᠢᠳᠤᠷ ᠬᠢᠭᠦ ᠪᠠ ᠢᠷᠡᠭᠦ ᠵᠢᠯ ᠤᠨ ᠠᠵᠢᠯ ᠢ ᠰᠠᠶᠢᠳᠤᠷ ᠲᠤᠬᠢᠷᠠᠭᠤᠯᠬᠤ ᠲᠤᠮᠳᠠ ᠢᠯᠡᠷᠡᠭᠦᠯᠭᠦ ᠬᠡᠷᠡᠭᠳᠡᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ ᠡᠷᠴᠢ ᠵᠤᠷᠢᠭ ᠢᠶᠠᠨ ᠬᠦᠪᠴᠢᠯᠡᠡ ᠢᠳᠡ ᠬᠦᠴᠦᠨ ᠢᠶᠠᠨ ᠰᠢᠪᠬᠠᠵᠦ᠂ ᠬᠠᠷᠠᠯᠳᠠ ᠡᠭᠦᠷᠭᠡ ᠲᠠᠢ ᠪᠠᠨ ᠬᠠᠷᠢᠴᠠᠭᠤᠯᠵᠤ ᠲᠦᠪᠯᠡᠷᠡᠭᠦᠯᠦᠨ ᠪᠤᠭᠤᠮᠳᠠ ᠰᠢᠪᠳᠤᠯᠵᠤ᠂ ᠭᠤᠤᠯᠳᠠᠯᠭ᠎ᠠ ᠶᠢ ᠲᠤᠪᠤᠶᠢᠯᠭᠠᠨ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂ ᠠᠮᠤᠷ ᠲᠦᠪᠰᠢᠨ ᠲᠤᠬᠳᠠᠭᠤᠨ ᠪᠠᠶᠢᠳᠠᠯ ᠢ ᠤᠬᠳᠤᠬᠠᠨ ᠴᠤ ᠰᠤᠯᠠᠷᠠᠭᠤᠯᠤᠯ ᠦᠭᠡᠢ ᠬᠠᠮᠠᠭᠠᠯᠠᠵᠤ᠂ ᠢᠷᠡᠭᠦ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢ ᠡᠷᠳᠡ ᠠᠴᠠ ᠲᠦᠯᠦᠪᠵᠢᠭᠦᠯᠵᠤ᠂ ᠲᠡᠭᠡᠳᠦ ᠬᠡᠮᠵᠢᠶ᠎ᠡ ᠪᠠᠷ ᠬᠠᠷᠢᠭᠤᠴᠠᠬᠤ ᠵᠤᠷᠢᠭ ᠰᠠᠨᠠᠭ᠎ᠠ ᠪᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠬᠤᠭᠤᠴᠠᠭ᠎ᠠ ᠰᠤᠯᠢᠬᠤ ᠠᠵᠢᠯ ᠢ ᠰᠠᠶᠢᠳᠤᠷ ᠬᠢᠵᠤ᠂ ᠡᠨᠡ ᠵᠢᠯ ᠤᠨ ᠠᠵᠢᠯ ᠢ ᠰᠠᠶᠢᠳᠤᠷ ᠪᠡᠶᠡᠯᠡᠭᠦᠯᠦᠨ᠂ ᠢᠷᠡᠭᠦ ᠵᠢᠯ ᠤᠨ ᠠᠵᠢᠯ ᠢ ᠰᠠᠶᠢᠳᠤᠷ ᠡᠬᠢᠯᠡᠭᠦᠯᠭᠦ ᠶᠢ ᠪᠠᠳᠤᠯᠠᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠪᠦᠬᠦᠳᠡ ᠬᠤᠷᠠᠯ ᠠᠴᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠪᠠ ᠤᠳᠤᠬᠢᠴᠢᠯᠠᠬᠰᠠᠨ ᠦᠪᠦᠷ ᠮᠤᠩᠭᠤᠯ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠠᠪᠤᠴᠠ ᠳᠤ᠂ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠦᠵᠡᠯ ᠰᠠᠨᠠᠭ᠎ᠠ ᠪᠠᠨ ᠴᠢᠯᠦᠭᠡᠯᠡᠨ᠂ ᠦᠵᠡᠯᠳᠡ ᠪᠠᠨ ᠰᠢᠨᠡᠳᠭᠡᠵᠤ᠂ ᠦᠨᠡᠨᠭᠦ ᠠᠳᠬᠤᠨ ᠪᠤᠳᠠᠳᠠᠢ ᠠᠵᠢᠯᠯᠠᠵᠤ᠂ ᠰᠢᠷᠭᠠᠭᠤ ᠬᠠᠳᠠᠭᠤᠵᠢᠯᠳᠠᠢ ᠠᠵᠢᠯᠯᠠᠨ᠂ ᠡᠷᠳᠡᠮ ᠴᠢᠳᠠᠯ ᠢᠶᠠᠨ ᠨᠡᠮᠡᠭᠳᠡᠬᠦᠯᠵᠤ᠂ ᠠᠵᠢᠯ ᠤᠨ ᠴᠢᠳᠠᠪᠤᠷᠢ ᠪᠠᠨ ᠲᠡᠭᠡᠭᠰᠢᠯᠡᠭᠦᠯᠵᠤ᠂ ᠡᠭᠦᠷᠢᠳᠡ ᠦᠯᠦ ᠴᠠᠯᠠᠭᠠᠶᠢᠷᠠᠬᠤ ᠤᠶᠤᠨ ᠰᠠᠨᠠᠭᠠᠨ ᠤ ᠲᠦᠷᠰᠦ ᠪᠠᠶᠢᠳᠠᠯ ᠪᠤᠯᠤᠨ ᠴᠤᠴᠠᠯᠳᠠ ᠦᠭᠡᠢ ᠤᠷᠤᠬᠰᠢᠯᠠᠨ ᠲᠡᠮᠡᠴᠡᠭᠦ ᠲᠦᠷᠢ ᠪᠠᠶᠢᠳᠠᠯ ᠢ ᠪᠠᠷᠢᠮᠳᠠᠯᠠᠨ᠂ ᠬᠠᠳᠠᠭᠠᠰᠦ ᠬᠠᠳᠠᠬᠤ ᠵᠤᠷᠢᠭ ᠰᠠᠨᠠᠭ᠎ᠠ ᠪᠤᠯᠤᠨ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠴᠠᠭ ᠮᠦᠴᠡ ᠶᠢ ᠠᠮᠵᠢᠨ᠂ ᠦᠷᠯᠦᠭᠡ ᠦᠳᠡᠰᠢ ᠶᠢ ᠲᠡᠮᠡᠴᠡᠵᠤ᠂ ᠨᠠᠮ ᠪᠤᠯᠤᠨ ᠠᠷᠠᠳ ᠲᠦᠮᠡᠨ ᠤ ᠠᠵᠢᠯ ᠦᠢᠯᠡᠰ ᠲᠤ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠤᠷᠤᠯᠴᠠᠵᠤ᠂ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ︾ ᠬᠦᠴᠦᠷᠭᠡᠭ ᠶᠡᠭᠡ ᠬᠦᠴᠦᠨ ᠴᠢᠳᠠᠯ ᠢ ᠨᠢᠬᠳᠠᠷᠠᠭᠤᠯᠬᠤ ᠬᠡᠷᠡᠭᠳᠡᠢ ᠬᠡᠵᠤ ᠱᠠᠭᠠᠷᠳᠠᠪᠠ᠃      ᠪᠦᠬᠦᠳᠡ ᠬᠤᠷᠠᠯ ᠠᠴᠠ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠤᠨ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠵᠤ᠂ ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ᠂ ᠢᠮᠠᠬᠳᠠ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠲᠠᠢ ᠪᠤᠳᠤᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠬᠤ᠂ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠰᠢᠨ᠎ᠠ ᠠᠶᠠᠨ ᠵᠠᠮ ᠢ ᠡᠬᠢᠯᠡᠭᠦᠯᠭᠦ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠶᠢᠨ ᠲᠦᠯᠦᠭᠡ ᠴᠦᠭᠦᠷᠡᠰᠢ ᠦᠭᠡᠢ ᠲᠡᠮᠡᠴᠡᠵᠡᠭᠡᠶ᠎ᠠ ᠬᠡᠵᠤ ᠤᠷᠢᠶᠠᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号