ᠰᠢᠯᠢ ᠶᠢᠨ ᠭᠤᠣᠯ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠲᠤᠭᠤᠷᠢᠭ︶ ᠶᠢᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠶᠢᠮᠠᠭ ᠤᠨ ᠱᠠᠲᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠦᠨᠳᠦᠰᠦᠨ ᠳᠡᠭᠡᠨ ᠠᠵᠢᠯ ᠡᠬᠢᠯᠡᠭᠦᠯᠦᠨ ᠰᠡᠷᠭᠦᠭᠡᠪᠡ
ᠨᠡᠶᠢᠲᠡᠯᠡᠭᠰᠡᠨ ᠴᠠᠭ᠄
2017/11/14
      ᠵᠢᠯ ᠤᠨ ᠡᠬᠢᠨ ᠳᠤ ᠪᠠᠶᠢᠷᠢᠯᠠᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠶᠢᠮᠠᠭ ᠤᠨ ᠱᠠᠲᠤᠨ  ᠤ 190 ᠭᠤᠣᠯᠳᠠᠯᠭ᠎ᠠ ᠲᠠᠢ ᠲᠥᠷᠥᠯ ᠵᠦᠢᠯ ᠳᠣᠲᠣᠷ᠎ᠠ᠂ ᠠᠶᠢᠮᠠᠭ ᠤᠨ ᠰᠢᠭᠤᠳ ᠰᠠᠯᠠᠭ᠎ᠠ ᠮᠥᠴᠢᠷ ᠤᠨ ᠬᠠᠷᠢᠭᠤᠴᠠᠨ ᠠᠬᠢᠭᠤᠯᠬᠤ ᠲᠥᠷᠥᠯ ᠵᠦᠢᠯ ᠢ ᠭᠠᠷᠭᠠᠪᠠᠯ᠂ ᠡᠯ᠎ᠡ ᠬᠤᠰᠢᠭᠤ ᠰᠢᠶᠠᠨ ᠬᠤᠲᠠ ︵ᠲᠤᠭᠤᠷᠢᠭ  ︶ ᠶᠢᠨ ᠬᠠᠷᠢᠭᠤᠴᠠᠨ ᠠᠬᠢᠭᠤᠯᠬᠤ ᠲᠥᠷᠥᠯ ᠵᠦᠢᠯ 121 ᠪᠠᠶᠢᠵᠤ᠂ ᠲᠤᠰ ᠵᠢᠯ 382.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠪᠡ᠃ 10 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ ᠰᠢᠯᠢ ᠶᠢᠨ ᠭᠤᠣᠯ ᠠᠶᠢᠮᠠᠭ ᠤᠨ 13 ᠬᠤᠰᠢᠭᠤ ᠰᠢᠶᠠᠨ ᠬᠤᠲᠠ ︵ᠲᠤᠭᠤᠷᠢᠭ︶ ᠶᠢᠨ ᠬᠠᠷᠢᠭᠤᠴᠠᠨ ᠠᠬᠢᠭᠤᠯᠬᠤ ᠠᠶᠢᠮᠠᠭ ᠤᠨ ᠱᠠᠲᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠦᠨᠳᠦᠰᠦᠨ ᠳᠡᠭᠡᠨ ᠠᠵᠢᠯ ᠡᠬᠢᠯᠡᠭᠦᠯᠦᠨ ᠰᠡᠷᠭᠦᠭᠡᠪᠡ︔ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ ᠰᠢᠯᠢ ᠶᠢᠨ ᠭᠤᠣᠯ ᠠᠶᠢᠮᠠᠭ ᠤᠨ ᠳᠤᠮᠳᠠᠴᠢ ᠬᠢᠷᠢ ᠬᠡᠮᠵᠢᠶ᠎ᠡ ︵62%︶ ᠠᠴᠠ ᠳᠠᠪᠠᠭᠰᠠᠨ ᠨᠢ 9 ᠭᠠᠵᠠᠷ ᠣᠷᠣᠨ ᠪᠠᠶᠢᠵᠤ᠂ ᠲᠤᠰ ᠲᠤᠰ᠄ ᠡᠷᠢᠶᠡᠨ ᠬᠤᠲᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠵᠡᠭᠦᠨ ᠦᠵᠦᠮᠦᠴᠢᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠲᠠᠶᠢᠪᠤᠰᠧ ᠬᠤᠰᠢᠭᠤ᠂ ᠳᠤᠯᠤᠨ ᠨᠤᠤᠷ ᠰᠢᠶᠠᠨ᠂ ᠤᠯᠠᠭᠠᠶ ᠬᠠᠮᠢᠶᠠᠷᠤᠯᠲᠠ ᠶᠢᠨ ᠲᠤᠭᠤᠷᠢᠭ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号