ᠬᠥᠬᠡᠬᠤᠲᠠ ᠶᠢᠨ 28 ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠨᠡᠪᠴᠢᠭᠦᠯᠤᠤᠷ ᠤᠨ ᠰᠠᠭᠤᠷᠢᠨ ᠭᠠᠵᠠᠷ ᠲᠤ2519 ᠰᠢᠬᠠᠮ ᠪᠤᠲᠠᠲᠤ ᠡᠷᠦᠬᠡ ᠤᠷᠤᠵᠤ ᠰᠠᠭᠤᠷᠢᠰᠢᠪᠠ
ᠨᠡᠶᠢᠲᠡᠯᠡᠭᠰᠡᠨ ᠴᠠᠭ᠄
2017/11/14
     ᠡᠨᠡ ᠵᠢᠯ ᠠᠴᠠ ᠨᠠᠰᠢ᠂ ᠬᠥᠬᠡᠬᠤᠲᠠ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠶᠡᠬᠡᠪᠡᠷ ᠲᠡᠳᠬᠦᠨ ᠳᠡᠮᠵᠢᠪᠡ᠃ ᠣᠳᠣᠬᠠᠨ ᠪᠣᠯᠲᠠᠯ᠎ᠠ᠂ ᠬᠥᠬᠡᠬᠤᠲᠠ ᠶᠢᠨ 28 ᠠᠳᠠᠯ ᠦᠢᠯᠡᠰ ᠴᠣᠭᠴᠠᠯᠠᠬᠤ ᠬᠦᠷᠢᠶᠡᠯᠡᠩ ᠪᠣᠯᠤᠨ ᠨᠡᠪᠴᠢᠭᠦᠯᠤᠤᠷ ᠤᠨ ᠰᠠᠭᠤᠷᠢᠨ ᠭᠠᠵᠠᠷ ᠲᠤ 2519 ᠰᠢᠬᠠᠮ ᠡᠷᠦᠬᠡ ᠤᠷᠤᠵᠤ ᠰᠠᠭᠤᠷᠢᠰᠢᠨ᠂ ᠬᠤᠶᠠᠷ ᠲᠦᠮᠡ ᠰᠢᠬᠠᠮ ᠬᠦᠮᠦᠨ ᠳᠤ ᠰᠢᠭᠤᠳ ᠠᠵᠢᠯ ᠤᠯᠭᠤᠬᠤ ᠶᠢ ᠳᠠᠶᠢᠴᠢᠯᠠᠵᠤ᠂ ᠲᠦᠭ ᠲᠦᠮᠡ ᠪᠠᠷ ᠢᠶᠠᠨ ᠠᠳᠠᠯ ᠦᠢᠯᠡᠰ ᠴᠤᠭᠴᠠᠯᠠᠬᠤ 8 ᠣᠷᠣᠨ ᠵᠠᠢ ᠳᠤ 168 ᠪᠤᠲᠠᠲᠤ ᠡᠷᠦᠬᠡ ᠰᠠᠭᠤᠷᠢᠰᠢᠵᠤ᠂ 1197 ᠬᠦᠮᠦᠨ ᠳᠤ ᠰᠢᠭᠤᠳ ᠠᠵᠢᠯ ᠤᠯᠭᠤᠬᠤ ᠶᠢ ᠳᠠᠶᠢᠴᠢᠯᠠᠪᠠ᠃ ᠡᠭᠦᠨ ᠤ ᠬᠠᠮᠲᠤ᠂ ᠡᠨᠡ ᠵᠢᠯ ᠬᠥᠬᠡᠬᠤᠲᠠ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠪᠣᠯᠪᠠᠰᠤᠷᠠᠭᠤᠯᠤᠯ ᠤᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠬᠥᠮᠦᠰ ᠲᠤ ᠠᠵᠢᠯ ᠣᠯᠭᠤᠬᠤ ᠲᠤᠰᠠᠯᠠᠮᠵᠢ ᠪᠠᠷ ᠲᠣᠭᠲᠠᠪᠤᠷᠢᠲᠠᠶ ᠠᠵᠢᠯ ᠤᠯᠭᠤᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠪᠡ᠃ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠬᠥᠬᠡᠬᠤᠲᠠ 4779 ᠬᠥᠮᠦᠨ  ᠳᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠵᠡᠢ︔ ᠪᠦᠬᠦ ᠬᠤᠲᠠ ᠳᠤ ᠶᠠᠭ ᠠᠵᠢᠯ ᠤᠯᠭᠤᠯᠲᠠ ᠦᠭᠡᠢ17 ᠭᠡᠷ ᠪᠦᠯᠢ ᠶᠢ ᠮᠠᠭᠠᠳᠯᠠᠨ ᠲᠣᠭᠲᠠᠭᠠᠵᠤ᠂ ᠬᠠᠪᠰᠤᠷᠤᠨ ᠲᠡᠳᠬᠦᠬᠦ ᠪᠠᠷ ᠳᠠᠮᠵᠢᠭᠤᠯᠤᠨ 17 ᠬᠦᠮᠦᠨ ᠳᠤ ᠠᠵᠢᠯ ᠤᠯᠭᠤᠵᠤ᠂ ᠶᠠᠭ ᠠᠵᠢᠯ ᠤᠯᠭᠤᠯᠲᠠ ᠦᠭᠡᠢ ᠭᠡᠷ ᠪᠦᠯᠢ ᠦᠭᠡᠢ ᠪᠠᠶᠢᠯᠭᠠᠬᠤ ᠶᠢ ᠢᠮᠠᠭᠲᠠ ᠪᠠᠲᠤᠯᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号