ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠡ ᠶᠢ ᠤᠯᠵᠤ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠲᠦᠷᠭᠡᠳᠭᠡᠨ ᠪᠦᠳᠦᠭᠡᠨ ᠪᠠᠶᠢᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠬᠳᠠᠭᠠᠯ
ᠨᠡᠶᠢᠲᠡᠯᠡᠭᠰᠡᠨ ᠴᠠᠭ᠄
2017/11/15
      ︵2017 ᠣᠨ ᠤ 11 ᠳ᠋ᠦ᠋ᠭᠡᠷ ᠰᠠᠷ᠎ᠠ ᠶᠢᠨ 10᠎ ᠤ ᠡᠳᠦᠷ ᠲᠤᠮᠳᠠᠳᠤ ᠤᠯᠤᠰ ᠤᠨ ᠡᠪ ᠬᠠᠮᠳᠤ ᠨᠠᠮ ᠎ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠪᠦᠬᠦᠳᠡ ᠬᠤᠷᠠᠯ ᠠᠴᠠ ᠪᠠᠳᠤᠯᠠᠪᠠ︶      ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠪᠦᠬᠦᠳᠡ ᠬᠤᠷᠠᠯ ᠠᠴᠠ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠲᠤᠬᠳᠠᠭᠠᠯ︾ ︵ᠲᠦᠪ ᠤᠨ ᠲᠠᠷᠬᠠᠭᠠᠬᠰᠠᠨ ﹇2017﹈ 28 ᠳ᠋ᠤᠭᠠᠷ ᠲᠤᠭᠠᠳᠦ︶᠎ ᠢ ᠦᠨᠳᠦᠰᠦᠯᠡᠵᠤ᠂ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠡ ᠶᠢ ᠤᠯᠬᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠲᠦᠷᠭᠡᠳᠭᠡᠨ ᠪᠦᠳᠦᠭᠡᠨ ᠪᠠᠶᠢᠭᠤᠯᠬᠤ ᠲᠤᠬᠠᠢ ᠲᠤᠤᠷᠠᠬᠢ ᠲᠤᠬᠳᠠᠭᠠᠯ ᠢ ᠭᠠᠷᠭᠠᠵᠠᠢ᠃      ᠨᠢᠭᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠴᠢᠬᠤᠯᠠ ᠶᠡᠭᠡ ᠠᠴᠢ ᠬᠤᠯᠪᠤᠬᠳᠠᠯ ᠢ ᠭᠦᠢᠴᠡᠳ ᠲᠠᠨᠢᠬᠤ ᠬᠡᠷᠡᠭᠳᠡᠢ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠱᠠᠳᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠬᠰᠠᠨ ᠵᠠᠩᠬᠢᠯᠠᠭ᠎ᠠ ᠶᠢᠨ ᠬᠤᠭᠤᠴᠠᠭᠠᠨ ᠳᠤ ᠬᠤᠷᠠᠯᠳᠤᠬᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠤᠯᠤᠨ᠎ᠠ᠃ ᠶᠡᠭᠡ ᠬᠤᠷᠠᠯ ᠨᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠤᠨ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠤᠨᠤᠯ᠂ ︽ᠭᠤᠷᠪᠠ ᠶᠢ ᠲᠦᠯᠦᠭᠡᠯᠡᠭᠦ︾ ᠴᠢᠬᠤᠯᠠ ᠦᠵᠡᠯ ᠰᠠᠨᠠᠭ᠎ᠠ᠂ ᠰᠢᠨᠵᠢᠯᠡᠭᠦ ᠤᠬᠠᠭᠠᠨᠴᠢ ᠬᠦᠭᠵᠢᠯᠳᠡ ᠶᠢᠨ ᠦᠵᠡᠯᠳᠡ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠲᠡᠯᠡᠬᠡᠢ ᠶᠢᠨ ᠪᠠ ᠤᠯᠤᠰ ᠎ ᠤᠨ ᠲᠤᠳᠤᠭᠠᠳᠦ ᠶᠢᠨ ᠪᠠᠶᠢᠳᠠᠯ ᠤᠨ ᠬᠦᠭᠵᠢᠯᠳᠡ ᠬᠤᠪᠢᠷᠠᠯᠳᠠ ᠶᠢ ᠵᠠᠳᠠᠯᠤᠨ᠂ ᠦᠩᠭᠡᠷᠡᠭᠰᠡᠨ 5 ᠵᠢᠯ ᠤᠨ ᠠᠵᠢᠯ ᠪᠤᠯᠤᠨ ᠲᠡᠤᠭᠡᠳᠦ ᠴᠢᠨᠠᠷᠳᠠᠢ ᠬᠤᠪᠢᠰᠤᠯᠳᠠ ᠶᠢ ᠡᠷᠬᠢᠴᠡᠭᠦᠯᠦᠨ ᠳ᠋ᠦᠩᠨᠡᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠬᠰᠠᠨ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠨᠢᠭᠡᠨᠳᠡ ᠠᠷᠠᠳ ᠲᠦᠮᠡᠨ ᠤ ᠡᠳᠦᠷ ᠢᠷᠡᠭᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠠ ᠲᠡᠩᠴᠡᠭᠦᠷᠢ ᠦᠭᠡᠢ ᠬᠦᠢᠴᠡᠳ ᠦᠭᠡᠢ ᠬᠦᠭᠵᠢᠯᠳᠡ ᠶᠢᠨ ᠬᠤᠭᠤᠷᠤᠨᠳᠤᠬᠢ ᠵᠦᠷᠢᠴᠡᠯ ᠪᠤᠯᠵᠤ ᠬᠤᠪᠢᠷᠠᠬᠰᠠᠨ ᠵᠡᠷᠭᠡ ᠴᠢᠬᠤᠯᠠ ᠶᠡᠭᠡ ᠤᠯᠤᠰ ᠲᠦᠷᠦ ᠶᠢᠨ ᠮᠠᠭᠠᠳᠯᠠᠯᠲᠠ ᠬᠢᠵᠤ᠂ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠎ ᠤᠨ ᠡᠪ ᠬᠠᠮᠳᠤ ᠨᠠᠮ ᠤᠨ ᠲᠡᠤᠭᠡᠳᠦ ᠡᠭᠦᠷᠭᠡ ᠬᠠᠷᠢᠭᠤᠴᠠᠯᠭ᠎ᠠ ᠶᠢ ᠬᠦᠨᠵᠡᠭᠡᠢ ᠲᠤᠳᠤᠷᠬᠠᠶᠢᠯᠠᠨ ᠦᠭᠦᠯᠡᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠠᠤᠭᠡᠨ ᠪᠠᠶᠢᠷᠢ ᠰᠠᠭᠤᠷᠢ ᠶᠢ ᠲᠤᠳᠤᠷᠬᠠᠶᠢᠯᠠᠨ᠂ ᠰᠢᠨ᠎ᠠ ᠴᠠᠭ ᠦᠶ᠎ᠠ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠭᠦ ᠦᠨᠳᠦᠰᠦᠨ ᠠᠷᠭ᠎ᠠ ᠪᠤᠳᠤᠯᠭ᠎ᠠ ᠶᠢ ᠲᠤᠷᠠᠳᠴᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠬᠤ ᠪᠠ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠨ ᠵᠠᠮ ᠢ ᠡᠬᠢᠯᠡᠭᠦᠯᠭᠦ ᠬᠠᠷᠠᠯᠳᠠ ᠶᠢ ᠲᠤᠬᠳᠠᠭᠠᠵᠤ᠂ ᠰᠢᠨ᠎ᠠ ᠴᠠᠭ ᠦᠶ᠎ᠠ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠪᠠ ᠨᠠᠮ ᠤᠨ ᠪᠠᠶᠢᠭᠤᠯᠤᠯᠳᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠬᠤ ᠳᠤ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠵᠠᠢ᠃      ᠰᠢ ᠶᠢᠨ ᠫᠢᠩ ᠨᠦᠬᠦᠷ ᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢ ᠲᠦᠯᠦᠭᠡᠯᠡᠵᠦ ᠬᠢᠭᠰᠡᠨ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠵᠤ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠰᠤᠭᠠᠢ︾ ᠭᠡᠬᠦ ᠢᠯᠡᠳᠭᠡᠯ ᠨᠢ ᠰᠢᠨ᠎ᠠ ᠴᠠᠭ ᠦᠶ᠎ᠠ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠭᠦ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠢ ᠬᠦᠨᠵᠡᠭᠡᠢ ᠬᠠᠷᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠬᠤ᠂ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠬᠤ ᠠᠤᠭ᠎ᠠ ᠲᠦᠰᠦᠪ ᠢ ᠵᠢᠷᠤᠬᠯᠠᠨ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠤᠷᠤᠬᠰᠢᠯᠠᠯᠳᠠ ᠶᠢᠨ ᠴᠢᠭᠯᠡᠯ ᠢ ᠴᠢᠨᠠᠬᠰᠢᠳᠠ ᠲᠤᠳᠤᠷᠬᠠᠶᠢᠯᠠᠪᠠ᠃ ᠡᠨᠡ ᠪᠤᠯ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠢᠨ᠎ᠠ ᠴᠠᠭ ᠦᠶ᠎ᠠ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠭᠦ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠦᠳᠦᠯᠪᠦᠷᠢ ᠪᠤᠯᠬᠤ ᠪᠦᠭᠡᠳ ᠮᠠᠷᠺᠰ ᠤᠨ ᠦᠵᠡᠯ ᠤᠨ ᠬᠦᠳᠦᠯᠪᠦᠷᠢ ᠶᠢᠨ ᠴᠢᠨᠠᠷᠳᠠᠢ ᠰᠤᠷᠪᠤᠯᠵᠢ ᠪᠢᠴᠢᠭ ᠪᠤᠯᠤᠨ᠎ᠠ᠃      ᠶᠡᠭᠡ ᠬᠤᠷᠠᠯ ᠠᠴᠠ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ ︵ᠵᠠᠰᠠᠪᠤᠷᠢ ᠤᠷᠤᠭᠤᠯᠤᠬᠰᠠᠨ ᠲᠦᠰᠦᠯ︶︾᠎ ᠢ ᠪᠠᠳᠤᠯᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠎ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠮ ᠤᠨ ᠲᠦᠷᠢᠮ ᠳᠤ ᠪᠢᠴᠢᠨ ᠤᠷᠤᠭᠤᠯᠵᠤ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠳᠠᠯᠠᠬᠤ ᠨᠠᠮ ᠤᠨ ᠵᠢᠯᠤᠭᠤᠳᠬᠤ ᠦᠵᠡᠯ ᠰᠠᠨᠠᠭ᠎ᠠ ᠪᠤᠯᠭᠠᠪᠠ᠃ ᠵᠠᠰᠠᠪᠤᠷᠢ ᠤᠷᠤᠭᠤᠯᠤᠬᠰᠠᠨ ᠤ ᠲᠠᠷᠠᠭᠠᠬᠢ ᠨᠠᠮ ᠤᠨ ᠲᠦᠷᠢᠮ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠤᠨ ᠤᠨᠤᠯ ᠤᠨ ᠰᠢᠨ᠎ᠠ ᠶᠢ ᠡᠭᠦᠳᠦᠭᠰᠡᠨ᠂ ᠦᠢᠯᠡᠳᠦᠯᠭᠡ ᠶᠢᠨ ᠰᠢᠨ᠎ᠠ ᠶᠢ ᠡᠭᠦᠳᠦᠭᠰᠡᠨ᠂ ᠲᠦᠷᠢᠮ ᠤᠨ ᠰᠢᠨ᠎ᠠ ᠶᠢ ᠡᠭᠦᠳᠦᠭᠰᠡᠨ ᠦᠷ᠎ᠠ ᠪᠦᠳᠦᠭᠡᠯ ᠢ ᠬᠦᠢᠴᠡᠳ ᠢᠯᠡᠷᠡᠭᠦᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠎ ᠤᠨ ᠢᠯᠡᠳᠭᠡᠯ ᠳᠤ ᠲᠤᠳᠤᠷᠬᠠᠶᠢᠯᠠᠭᠰᠠᠨ ᠴᠢᠬᠤᠯᠠ ᠶᠡᠭᠡ ᠤᠨᠤᠯ ᠤᠨ ᠦᠵᠡᠯᠳᠡ ᠪᠠ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠬᠦᠢᠴᠡᠳ ᠢᠯᠡᠷᠡᠭᠦᠯᠵᠤ᠂ ᠨᠠᠮ ᠤᠨ ᠦᠢᠯᠡᠰ ᠪᠤᠯᠤᠨ ᠨᠠᠮ ᠤᠨ ᠪᠠᠶᠢᠭᠤᠯᠤᠯᠳᠠ ᠶᠢ ᠠᠬᠢᠭᠤᠯᠬᠤ ᠲᠠᠯ᠎ᠠ ᠪᠠᠷ ᠨᠡᠩ ᠰᠠᠶᠢᠨ ᠲᠦᠷᠢᠮᠵᠢᠭᠦᠯᠦᠨ ᠵᠢᠯᠣᠭᠤᠳᠬᠤ ᠦᠢᠯᠡᠳᠦᠯ ᠦᠵᠡᠭᠦᠯᠬᠦ ᠨᠢ ᠯᠠᠪᠳᠠᠢ᠃      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢᠨ ᠠᠩᠬᠠᠳᠤᠭᠠᠷ ᠪᠦᠬᠦᠳᠡ ᠬᠤᠷᠠᠯ ᠠᠴᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠰᠢᠨ᠎ᠠ ᠨᠢᠭᠡ ᠬᠤᠭᠤᠴᠠᠭᠠᠨ ᠤ ᠲᠦᠪ ᠤᠨ ᠤᠳᠤᠷᠢᠳᠬᠤ ᠬᠠᠮᠳᠤ ᠶᠢ ᠰᠤᠩᠭᠤᠨ ᠭᠠᠷᠭᠠᠵᠤ᠂ ᠲᠤᠷᠰᠢᠯᠭ᠎ᠠ ᠪᠠᠶᠠᠯᠢᠭ᠂ ᠮᠤᠷᠠᠯ ᠴᠢᠳᠠᠪᠤᠷᠢ ᠬᠤᠤᠰᠯᠠᠬᠰᠠᠨ᠂ ᠴᠢᠷᠮᠠᠶᠢᠯᠭ᠎ᠠ ᠰᠠᠶᠢᠳᠠᠢ ᠨᠢᠭᠡ ᠪᠦᠯᠦᠭ ᠨᠦᠬᠦᠳ ᠲᠦᠪ ᠤᠨ ᠤᠳᠤᠷᠢᠳᠬᠤ ᠪᠠᠶᠢᠭᠤᠯᠤᠮᠵᠢ ᠳᠤ ᠤᠷᠤᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠦᠷᠨᠢᠯ ᠮᠠᠨᠳᠤᠯ ᠪᠤᠯᠤᠨ ᠪᠢᠯᠬᠠᠮ᠎ᠠ ᠠᠮᠢᠵᠢᠷᠠᠯ ᠤᠨ ᠬᠦᠴᠦᠨ ᠢ ᠬᠦᠢᠴᠡᠳ ᠢᠯᠡᠷᠡᠬᠦᠯᠦᠭᠰᠡᠨ ᠪᠠᠶᠢᠨ᠎ᠠ᠃      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠤᠬᠠᠭᠤᠯᠵᠦ ᠲᠤᠤᠱᠯᠠᠭᠤᠯᠬᠤ ᠨᠢ ᠨᠠᠮ ᠪᠤᠯᠤᠨ ᠤᠯᠤᠰ ᠤᠨ ᠠᠵᠢᠯ ᠤᠨ ᠪᠦᠬᠦ ᠲᠠᠯ᠎ᠠ ᠳᠤ ᠬᠤᠯᠪᠤᠬᠳᠠᠨ᠂ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠢᠯᠡᠰ ᠤᠨ ᠠᠯᠤᠰ ᠭᠡᠳᠦ ᠶᠢᠨ ᠬᠦᠭᠵᠢᠯᠲᠡ ᠳᠤ ᠬᠤᠯᠪᠤᠬᠳᠠᠵᠦ᠂ ᠬᠠᠮᠤᠭ ᠎ ᠤᠨ ᠦᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠬᠤᠯᠪᠤᠬᠳᠠᠵᠦ᠂ ᠪᠦᠬᠦ ᠤᠷᠤᠨ ᠤ ᠦᠷᠭᠡᠨ ᠤᠯᠠᠨ ᠨᠠᠮ ᠤᠨ ᠬᠡᠰᠢᠬᠦᠨ ᠪᠤᠯᠤᠨ ᠺᠠᠳ᠋ᠷ ᠤᠯᠠᠨ ᠲᠦᠮᠡᠨ ᠢ ᠳᠠᠶᠢᠴᠢᠯᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠲᠠᠷᠠᠨ ᠪᠦᠯᠬᠦᠮᠳᠡᠵᠦ᠂ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠤᠨ᠂ ᠵᠠᠮ ᠤᠨ ᠢᠳᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠳᠡᠭᠡᠯ᠂ ᠰᠤᠶᠤᠯ ᠤᠨ ᠢᠲᠡᠭᠡᠯ ᠢ ᠪᠠᠲᠤᠳᠬᠠᠵᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠲᠠ ᠶᠢ ᠤᠯᠬᠤ᠂ ᠤᠳᠤᠬᠢᠴᠢᠯᠠᠬᠰᠠᠨ ᠦᠪᠦᠷ ᠮᠤᠩᠭᠤᠯ ᠢ ᠪᠦᠬᠦ ᠲᠠᠯ᠎ᠠ ᠪᠠᠷ ᠪᠡᠶᠡᠯᠡᠬᠦᠯᠬᠦ ᠰᠢᠨ᠎ᠠ ᠠᠶᠠᠨ ᠵᠠᠮ ᠢ ᠡᠬᠢᠯᠡᠬᠦᠯᠬᠦ᠂ ᠡᠬᠡ ᠤᠯᠤᠰ ᠤᠨ ᠤᠮᠠᠷᠠᠲᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠲᠦ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠳᠤ ᠴᠢᠬᠤᠯᠠ ᠶᠡᠭᠡ ᠠᠬᠤᠶᠢᠴᠢ ᠠᠴᠢ ᠬᠤᠯᠪᠤᠬᠳᠠᠯ ᠪᠤᠯᠤᠨ ᠠᠯᠤᠰ ᠬᠡᠳᠦ ᠶᠢᠨ ᠲᠡᠥᠬᠡ ᠶᠢᠨ ᠠᠴᠢ ᠬᠤᠯᠪᠤᠬᠳᠠᠯ ᠲᠠᠢ ᠪᠠᠶᠢᠳᠠᠭ᠃ ᠪᠦᠬᠦ ᠤᠷᠤᠨ ᠤ ᠡᠯ᠎ᠡ ᠱᠠᠲᠦᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠡᠷᠭᠡᠪᠰᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠤᠯᠤᠰ ᠲᠦᠷᠦ ᠶᠢᠨ ᠠᠴᠢ ᠬᠤᠯᠪᠤᠬᠳᠠᠯ᠂ ᠲᠡᠥᠬᠡ ᠶᠢᠨ ᠠᠴᠢ ᠬᠤᠯᠪᠤᠬᠳᠠᠯ᠂ ᠤᠨᠤᠯ ᠤᠨ ᠠᠴᠢ ᠬᠤᠯᠪᠤᠬᠳᠠᠯ᠂ ᠦᠢᠯᠡᠳᠦᠯᠭᠡ ᠶᠢᠨ ᠠᠴᠢ ᠬᠤᠯᠪᠤᠬᠳᠠᠯ ᠢ ᠬᠦᠢᠴᠡᠳ ᠲᠠᠨᠢᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠳᠡᠭᠡᠷ᠎ᠡ ᠨᠢᠭᠡᠳᠭᠡᠵᠤ᠂ ᠤᠢ ᠤᠬᠠᠭᠠᠨ ᠪᠤᠯᠤᠨ ᠬᠦᠴᠦᠨ ᠴᠢᠳᠠᠯ ᠎ ᠢᠶᠠᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠠᠴᠠ ᠲᠤᠭᠲᠠᠭᠠᠬᠰᠠᠨ ᠡᠯ᠎ᠡ ᠵᠦᠢᠯ ᠤᠨ ᠡᠬᠦᠷᠭᠡ ᠶᠢ ᠪᠡᠶᠡᠯᠡᠬᠦᠯᠬᠦ ᠳᠡᠭᠡᠷ᠎ᠡ ᠨᠢᠬᠲᠠᠷᠠᠭᠤᠯᠵᠦ᠂ ᠰᠢᠨ᠎ᠠ ᠴᠠᠭ ᠦᠶ᠎ᠡ ᠶᠢᠨ ᠦᠵᠡᠰᠬᠦᠯᠡᠩᠲᠦ ᠰᠠᠶᠢᠬᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠦ ᠶᠢ ᠴᠢᠷᠮᠠᠶᠢᠨ ᠪᠢᠴᠢᠭᠯᠡᠬᠦ ᠬᠡᠷᠡᠭᠲᠡᠢ᠃      ᠬᠤᠶᠠᠷ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠤᠨᠤᠪᠴᠢᠲᠠᠢ ᠰᠤᠷᠤᠯᠴᠠᠨ ᠤᠶᠢᠯᠠᠭᠠᠬᠤ ᠬᠡᠷᠡᠭᠲᠡᠢ      ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠶᠢᠯᠠᠭᠠᠬᠤ ᠳᠤ ᠡᠷᠭᠡᠪᠰᠢ ᠪᠦᠬᠦ ᠲᠠᠯ᠎ᠠ ᠪᠠᠷ ᠤᠨᠤᠪᠴᠢᠲᠠᠢ ᠪᠠᠶᠢᠬᠤ ᠶᠢ ᠪᠠᠷᠢᠮᠳᠠᠯᠠᠵᠦ᠂ ᠤᠭ ᠪᠦᠲᠦᠭᠡᠯ ᠢ ᠨᠢ ᠤᠩᠰᠢᠬᠤ᠂ ᠤᠬ ᠵᠤᠬᠢᠶᠠᠯ ᠢ ᠨᠢ ᠰᠤᠷᠤᠯᠴᠠᠬᠤ᠂ ᠤᠭ ᠶᠤᠰᠤ ᠶᠢ ᠨᠢ ᠤᠶᠢᠯᠠᠭᠠᠬᠤ ᠶᠢ ᠪᠠᠷᠢᠮᠳᠠᠯᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠪᠤᠯᠤᠨ ᠨᠠᠮ ᠤᠨ ᠲᠦᠷᠢᠮ ᠢ ᠬᠢᠨᠠᠮᠠᠭᠠᠢ ᠰᠤᠳᠤᠯᠤᠨ ᠤᠩᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠵᠦ᠂ ᠬᠦᠨᠵᠡᠬᠡᠢ ᠰᠤᠷᠤᠯᠴᠠᠨ ᠨᠡᠪᠲᠡᠷᠡᠳᠡᠯ᠎ᠡ ᠤᠶᠢᠯᠠᠭᠠᠬᠤ᠂ ᠨᠡᠶᠢᠯᠡᠬᠦᠯᠦᠨ ᠰᠢᠩᠭᠡᠭᠡᠵᠦ ᠨᠡᠪᠲᠡᠷᠡᠲᠡᠯ᠎ᠡ ᠤᠶᠢᠯᠠᠭᠠᠬᠤ ᠶᠢ ᠦᠨᠡᠨᠬᠦ ᠪᠡᠶᠡᠯᠡᠬᠦᠯᠬᠦ ᠬᠡᠷᠡᠭᠲᠡᠢ᠃      ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠭᠤᠤᠯ ᠰᠡᠳᠦᠪ ᠢ ᠬᠦᠨᠵᠡᠬᠡᠢ ᠤᠶᠢᠯᠠᠭᠠᠵᠦ᠂ ᠪᠢᠳᠡᠨ ᠤ ᠨᠠᠮ ᠤᠨ ᠰᠢᠨ᠎ᠠ ᠴᠠᠭ ᠦᠶ᠎ᠡ ᠳᠤ ᠶᠠᠮᠠᠷ ᠲᠤᠭ ᠢ ᠡᠷᠬᠦᠬᠦ᠂ ᠶᠠᠮᠠᠷ ᠵᠠᠮ ᠢᠶᠠᠷ ᠵᠠᠮᠨᠠᠬᠤ᠂ ᠶᠠᠮᠠᠷᠰᠢᠥ ᠤᠶᠤᠨ ᠰᠠᠨᠠᠭᠠᠨ ᠎ ᠤ ᠳᠦᠷᠰᠦ ᠪᠠᠶᠢᠳᠠᠯ ᠢᠶᠠᠷ ᠶᠠᠮᠠᠷᠰᠢᠤ ᠲᠡᠥᠬᠡ ᠶᠢᠨ ᠡᠬᠦᠷᠬᠡ ᠶᠢ ᠡᠬᠦᠷᠭᠡᠯᠡᠬᠦ᠂ ᠶᠠᠮᠠᠷᠰᠢᠤ ᠲᠡᠮᠡᠴᠡᠬᠦ ᠬᠠᠷᠠᠯᠲᠠ ᠶᠢ ᠪᠡᠶᠡᠯᠡᠬᠦᠯᠬᠦ ᠵᠡᠷᠭᠡ ᠴᠢᠬᠤᠯᠠ ᠠᠰᠠᠭᠤᠳᠠᠯ ᠢ ᠰᠡᠷᠭᠡᠭ ᠢᠶᠠᠷ ᠡᠵᠡᠮᠰᠢᠵᠦ᠂ ᠨᠡᠩ ᠤᠬᠠᠮᠰᠠᠷ ᠠᠴᠠ ᠪᠠᠨ ᠵᠠᠮ ᠤᠨ ᠢᠳᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠤᠶᠤᠯ ᠤᠨ ᠢᠲᠡᠭᠡᠯ ᠢᠶᠠᠨ ᠪᠠᠳᠤᠳᠬᠠᠨ᠂ ᠡᠯ᠎ᠡ ᠵᠦᠢᠯ ᠤᠨ ᠦᠢᠯᠡᠰ ᠤᠨ ᠢᠮᠠᠬᠲᠠ ᠵᠦᠪ ᠤᠨᠤᠪᠴᠢᠲᠠᠢ ᠴᠢᠭᠯᠡᠯ ᠢᠶᠠᠷ ᠤᠷᠤᠬᠰᠢᠯᠠᠬᠤ ᠶᠢ ᠪᠠᠲᠤᠯᠬᠠᠤ ᠬᠡᠷᠡᠭᠲᠡᠢ᠃      ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢᠨ ᠲᠡᠥᠬᠡᠨ ᠪᠠᠶᠢᠷᠢ ᠰᠠᠭᠤᠷᠢ ᠪᠤᠯᠤᠨ ᠡᠯᠪᠡᠭ ᠪᠠᠶᠠᠯᠢᠭ ᠳᠤᠲᠤᠭᠠᠳᠦ ᠠᠭᠤᠯᠬᠤᠨ ᠢ ᠬᠦᠨᠵᠡᠬᠡᠢ ᠤᠶᠢᠯᠠᠭᠠᠵᠦ᠂ ︽ᠨᠠᠢᠮᠠ ᠶᠢ ᠲᠤᠳᠤᠷᠬᠠᠶᠢᠯᠠᠬᠤ︾᠎ ᠶᠢᠨ ᠭᠤᠤᠯ ᠠᠭᠤᠯᠭ᠎ᠠ᠂ ︽ᠠᠷᠪᠠᠨ ᠲᠦᠷᠪᠠᠨ ᠵᠦᠢᠯ ᠤᠨ ᠪᠠᠷᠢᠮᠳᠠᠯᠠᠯ︾᠎ ᠤᠨ ᠦᠨᠳᠦᠰᠦᠨ ᠠᠷᠭ᠎ᠠ ᠪᠤᠳᠤᠯᠭ᠎ᠠ ᠶᠢ ᠪᠠᠲᠦ ᠡᠵᠡᠮᠰᠢᠵᠦ᠂ ᠮᠠᠷᠺᠰ ᠤᠨ ᠦᠵᠡᠯ ᠤᠨ ᠳᠤᠮᠳᠠᠳᠦ ᠤᠯᠤᠰᠴᠢᠯᠠᠬᠰᠠᠨ ᠬᠠᠮᠤᠭ ᠤᠨ ᠰᠢᠨ᠎ᠠ ᠦᠷ᠎ᠡ ᠪᠦᠲᠦᠭᠡᠯ ᠢᠶᠠᠷ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠢᠭᠡᠲᠦᠬᠦᠯᠵᠦ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠨᠠᠮ ᠪᠤᠯᠤᠨ ᠠᠷᠠᠳ ᠲᠦᠮᠡᠨ ᠤ ᠠᠵᠢᠯ ᠦᠢᠯᠡᠰ ᠤᠨ ᠬᠦᠭᠵᠢᠯᠲᠡ ᠶᠢ ᠨᠡᠩ ᠰᠠᠶᠢᠨ ᠢᠶᠠᠷ ᠲᠠᠭᠠᠭᠤᠯᠬᠤ ᠬᠡᠷᠡᠭᠲᠡᠢ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠪᠤᠯᠤᠨ ᠤᠯᠤᠰ ᠤᠨ ᠠᠵᠢᠯ ᠦᠢᠯᠡᠰ ᠲᠤ ᠡᠬᠦᠰᠦᠭᠰᠡᠨ ᠲᠡᠥᠭᠡᠳᠤ ᠴᠢᠨᠠᠷᠲᠠᠢ ᠬᠤᠪᠢᠰᠤᠯᠲᠠ ᠶᠢ ᠬᠦᠨᠵᠡᠬᠡᠢ ᠤᠶᠢᠯᠠᠭᠠᠵᠦ᠂ 5 ᠵᠢᠯ ᠤᠨ ᠲᠤᠷᠰᠢᠬᠢ ᠠᠮᠵᠢᠯᠳᠠ ᠪᠦᠳᠤᠮᠵᠢ ᠪᠤᠯ ᠪᠦᠬᠦ ᠲᠠᠯ᠎ᠠ ᠶᠢᠨ ᠪᠦᠭᠡᠳ ᠡᠬᠦᠳᠤᠯᠳᠠ ᠶᠢᠨ ᠴᠢᠨᠠᠷᠳᠠᠢ᠂ 5 ᠵᠢᠯ ᠤᠨ ᠲᠤᠷᠰᠢᠬᠢ ᠬᠤᠪᠢᠰᠤᠯᠲᠠ ᠪᠤᠯ ᠬᠦᠨ ᠳᠠᠪᠬᠤᠷᠭ᠎ᠠ ᠶᠢᠨ ᠪᠦᠭᠡᠳ ᠦᠨᠳᠦᠰᠦᠨ ᠴᠢᠨᠠᠷᠲᠠᠢ ᠶᠤᠮ᠃ ᠡᠳᠡᠭᠡᠷ ᠲᠡᠥᠭᠡᠳᠤ ᠴᠢᠨᠠᠷᠲᠠᠢ ᠬᠤᠪᠢᠰᠤᠯᠲᠠ ᠨᠢ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠲᠡ ᠳᠤ ᠴᠢᠬᠤᠯᠠ ᠶᠡᠭᠡ ᠪᠦᠭᠡᠳ ᠠᠯᠤᠰ ᠭᠡᠲᠦ ᠶᠢᠨ ᠨᠦᠯᠦᠭᠡ ᠲᠠᠢ ᠭᠡᠳᠡᠭ ᠢ ᠬᠦᠢᠴᠡᠳ ᠲᠠᠨᠢᠬᠤ ᠭᠡᠷᠡᠭᠳᠡᠢ᠃      ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠰᠢᠨ᠎ᠠ ᠴᠠᠭ ᠦᠶ᠎ᠡ ᠳᠤ ᠤᠷᠤᠬᠰᠠᠨ ᠢ ᠬᠦᠨᠵᠡᠬᠡᠢ ᠤᠶᠢᠯᠠᠭᠠᠵᠦ᠂ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠰᠢᠨ᠎ᠠ ᠴᠠᠭ ᠦᠶ᠎ᠡ ᠎ ᠳᠤ ᠤᠷᠤᠬᠰᠠᠨ ᠨᠢ ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠬᠦᠭᠵᠢᠯᠲᠡ ᠶᠢᠨ ᠲᠡᠥᠬᠡᠨ ᠳᠤ᠂ ᠳᠤᠮᠳᠠᠳᠦ ᠶᠢᠨ ᠦᠨᠳᠦᠰᠦᠲᠡᠨ ᠤ ᠬᠦᠭᠵᠢᠯᠲᠡ ᠶᠢᠨ ᠲᠡᠥᠬᠡᠨ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠪᠦᠭᠡᠳ ᠳᠡᠯᠡᠭᠡᠢ ᠶᠢᠨ ᠨᠡᠶᠢᠬᠡᠮ ᠵᠢᠷᠦᠮ ᠤᠨ ᠬᠦᠭᠵᠢᠯᠲᠡ ᠶᠢᠨ ᠲᠡᠥᠭᠡᠨ ᠳᠤ᠂ ᠬᠦᠮᠦᠨ ᠲᠦᠷᠦᠯᠬᠢᠲᠡᠨ ᠤ ᠨᠡᠶᠢᠬᠡᠮ ᠎ ᠤᠨ ᠬᠦᠭᠵᠢᠯᠲᠡ ᠶᠢᠨ ᠲᠡᠥᠬᠡᠨ ᠳᠤ ᠴᠤ ᠴᠢᠬᠤᠯᠠ ᠶᠡᠭᠡ ᠠᠴᠢ ᠬᠤᠯᠪᠤᠬᠳᠠᠯ ᠲᠠᠢ ᠭᠡᠳᠡᠭ ᠢ ᠬᠦᠢᠴᠡᠳ ᠲᠠᠨᠢᠵᠦ᠂ ᠮᠠᠨ ᠤ ᠤᠯᠤᠰ ᠤᠨ ᠬᠦᠭᠵᠢᠯᠲᠡ ᠶᠢᠨ ᠰᠢᠨ᠎ᠠ ᠲᠡᠥᠬᠡᠨ ᠤᠷᠤᠨ ᠪᠠᠶᠢᠷᠢ ᠶᠢ ᠪᠠᠲᠦ ᠡᠵᠡᠮᠰᠢᠵᠦ᠂ ᠰᠢᠨ᠎ᠠ ᠴᠠᠭ ᠦᠶ᠎ᠡ ᠎ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠠᠭᠤᠤ ᠶᠡᠭᠡ ᠢᠯᠠᠯᠲᠠ ᠶᠢ ᠲᠠᠰᠤᠷᠠᠯᠲᠠ ᠦᠭᠡᠢ ᠲᠡᠮᠡᠴᠡᠨ ᠤᠯᠬᠤ ᠬᠡᠷᠡᠭᠲᠡᠢ᠃      ᠮᠠᠨ ᠤ ᠤᠯᠤᠰ ᠤᠨ ᠨᠡᠶᠢᠬᠡᠮ ᠵᠢᠷᠦᠮ ᠤᠨ ᠭᠤᠤᠯ ᠵᠦᠷᠢᠴᠡᠯ ᠤᠨ ᠬᠤᠪᠢᠷᠠᠯᠲᠠ ᠶᠢ ᠬᠦᠨᠵᠡᠬᠡᠢ ᠤᠶᠢᠯᠠᠭᠠᠵᠦ᠂ ᠡᠨᠡᠬᠦ ᠲᠡᠥᠭᠡᠳᠤ ᠴᠢᠨᠠᠷᠲᠠᠢ ᠬᠤᠪᠢᠷᠠᠯᠲᠠ ᠶᠢᠨ ᠨᠠᠮ ᠪᠤᠯᠤᠨ ᠤᠯᠤᠰ ᠤᠨ ᠠᠵᠢᠯ ᠦᠢᠯᠡᠰ ᠲᠤ ᠳᠤᠷᠠᠳᠤᠭᠰᠠᠨ ᠰᠢᠨ᠎ᠠ ᠱᠠᠭᠠᠷᠳᠠᠯᠭ᠎ᠠ ᠶᠢ ᠬᠦᠢᠴᠡᠳ ᠲᠠᠨᠢᠵᠦ᠂ ᠨᠡᠶᠢᠬᠡᠮ ᠵᠢᠷᠦᠮ ᠤᠨ ᠠᠩᠬᠠᠨ ᠤ ᠱᠠᠲᠦᠨ ᠤ ᠡᠨᠡᠬᠦ ᠤᠯᠤᠰ ᠤᠨ ᠦᠨᠳᠦᠰᠦᠨ ᠪᠠᠶᠢᠳᠠᠯ ᠪᠤᠯᠤᠨ ᠬᠠᠮᠤᠭ ᠶᠡᠭᠡ ᠪᠤᠲᠠᠳᠦ ᠪᠠᠶᠢᠳᠠᠯ ᠢ ᠪᠠᠲᠦ ᠡᠵᠡᠮᠰᠢᠵᠦ᠂ ᠨᠠᠮ ᠤᠨ ᠦᠨᠳᠦᠰᠦᠨ ᠱᠤᠭᠤᠮ ᠢ ᠪᠠᠲᠦ ᠪᠠᠷᠢᠮᠳᠠᠯᠠᠵᠦ᠂ ᠬᠦᠭᠵᠢᠯᠲᠡ ᠶᠢ ᠦᠷᠬᠦᠯᠵᠢᠯᠡᠨ ᠠᠬᠢᠭᠤᠯᠤᠭᠰᠠᠨ ᠰᠠᠭᠤᠷᠢᠨ ᠳᠡᠭᠡᠷ᠎ᠡ ᠬᠦᠭᠵᠢᠯᠲᠡ ᠎ ᠶᠢᠨ ᠲᠡᠩᠴᠡᠬᠦᠷᠢ ᠦᠬᠡᠢ ᠬᠦᠢᠴᠡᠳ ᠦᠬᠡᠢ ᠠᠰᠠᠭᠤᠳᠠᠯ ᠢ ᠬᠦᠴᠤᠯᠠᠨ ᠰᠠᠶᠢᠳᠤᠷ ᠰᠢᠢᠳᠪᠦᠷᠢᠯᠡᠵᠦ᠂ ᠬᠦᠭᠵᠢᠯᠲᠡ ᠎ ᠶᠢᠨ ᠶᠠᠰᠤ ᠴᠢᠨᠠᠷ ᠪᠤᠯᠤᠨ ᠦᠷ᠎ᠡ ᠠᠰᠢᠭ ᠢ ᠶᠡᠬᠡᠪᠡᠷ ᠳᠡᠭᠡᠭᠰᠢᠯᠡᠬᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠵᠦ᠂ ᠬᠦᠮᠦᠨ ᠤ ᠪᠦᠬᠦ ᠲᠠᠯ᠎ᠠ ᠶᠢᠨ ᠬᠦᠭᠵᠢᠯᠲᠡ ᠪᠤᠯᠤᠨ ᠨᠡᠶᠢᠬᠡᠮ ᠤᠨ ᠪᠦᠬᠦ ᠲᠠᠯ᠎ᠠ ᠶᠢᠨ ᠲᠠᠪᠰᠢᠯᠲᠠ ᠶᠢ ᠨᠡᠩ ᠰᠠᠶᠢᠨ ᠠᠬᠢᠭᠤᠯᠬᠤ ᠬᠡᠷᠡᠭᠲᠡᠢ᠃      ᠰᠢᠨ᠎ᠠ ᠴᠠᠭ ᠦᠶ᠎ᠠ ᠶᠢᠨ ᠳᠤᠮᠳᠠᠳᠦ ᠤᠯᠤᠰ ᠤᠨ ᠡᠪ ᠬᠠᠮᠳᠦ ᠨᠠᠮ ᠤᠨ ᠲᠡᠥᠬᠡᠳᠤ ᠡᠬᠦᠷᠭᠡ ᠶᠢ ᠬᠦᠨᠵᠡᠬᠡᠢ ᠤᠶᠢᠯᠠᠭᠠᠵᠦ᠂ ᠳᠤᠮᠳᠠᠳᠦ ᠶᠢᠨ ᠦᠨᠳᠦᠰᠦᠲᠡᠨ ᠤ ᠠᠭᠤᠤ ᠶᠡᠭᠡ ᠰᠡᠷᠬᠦᠨ ᠮᠠᠨᠳᠤᠯᠲᠠ ᠶᠢ ᠪᠡᠶᠡᠯᠡᠬᠦᠯᠬᠦ ᠪᠤᠯ ᠤᠶᠢᠷ᠎ᠠ ᠦᠶ᠎ᠡ ᠠᠴᠠ ᠨᠠᠰᠢᠬᠢ ᠳᠤᠮᠳᠠᠳᠦ ᠶᠢᠨ ᠦᠨᠳᠦᠰᠦᠲᠡᠨ ᠤ ᠬᠠᠮᠤᠭ ᠤᠨ ᠠᠭᠤᠤ ᠶᠡᠭᠡ ᠬᠦᠰᠡᠯ ᠵᠡᠬᠦᠳᠦ ᠪᠤᠯᠬᠤ ᠶᠢ ᠪᠠᠲᠦ ᠴᠡᠭᠡᠵᠢᠯᠡᠵᠦ᠂ ᠠᠭᠤᠤ ᠶᠡᠭᠡ ᠬᠦᠰᠡᠯ ᠵᠡᠬᠦᠳᠦ ᠶᠢ ᠪᠡᠶᠡᠯᠡᠬᠦᠯᠬᠦ ᠳᠤ ᠵᠠᠪᠠᠯ ᠠᠭᠤᠤ ᠶᠡᠭᠡ ᠲᠡᠮᠡᠴᠡᠯ ᠢ ᠦᠷᠨᠢᠬᠦᠯᠬᠦ᠂ ᠠᠭᠤᠤ ᠶᠡᠭᠡ ᠢᠨᠵᠧᠨᠧᠷᠢᠩ ᠢ ᠪᠦᠲᠦᠭᠡᠨ ᠪᠠᠶᠢᠭᠤᠯᠬᠤ᠂ ᠠᠭᠤᠤ ᠶᠡᠭᠡ ᠦᠢᠯᠡᠰ ᠢ ᠠᠬᠢᠭᠤᠯᠬᠤ ᠶᠢ ᠬᠦᠨᠵᠡᠬᠡᠢ ᠲᠠᠨᠢᠵᠦ᠂ ᠡᠷᠭᠡᠪᠰᠢ ᠨᠡᠩ ᠬᠠᠳᠠᠭᠤᠵᠢᠯᠲᠠᠢ ᠮᠦᠷᠳᠡᠭᠡᠨ ᠨᠡᠩ ᠰᠢᠷᠭᠠᠭᠤ ᠴᠢᠷᠮᠠᠶᠢᠯᠭ᠎ᠠ ᠭᠠᠷᠭᠠᠵᠦ᠂ ᠤᠬᠠᠮᠰᠠᠷ ᠠᠴᠠ ᠪᠠᠨ ᠰᠢᠨ᠎ᠠ ᠴᠠᠭ ᠦᠶ᠎ᠡ ᠠᠴᠠ ᠤᠯᠭᠤᠬᠰᠠᠨ ᠬᠠᠷᠢᠭᠤᠴᠠᠯᠭ᠎ᠠ ᠶᠢ ᠡᠬᠦᠷᠭᠡᠯᠡᠨ᠂ ᠲᠡᠥᠭᠡ ᠪᠤᠯᠤᠨ ᠠᠷᠠᠳ ᠲᠦᠮᠡᠨ ᠳᠤ ᠰᠢᠨ᠎ᠠ ᠨᠡᠩ ᠰᠢᠯᠢᠳᠡᠭ ᠬᠠᠷᠢᠭᠤᠯᠲᠠ ᠶᠢᠨ ᠬᠠᠭᠤᠳᠠᠰᠦ ᠲᠤᠰᠢᠶᠠᠬᠤ ᠬᠡᠷᠡᠭᠲᠡᠢ᠃      ᠨᠢᠭᠡᠳᠦᠭᠡᠷ ᠵᠠᠭᠤᠨ ᠵᠢᠯ ᠤᠨ ᠳᠡᠮᠡᠴᠡᠭᠦ ᠬᠠᠷᠠᠯᠳᠠ ᠶᠢ ᠪᠡᠶᠡᠯᠡᠭᠦᠯᠭᠦ ᠪᠠ ᠬᠤᠶᠠᠳᠤᠭᠠᠷ ᠵᠠᠭᠤᠨ ᠵᠢᠯ ᠤᠨ ᠳᠡᠮᠡᠴᠡᠭᠦ ᠬᠠᠷᠠᠯᠳᠠ ᠲᠡᠰᠢ ᠤᠷᠤᠬᠰᠢᠯᠠᠬᠤ ᠶᠢ ᠬᠦᠨᠵᠡᠭᠡᠢ ᠤᠶᠢᠯᠠᠭᠠᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠠᠴᠠ ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠭᠦᠯᠬᠦ᠂ ᠲᠠᠬᠢᠨ ᠨᠡᠶᠢᠭᠡᠮ ᠵᠢᠷᠤᠮ ᠤᠨ ᠤᠳᠤᠬᠢᠴᠢᠯᠠᠭᠰᠠᠨ ᠬᠦᠴᠦᠷᠭᠡᠭ ᠤᠯᠤᠰ ᠢ ᠪᠦᠬᠦ ᠳᠠᠯ᠎ᠠ ᠪᠠᠷ ᠪᠦᠳᠦᠭᠡᠨ ᠪᠡᠶᠢᠭᠤᠯᠬᠤ ᠪᠤᠯ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠳᠤᠬᠢᠷᠠᠭᠤᠯᠤᠯᠳᠠ ᠪᠤᠯᠤᠨ᠎ᠠ᠂ ᠡᠨᠡ ᠨᠢ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠢ ᠤᠷᠮᠠᠰᠢᠭᠤᠯᠤᠨ ᠵᠤᠷᠢᠬᠵᠢᠭᠤᠯᠵᠤ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠰᠢᠨ᠎ᠠ ᠠᠶᠠᠨ ᠤ ᠰᠦᠷᠯᠢᠭ ᠦᠵᠡᠮᠵᠢᠳᠤ ᠬᠠᠭᠤᠳᠠᠰᠤ ᠶᠢ ᠮᠡᠷᠡᠶᠢᠨ ᠴᠢᠷᠮᠠᠶᠢᠵᠤ ᠪᠢᠴᠢᠭᠯᠡᠭᠦᠯᠬᠦ ᠨᠢ ᠯᠠᠪᠳᠠᠢ ᠭᠡᠳᠡᠭ ᠢ ᠭᠦᠢᠴᠡᠳ ᠲᠠᠨᠢᠬᠤ ᠬᠡᠷᠡᠭᠳᠠᠢ᠃      ᠨᠡᠶᠢᠭᠡᠮ ᠵᠢᠷᠤᠮ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠵᠡᠷᠭᠡ ᠳᠠᠯ᠎ᠠ ᠳᠠᠬᠢ ᠴᠢᠬᠤᠯᠠ ᠶᠡᠭᠡ ᠪᠠᠶᠢᠷᠢᠯᠠᠭᠤᠯᠤᠯᠳᠠ ᠶᠢ ᠬᠦᠨᠵᠡᠭᠡᠢ ᠤᠶᠢᠯᠠᠭᠠᠵᠤ᠂ ︽ᠳᠠᠪᠤ ᠶᠢ ᠨᠢᠭᠡ ᠴᠤᠭᠴᠠᠵᠢᠭᠤᠯᠬᠤ︾ ᠶᠠᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ︽ᠲᠦᠷᠪᠠᠨ ᠪᠦᠬᠦ ᠳᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠳᠤᠭᠳᠠᠭᠤᠨ ᠤ ᠳᠤᠮᠳᠠ ᠤᠷᠤᠭᠰᠢᠯᠠᠯᠳᠠ ᠲᠠᠢ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠳᠤᠭᠳᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠳᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠬ ᠬᠦᠷᠳᠡᠭᠡᠬᠦ᠂ ᠲᠦᠭᠰᠢᠭᠦᠷᠢ ᠶᠢ ᠰᠡᠷᠭᠡᠶᠢᠯᠡᠭᠦ ᠡᠯ᠎ᠠ ᠵᠦᠢᠯ ᠤᠨ ᠠᠵᠢᠯ ᠢ ᠪᠦᠬᠦ ᠳᠠᠯ᠎ᠠ ᠪᠠᠷ ᠰᠠᠶᠢᠳᠤᠷ ᠬᠢᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠠᠬᠢᠭᠤᠯᠬᠤ ᠬᠡᠷᠡᠭᠳᠠᠢ᠃      ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠳᠠ᠂ ᠰᠢᠶᠠᠩᠭᠠᠩ ᠤᠤᠮᠧᠨ ᠳᠠᠶᠢᠸᠠᠨ ᠤ ᠠᠵᠢᠯ᠂ ᠭᠠᠳᠠᠭᠠᠳᠤ ᠬᠠᠷᠢᠯᠴᠠᠭᠠᠨ ᠤ ᠠᠵᠢᠯ ᠤᠨ ᠴᠢᠬᠤᠯᠠ ᠶᠡᠭᠡ ᠪᠠᠶᠢᠷᠢᠯᠠᠭᠤᠯᠤᠯᠳᠠ ᠶᠢ ᠬᠦᠨᠵᠡᠭᠡᠢ ᠤᠶᠢᠯᠠᠭᠠᠵᠤ᠂ ᠰᠢ ᠶᠢᠨ ᠫᠢᠩ ᠤᠨ ᠴᠡᠷᠢᠭ ᠢ ᠬᠦᠴᠦᠷᠭᠡᠭᠵᠢᠭᠦᠯᠬᠦ ᠦᠵᠡᠯ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ᠂ ︽ᠨᠢᠭᠡ ᠤᠯᠤᠰ ᠬᠤᠶᠠᠷ ᠪᠠᠶᠢᠭᠤᠯᠤᠯ︾᠂ ︽ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾᠂ ︽ᠤᠤᠮᠧᠨᠴᠤᠳ ᠤᠤᠮᠧᠨ ᠢᠶᠠᠨ ᠵᠠᠰᠠᠬᠤ︾ ᠳᠡᠭᠡᠳᠤ ᠬᠡᠮᠵᠢᠶ᠎ᠠ ᠪᠠᠷ ᠦᠪᠡᠷᠳᠡᠭᠡᠨ ᠵᠠᠰᠠᠬᠤ ᠴᠢᠭᠯᠡᠯᠳᠡ ᠶᠢ ᠪᠦᠬᠦ ᠳᠠᠯ᠎ᠠ ᠪᠠᠷ ᠤᠨᠤᠪᠴᠢᠳᠠᠢ ᠳᠤᠤᠱᠯᠠᠭᠤᠯᠵᠤ᠂ ︽ᠨᠠᠶᠢᠷᠠᠮᠳᠠᠯ ᠢᠶᠠᠷ ᠨᠢᠭᠡᠳᠭᠡᠭᠦ᠂ ᠨᠢᠭᠡ ᠤᠯᠤᠰ ᠬᠤᠶᠠᠷ ᠪᠠᠶᠢᠭᠤᠯᠤᠯ︾᠎ ᠤᠨ ᠴᠢᠭᠯᠡᠯᠳᠡ ᠶᠢ ᠪᠠᠷᠢᠮᠳᠠᠯᠠᠵᠤ᠂ ᠡᠩᠬᠡ ᠲᠠᠶᠢᠪᠤᠩ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠳᠤᠷᠠᠯᠴᠠᠭ᠎ᠠ ᠶᠢ ᠢᠳᠡᠪᠬᠢᠳᠠᠢ ᠠᠬᠢᠭᠤᠯᠵᠤ᠂ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠳᠠᠢ᠃      ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠶᠡᠭᠡ ᠪᠠᠶᠢᠷᠢᠯᠠᠭᠤᠯᠤᠯᠳᠠ ᠶᠢ ᠭᠤᠶᠢᠪᠢᠰᠢ ᠦᠭᠡᠢ ᠪᠠᠷᠢᠮᠳᠠᠯᠠᠬᠤ ᠶᠢ ᠬᠦᠨᠵᠡᠭᠡᠢ ᠤᠶᠢᠯᠠᠭᠠᠵᠤ᠂ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ᠂ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠳᠠᠯᠠᠨ ᠳᠡᠭᠦᠯᠳᠡᠷᠵᠢᠭᠦᠯᠵᠤ᠂ ᠡᠷᠡᠰ ᠭᠤᠶᠢᠪᠢᠰᠢ ᠦᠭᠡᠢ ᠪᠠᠷ ᠨᠠᠮ ᠢ ᠨᠡᠩ ᠡᠷᠡᠰ ᠴᠢᠩᠭ᠎ᠠ ᠬᠦᠴᠦᠨ ᠲᠠᠢ ᠪᠣᠯᠭᠠᠨ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠢᠯᠡᠯᠳᠡ ᠶᠢ ᠤᠯᠬᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠠ ᠶᠢ ᠳᠡᠮᠡᠴᠡᠨ ᠤᠯᠬᠤ ᠳᠤ ᠪᠠᠳᠤ ᠪᠠᠬᠢ ᠤᠯᠤᠰ ᠲᠦᠷᠦ ᠶᠢᠨ ᠪᠠᠳᠤᠯᠠᠭ᠎ᠠ ᠬᠠᠩᠭᠠᠬᠤ ᠬᠡᠷᠡᠭᠳᠠᠢ᠃      ᠢᠯᠠᠩᠭᠤᠶ᠎ᠠ ᠪᠦᠬᠦ ᠤᠷᠤᠨ ᠤ ᠦᠷᠭᠡᠨ ᠤᠯᠠᠨ ᠨᠠᠮ ᠤᠨ ᠬᠡᠰᠢᠭᠦᠨ ᠪᠠ ᠺᠠᠳ᠋ᠷ ᠤᠯᠠᠨ ᠲᠦᠮᠡᠨ ᠢ ᠬᠦᠮᠦᠵᠢᠭᠦᠯᠦᠨ ᠵᠢᠯᠤᠭᠤᠳᠴᠦ᠂ ︽ᠲᠦᠷᠪᠡᠨ ᠤᠬᠠᠮᠰᠠᠷ︾᠎ ᠢ ᠪᠠᠳᠤ ᠱᠤᠭᠤᠨ᠂ ︽ᠲᠦᠷᠪᠡᠨ ᠢᠳᠡᠭᠡᠯ︾᠎ ᠢ ᠪᠠᠬᠢᠵᠢᠭᠦᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠤᠱᠯᠠᠭᠤᠯᠬᠤ ᠬᠦᠴᠦᠯᠡᠭᠦ ᠴᠡᠭ ᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯ ᠨᠠᠮ ᠤᠨ ᠤᠷᠳᠤ ᠬᠤᠭᠤᠴᠠᠭ᠎ᠠ ᠪᠠᠷᠢᠮᠳᠠᠯᠠᠬᠤ ᠵᠢᠯᠤᠭᠤᠳᠬᠤ ᠦᠵᠡᠯ ᠰᠠᠨᠠᠭ᠎ᠠ ᠪᠤᠯᠬᠤ ᠳᠡᠭᠡᠷ᠎ᠠ ᠲᠦᠪᠯᠡᠷᠡᠭᠦᠯᠵᠤ᠂ 5 ᠵᠢᠯ ᠤᠨ ᠳᠤᠷᠰᠢᠬᠢ ᠨᠠᠮ ᠪᠤᠯᠤᠨ ᠤᠯᠤᠰ ᠎ ᠤᠨ ᠠᠵᠢᠯ ᠦᠢᠯᠡᠰ ᠤᠨ ᠤᠯᠤᠭᠰᠠᠨ ᠳᠡᠦᠭᠡᠳᠤ ᠴᠢᠨᠠᠷᠳᠠᠢ ᠠᠮᠵᠢᠯᠳᠠ ᠪᠤᠯᠤᠨ ᠳᠡᠦᠭᠡᠳᠦ ᠴᠢᠨᠠᠷᠳᠠᠢ ᠬᠤᠪᠢᠰᠤᠯᠳᠠ ᠳᠤ ᠲᠦᠪᠯᠡᠷᠡᠭᠦᠯᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠵᠤ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠪᠤᠯ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠪᠤᠯᠤᠨ ᠲᠡᠩᠴᠡᠬᠦᠷᠢ ᠦᠬᠡᠢ ᠬᠦᠢᠴᠡᠳ ᠦᠬᠡᠢ ᠬᠦᠭᠵᠢᠯᠳᠠ ᠶᠢᠨ ᠬᠤᠭᠤᠷᠤᠨᠳᠤᠬᠢ ᠵᠦᠷᠢᠴᠡᠯ ᠪᠤᠯᠵᠤ ᠬᠤᠪᠢᠷᠠᠭᠰᠠᠨ ᠵᠡᠷᠭᠡ ᠴᠢᠬᠤᠯᠠ ᠶᠡᠭᠡ ᠤᠯᠤᠰ ᠲᠦᠷᠦ ᠶᠢᠨ ᠮᠠᠭᠠᠳᠯᠠᠯᠳᠠ ᠶᠢᠨ ᠠᠯᠤᠰ ᠬᠡᠳᠦ ᠶᠢᠨ ᠨᠦᠯᠦᠭᠡᠯᠡᠯ ᠳᠡᠭᠡᠷ᠎ᠠ ᠲᠦᠪᠯᠡᠷᠡᠭᠦᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠶᠡᠭᠡ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠠ ᠲᠦᠪᠯᠡᠷᠡᠭᠦᠯᠵᠤ᠂ ᠰᠢ ᠶᠢᠨ ᠫᠢᠩ ᠨᠦᠭᠦᠷ ᠢᠶᠠᠷ ᠭᠤᠤᠯ ᠪᠤᠯᠭᠠᠭᠰᠠᠨ ᠰᠢᠨ᠎ᠠ ᠨᠢᠭᠡ ᠬᠤᠭᠤᠴᠠᠭ᠎ᠠ ᠶᠢᠨ ᠲᠦᠪ ᠤᠨ ᠤᠳᠤᠷᠢᠳᠬᠤ ᠬᠠᠮᠳᠤ ᠪᠤᠯ ᠪᠦᠬᠦ ᠨᠠᠮ ᠪᠦᠭᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠤᠯᠠᠨ ᠤ ᠬᠦᠷᠢᠶᠡᠯᠡᠯ ᠪᠠ ᠢᠳᠡᠭᠡᠯ ᠨᠠᠶᠢᠳᠠᠯᠭ᠎ᠠ ᠶᠢ ᠭᠦᠨ ᠤᠯᠤᠬᠰᠠᠨ ᠤᠳᠤᠷᠢᠳᠬᠤ ᠬᠠᠮᠳᠤ ᠮᠦᠨ ᠬᠡᠳᠡᠭ ᠳᠡᠭᠡᠷ᠎ᠠ ᠲᠦᠪᠯᠡᠷᠡᠭᠦᠯᠵᠤ᠂ ᠶᠡᠷᠦᠩᠬᠡᠢ ᠱᠦᠵᠢ ᠰᠢ ᠶᠢᠨ ᠫᠢᠩ ᠪᠤᠯ ᠪᠦᠬᠦ ᠨᠠᠮ ᠢᠶᠠᠷ ᠢᠶᠠᠨ ᠬᠦᠷᠢᠶᠡᠯᠡᠵᠦ᠂ ᠠᠷᠠᠳ ᠲᠦᠮᠡᠨ ᠬᠠᠶᠢᠷᠠᠯᠠᠵᠦ᠂ ᠨᠡᠷ᠎ᠠ ᠨᠢᠳᠡᠷ ᠲᠡᠭᠡᠨ ᠲᠤᠬᠢᠷᠠᠬᠰᠠᠨ ᠨᠠᠮ ᠤᠨ ᠤᠳᠤᠷᠢᠳᠤᠭᠴᠢ ᠮᠦᠨ ᠬᠡᠳᠡᠭ ᠳᠡᠭᠡᠷ᠎ᠠ ᠲᠦᠪᠯᠡᠷᠡᠭᠦᠯᠵᠤ᠂ ᠡᠬᠦᠷᠢᠳᠡ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠲᠡᠭᠡᠷ᠎ᠠ ᠪᠠᠨ ᠰᠢ ᠶᠢᠨ ᠫᠢᠩ ᠨᠦᠭᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠤ ᠬᠡᠮᠵᠢᠶᠡᠨ ᠤ ᠨᠢᠭᠡᠳᠦᠯᠳᠠᠢ ᠪᠠᠶᠢᠬᠤ ᠬᠡᠷᠡᠭᠳᠠᠢ᠃      ᠭᠤᠷᠪᠠ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠳᠠᠷᠢᠬᠢ ᠳᠤᠯᠤᠭᠠᠢ ᠪᠠᠨ ᠵᠡᠪᠰᠡᠭᠯᠡᠵᠤ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠪᠠᠷᠢᠮᠳᠠᠯᠠᠬᠤ ᠬᠡᠷᠡᠭᠳᠠᠢ      ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠦᠭ ᠰᠦᠨᠡᠰᠤ ᠪᠤᠯᠤᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠡᠵᠡᠮᠰᠢᠭᠦ ᠶᠢᠨ ︽ᠬᠦᠳᠦᠯᠪᠦᠷᠢ︾ ᠪᠤᠯᠤᠨ᠎ᠠ᠂ ᠠᠯᠢᠪᠠ ᠠᠵᠢᠯ ᠤᠨ ᠦᠨᠳᠦᠰᠤᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠤᠯᠭᠠᠵᠤ᠂ ᠡᠨᠡᠭᠦ ᠠᠭᠤᠤ ᠶᠡᠭᠡ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠪᠠᠳᠤ ᠬᠡᠷᠡᠭᠯᠡᠨ᠂ ᠳᠠᠷᠢᠬᠢ ᠳᠤᠯᠤᠭᠠᠢ ᠪᠠᠨ ᠵᠡᠪᠰᠡᠭᠯᠡᠵᠤ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠳᠠᠢ᠃      ︵ᠨᠢᠬᠡ︶ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠨ᠂ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠠ ᠲᠦᠪᠯᠡᠷᠡᠩᠭᠦᠢ ᠨᠢᠬᠡᠳᠦᠯᠳᠡᠢ ᠤᠳᠤᠷᠢᠳᠤᠯᠭ᠎ᠠ ᠶᠢ ᠬᠠᠮᠠᠭᠠᠯᠠᠬᠤ ᠭᠡᠷᠡᠭᠳᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠦᠪ ᠢ ᠡᠷᠢᠬᠦ᠂ ᠴᠠᠬ ᠦᠶ᠎ᠠ ᠲᠠᠢ ᠵᠡᠷᠬᠡᠪᠡᠷ ᠤᠷᠤᠬᠰᠢᠯᠠᠬᠤ᠂ ᠦᠨᠡᠨ ᠪᠤᠳᠠᠳᠠᠢ ᠶᠢ ᠡᠷᠬᠢᠮᠯᠡᠬᠦ ᠶᠢ ᠪᠠᠷᠢᠮᠳᠠᠯᠠᠵᠦ᠂ ᠬᠤᠪᠢᠰᠤᠩᠭᠤᠢ ᠪᠤᠳᠠᠰᠴᠢ ᠦᠵᠡᠯ ᠪᠠ ᠲᠡᠤᠬᠡ ᠶᠢᠨ ᠪᠤᠳᠠᠰᠴᠢ ᠦᠵᠡᠯ ᠢ ᠪᠠᠷᠢᠮᠳᠠᠯᠠᠵᠦ᠂ ᠰᠢᠨ᠎ᠠ ᠴᠠᠬ ᠦᠶ᠎ᠠ ᠶᠢᠨ ᠨᠦᠬᠦᠴᠡᠯ ᠪᠠ ᠦᠢᠯᠡᠳᠦᠯᠬᠡ ᠶᠢᠨ ᠱᠠᠭᠠᠷᠳᠠᠯᠭ᠎ᠠ ᠶᠢ ᠨᠢᠬᠳᠠ ᠤᠶᠠᠯᠳᠤᠭᠤᠯᠤᠨ᠂ ᠴᠤ᠋ ᠰᠢᠨ᠎ᠠ ᠬᠠᠷᠠᠭᠠᠰᠤ ᠠᠴᠠ ᠡᠪ ᠬᠠᠮᠳᠤ ᠨᠠᠮ ᠤᠨ ᠲᠦᠷᠦ ᠪᠠᠷᠢᠬᠤ ᠵᠢᠮ᠎ᠠ ᠶᠤᠰᠤ᠂ ᠨᠡᠶᠢᠬᠡᠮ ᠵᠢᠷᠤᠮ ᠤᠨ ᠪᠦᠲᠦᠬᠡᠨ ᠪᠠᠶᠢᠭᠤᠯᠤᠯᠳᠠ ᠶᠢᠨ ᠵᠢᠮ᠎ᠠ ᠶᠤᠰᠤ᠂ ᠬᠦᠮᠦᠨ ᠲᠦᠷᠦᠯᠬᠢᠳᠡᠨ ᠤ ᠨᠡᠶᠢᠬᠡᠮ ᠤᠨ ᠬᠦᠭᠵᠢᠯᠳᠡ ᠶᠢᠨ ᠵᠢᠮ᠎ᠠ ᠶᠤᠰᠤ ᠶᠢᠨ ᠲᠤᠬᠠᠢ ᠲᠠᠨᠢᠯᠳᠠ ᠶᠢ ᠬᠦᠨᠵᠡᠬᠡᠶᠢᠷᠡᠬᠦᠯᠵᠦ᠂ ᠰᠢᠷᠭᠠᠭᠤ ᠬᠠᠳᠠᠭᠤᠵᠢᠯᠳᠠᠢ ᠤᠨᠤᠯ ᠤᠨ ᠰᠦᠪᠡᠭᠴᠢᠯᠡᠯᠳᠡ ᠬᠢᠵᠦ᠂ ᠴᠢᠬᠤᠯᠠ ᠶᠡᠭᠡ ᠤᠨᠤᠯ ᠤᠨ ᠰᠢᠨ᠎ᠠ ᠶᠢ ᠡᠬᠦᠳᠦᠭᠰᠡᠨ ᠦᠷ᠎ᠠ ᠪᠦᠲᠦᠬᠡᠯ ᠤᠯᠵᠦ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠡᠬᠦᠳᠦᠭᠰᠡᠨ ᠪᠠᠶᠢᠨ᠎ᠠ᠃ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠢ ᠤᠳᠤᠷᠢᠳᠤᠨ ᠨᠠᠮ ᠪᠠ ᠤᠯᠤᠰ ᠤᠨ ᠠᠵᠢᠯ ᠦᠢᠯᠡᠰ ᠢ ᠠᠬᠢᠭᠤᠯᠬᠤ ᠠᠭᠤᠤ ᠶᠡᠭᠡ ᠦᠢᠯᠡᠳᠦᠯᠬᠡ ᠲᠤᠮᠳᠠ᠂ ᠶᠡᠷᠦᠩᠬᠡᠢ ᠱᠦᠵᠢ ᠰᠢ ᠶᠢᠨ ᠫᠢᠩ ᠮᠠᠷᠺᠰ ᠤᠨ ᠦᠵᠡᠯ ᠤᠨ ᠤᠯᠤᠰ ᠲᠦᠷᠦᠴᠢᠨ᠂ ᠤᠨᠤᠯᠴᠢ ᠶᠢᠨ ᠬᠦᠨᠵᠡᠬᠡᠢ ᠠᠵᠢᠬᠴᠢ ᠬᠦᠴᠦᠨ᠂ ᠬᠤᠷᠴᠠ ᠰᠡᠷᠭᠡᠭ ᠮᠠᠭᠠᠳᠯᠠᠯᠳᠠ ᠶᠢᠨ ᠬᠦᠴᠦᠨ ᠪᠠ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦᠨ ᠢᠶᠠᠷ ᠰᠢᠷᠢᠰ ᠡᠭᠦᠳᠦᠨ ᠪᠦᠲᠦᠭᠡᠯᠴᠢ ᠤᠳᠬ᠎ᠠ ᠠᠭᠤᠯᠭ᠎ᠠ ᠪᠦᠬᠦᠢ ᠰᠢᠨ᠎ᠠ ᠣᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠲᠤᠷᠠᠳᠴᠤ᠂ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠡᠬᠦᠳᠬᠦ ᠳᠤ ᠰᠢᠢᠳᠪᠦᠷᠢᠯᠡᠭᠴᠢ ᠴᠢᠨᠠᠷᠳᠠᠢ ᠦᠢᠯᠡᠳᠦᠯ ᠪᠠᠳᠠᠷᠠᠭᠤᠯᠵᠦ᠂ ᠰᠢᠢᠳᠪᠦᠷᠢᠯᠡᠭᠴᠢ ᠴᠢᠨᠠᠷᠳᠠᠢ ᠬᠤᠪᠢ ᠨᠡᠮᠡᠷᠢ ᠦᠵᠡᠬᠦᠯᠵᠡᠢ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠪᠠ ᠤᠯᠤᠰ ᠤᠨ ᠠᠵᠢᠯ ᠦᠢᠯᠡᠰ ᠲᠡᠤᠬᠡᠳᠤ ᠴᠢᠨᠠᠷᠳᠠᠢ ᠬᠤᠪᠢᠰᠤᠯᠳᠠ ᠡᠬᠦᠰᠴᠤ᠂ ᠲᠡᠤᠬᠡᠳᠤ ᠴᠢᠨᠠᠷᠳᠠᠢ ᠠᠮᠵᠢᠯᠳᠠ ᠪᠦᠲᠦᠮᠵᠢ ᠤᠯᠤᠬᠰᠠᠨ ᠦᠨᠳᠦᠰᠤ ᠰᠢᠯᠳᠠᠭᠠᠨ ᠨᠢ ᠶᠡᠷᠦᠩᠬᠡᠢ ᠱᠦᠵᠢ ᠰᠢ ᠶᠢᠨ ᠫᠢᠩ ᠬᠡᠬᠦ ᠡᠨᠡᠬᠦ ᠪᠦᠬᠦ ᠨᠠᠮ ᠢᠶᠠᠷ ᠢᠶᠠᠨ ᠬᠦᠷᠢᠶᠡᠯᠡᠵᠦ᠂ ᠠᠷᠠᠳ ᠲᠦᠮᠡᠨ ᠬᠠᠶᠢᠷᠠᠯᠠᠵᠦ᠂ ᠨᠡᠷ᠎ᠠ ᠨᠢᠳᠡᠷ ᠲᠡᠭᠡᠨ ᠲᠤᠬᠢᠷᠠᠬᠰᠠᠨ ᠨᠠᠮ ᠤᠨ ᠤᠳᠤᠷᠢᠳᠤᠬᠴᠢ ᠶᠢᠨ ᠠᠶᠠᠯᠠᠯ ᠤᠨ ᠵᠠᠯᠠᠭᠤᠷ ᠢ ᠠᠳᠬᠤᠬᠰᠠᠨ ᠳᠤ ᠪᠠᠶᠢᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠤᠭ ᠢ ᠮᠠᠨᠳᠤᠭᠤᠯᠤᠨ ᠴᠢᠭᠯᠡᠯ ᠢᠶᠠᠨ ᠲᠤᠭᠳᠠᠭᠠᠵᠦ᠂ ᠴᠡᠴᠡᠷ ᠲᠤ ᠰᠠᠭᠤᠵᠦ ᠰᠢᠢᠳᠪᠦᠷᠢᠳᠤ ᠪᠤᠳᠤᠯᠭ᠎ᠠ ᠭᠠᠷᠭᠠᠬᠰᠠᠨ ᠳᠤ ᠪᠠᠶᠢᠵᠦ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠮᠵᠢ ᠳᠤ ᠪᠤᠢ ᠭᠡᠳᠡᠭ ᠢ ᠭᠦᠢᠴᠡᠳ ᠲᠠᠨᠢᠬᠤ ᠬᠡᠷᠡᠭᠳᠠᠢ᠃ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶ᠎ᠠ ᠪᠠ ᠪᠦᠬᠦ ᠨᠠᠮ ᠳᠠᠬᠢ ᠭᠤᠤᠯᠯᠠᠬᠤ ᠪᠠᠶᠢᠷᠢ ᠰᠠᠭᠤᠷᠢ ᠶᠢ ᠬᠠᠮᠠᠭᠠᠯᠠᠬᠤ ᠶᠢ ᠬᠠᠮᠤᠬ ᠤᠨ ᠶᠡᠭᠡ ᠤᠯᠤᠰ ᠲᠦᠷᠦ ᠪᠤᠯᠭᠠᠵᠦ᠂ ︽ᠲᠦᠷᠪᠡᠨ ᠤᠬᠠᠮᠰᠠᠷ︾᠎ ᠢ ᠦᠵᠡᠯ ᠰᠠᠨᠠᠭ᠎ᠠ ᠲᠡᠭᠡᠷ᠎ᠠ ᠪᠠᠨ ᠨᠠᠶᠢᠳᠠᠪᠤᠷᠢᠵᠢᠭᠤᠯᠤᠨ᠂ ᠠᠵᠢᠯ ᠤᠨ ᠪᠠᠶᠢᠷᠢ ᠲᠡᠭᠡᠷ᠎ᠠ ᠪᠠᠨ ᠨᠠᠶᠢᠳᠠᠪᠤᠷᠢᠵᠢᠭᠤᠯᠵᠦ᠂ ᠦᠢᠯᠡ ᠠᠵᠢᠯᠯᠠᠭ᠎ᠠ ᠲᠡᠭᠡᠷ᠎ᠠ ᠪᠠᠨ ᠨᠠᠶᠢᠳᠠᠪᠤᠷᠢᠵᠢᠭᠤᠯᠤᠨ᠂ ᠦᠵᠡᠯ ᠰᠠᠨᠠᠭ᠎ᠠ ᠲᠡᠭᠡᠷ᠎ᠠ ᠪᠠᠨ ᠭᠤᠤᠯᠯᠠᠬᠴᠢ ᠶᠢ ᠲᠡᠭᠡᠳᠤ ᠬᠡᠮᠵᠢᠶ᠎ᠠ ᠪᠠᠷ ᠮᠡᠳᠡᠷᠡᠬᠦ᠂ ᠤᠯᠤᠰ ᠲᠦᠷᠦ ᠲᠡᠭᠡᠷ᠎ᠠ ᠪᠠᠨ ᠭᠤᠤᠯᠯᠠᠬᠴᠢ ᠶᠢ ᠴᠢᠩ ᠦᠨᠡᠨᠴᠢ ᠪᠠᠷ ᠬᠠᠮᠠᠭᠠᠯᠠᠬᠤ᠂ ᠵᠤᠬᠢᠶᠠᠨ ᠪᠠᠶᠢᠭᠤᠯᠤᠯᠳᠠ ᠲᠡᠭᠡᠷ᠎ᠠ ᠪᠠᠨ ᠭᠤᠤᠯᠯᠠᠬᠴᠢ ᠶᠢ ᠡᠷᠡᠰ ᠲᠠᠭᠠᠬᠤ᠂ ᠦᠢᠯᠡ ᠠᠵᠢᠯᠯᠠᠭ᠎ᠠ ᠲᠡᠭᠡᠷ᠎ᠠ ᠪᠠᠨ ᠭᠤᠤᠯᠯᠠᠬᠴᠢ ᠶᠢ ᠤᠬᠠᠮᠰᠠᠷ ᠠᠴᠠ ᠪᠠᠨ ᠴᠢᠩᠭ᠎ᠠ ᠲᠠᠭᠠᠬᠤ ᠶᠢ ᠪᠡᠶᠡᠯᠡᠬᠦᠯᠵᠦ᠂ ᠡᠬᠦᠷᠢᠳᠡ ᠤᠯᠤᠰ ᠲᠦᠷᠦ ᠶᠢᠨ ᠵᠤᠬᠰᠤᠯᠳᠠ᠂ ᠤᠯᠤᠰ ᠲᠦᠷᠦ ᠶᠢᠨ ᠴᠢᠭᠯᠡᠯᠳᠡ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠲᠡᠭᠡᠷ᠎ᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠬᠡᠳᠤ ᠬᠡᠮᠵᠢᠶᠠᠨ ᠤ ᠨᠢᠬᠡᠳᠦᠯᠳᠡᠢ ᠪᠠᠶᠢᠬᠤ ᠬᠡᠷᠡᠭᠳᠡᠢ᠃      ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠠᠮ ᠤᠨ ᠲᠦᠪ ᠬᠤᠷᠢᠶᠠᠨ ᠤ ᠲᠦᠪᠯᠡᠷᠡᠩᠭᠦᠢ ᠨᠢᠬᠡᠳᠦᠯᠳᠡᠢ ᠤᠳᠤᠷᠢᠳᠤᠯᠭ᠎ᠠ ᠶᠢ ᠴᠢᠩᠭᠠᠳᠬᠠᠬᠤ ᠪᠠ ᠬᠠᠮᠠᠭᠠᠯᠠᠬᠤ ᠲᠤᠬᠠᠢ ᠲᠤᠬᠳᠠᠭᠠᠯ ᠨᠤᠭᠤᠳ︾᠎ ᠢ ᠨᠠᠷᠢᠨ ᠬᠢᠨᠠᠮᠠᠭᠠᠢ ᠲᠤᠤᠱᠯᠠᠭᠤᠯᠤᠨ᠂ ᠨᠠᠮ ᠳᠤ ᠬᠠᠷᠢᠴᠠᠯᠠᠰᠢᠬᠦᠢ ᠴᠢᠩ ᠦᠨᠡᠨᠴᠢ ᠪᠠᠶᠢᠵᠦ᠂ ᠠᠯᠢᠪᠠ ᠠᠵᠢᠯ ᠤᠨ ᠪᠠᠶᠢᠷᠢᠯᠠᠭᠤᠯᠤᠯᠳᠠ ᠳᠤ ᠪᠦᠷ ᠡᠷᠬᠡᠪᠰᠢ ᠲᠦᠪ ᠤᠨ ᠵᠤᠷᠢᠬ ᠰᠠᠨᠠᠭ᠎ᠠ ᠶᠢ ᠲᠤᠤᠱᠯᠠᠭᠤᠯᠬᠤ ᠪᠠᠷ ᠤᠷᠢᠳᠠᠯ ᠪᠤᠯᠭᠠᠵᠦ᠂ ᠨᠠᠮ ᠤᠨ ᠲᠦᠪ ᠬᠤᠷᠢᠶᠠᠨ ᠤ ᠲᠤᠭᠳᠠᠭᠠᠬᠰᠠᠨ ᠬᠠᠷᠠᠯᠳᠠ ᠡᠬᠦᠷᠬᠡ ᠪᠠ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠦᠪᠦᠷ ᠮᠤᠩᠭᠤᠯ ᠳᠤ ᠳᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠳᠦᠮᠵᠢ ᠭᠠᠷᠭᠠᠬᠤ ᠶᠢ ᠪᠠᠲᠤᠯᠠᠬᠤ ᠬᠡᠷᠡᠭᠳᠡᠢ᠃      ︵ᠬᠤᠶᠠᠷ︶ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯ ᠨᠠᠮ ᠤᠨ ᠡᠷᠬᠡᠪᠰᠢ ᠤᠷᠳᠤ ᠬᠤᠭᠤᠴᠠᠭ᠎ᠠ ᠪᠠᠷᠢᠮᠳᠠᠯᠠᠬᠤ ᠵᠢᠯᠤᠭᠤᠳᠬᠤ ᠦᠵᠡᠯ ᠰᠠᠨᠠᠭ᠎ᠠ ᠮᠦᠨ ᠬᠡᠬᠦ ᠶᠢ ᠬᠦᠨᠵᠡᠬᠡᠢ ᠤᠶᠢᠯᠠᠭᠠᠬᠤ ᠬᠡᠷᠡᠭᠳᠡᠢ᠃ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢᠨ ᠵᠠᠯᠭᠠᠮᠵᠢᠯᠠᠯ ᠪᠠ ᠬᠦᠭᠵᠢᠬᠦᠯᠦᠯᠳᠡ ᠮᠦᠨ᠂ ᠮᠠᠷᠺᠰ ᠤᠨ ᠦᠵᠡᠯ ᠤᠨ ᠲᠤᠮᠳᠠᠳᠤ ᠤᠯᠤᠰᠴᠢᠯᠠᠬᠰᠠᠨ ᠬᠠᠮᠤᠬ ᠤᠨ ᠰᠢᠨ᠎ᠠ ᠦᠷ᠎ᠠ ᠪᠦᠲᠦᠬᠡᠯ ᠮᠦᠨ᠂ ᠨᠠᠮ ᠪᠠ ᠠᠷᠠᠳ ᠲᠦᠮᠡᠨ ᠤ ᠦᠢᠯᠡᠳᠦᠯᠬᠡ ᠶᠢᠨ ᠲᠤᠷᠰᠢᠯᠭ᠎ᠠ ᠪᠠ ᠬᠠᠮᠳᠤ ᠶᠢᠨ ᠤᠶᠤᠨ ᠤᠬᠠᠭᠠᠨ ᠤ ᠤᠬᠢ ᠲᠠᠯᠠᠰᠳᠤ ᠮᠦᠨ᠂ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠤᠨᠤᠯ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠦᠨ᠂ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠶᠢᠨ ᠲᠦᠯᠦᠬᠡ ᠲᠡᠮᠡᠴᠡᠬᠦ ᠠᠵᠢᠯᠯᠠᠭᠠᠨ ᠤ ᠵᠦᠭᠯᠡᠬᠦᠷ ᠮᠦᠨ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠨᠠᠮ ᠪᠠ ᠤᠯᠤᠰ ᠤᠨ ᠠᠵᠢᠯ ᠦᠢᠯᠡᠰ ᠲᠤ ᠡᠬᠦᠰᠦᠭᠰᠡᠨ ᠲᠡᠤᠬᠡᠳᠤ ᠴᠢᠨᠠᠷᠳᠠᠢ ᠬᠤᠪᠢᠰᠤᠯᠳᠠ ᠲᠠᠢ ᠨᠢᠬᠳᠠ ᠤᠶᠠᠯᠳᠤᠨ᠂ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠰᠢᠨ᠎ᠠ ᠴᠠᠬ ᠦᠶ᠎ᠠ ᠳᠤ ᠤᠷᠤᠬᠰᠠᠨ ᠲᠠᠢ ᠨᠢᠬᠳᠠ ᠤᠶᠠᠯᠳᠤᠨ᠂ ᠮᠠᠨ ᠤ ᠤᠯᠤᠰ ᠤᠨ ᠨᠡᠶᠢᠬᠡᠮ ᠵᠢᠷᠤᠮ ᠤᠨ ᠭᠤᠤᠯ ᠵᠦᠷᠢᠴᠡᠯ ᠤᠨ ᠬᠤᠪᠢᠷᠠᠯᠳᠠ ᠲᠠᠢ ᠨᠢᠬᠳᠠ ᠤᠶᠠᠯᠳᠤᠨ᠂ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠡᠤᠬᠡᠳᠤ ᠡᠬᠦᠷᠬᠡ ᠬᠠᠷᠢᠭᠤᠴᠠᠯᠭ᠎ᠠ ᠲᠠᠢ ᠨᠢᠬᠳᠠ ᠤᠶᠠᠯᠳᠤᠨ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠳᠠ ᠪᠠ ᠡᠯ᠎ᠠ ᠲᠦᠷᠦᠯ ᠤᠨ ᠡᠬᠦᠷᠬᠡ ᠲᠠᠢ ᠨᠢᠬᠳᠠ ᠤᠶᠠᠯᠳᠤᠨ᠂ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠲᠠᠢ ᠨᠢᠬᠳᠠ ᠤᠶᠠᠯᠳᠤᠨ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠲᠡᠤᠬᠡᠳᠤ ᠪᠠᠶᠢᠷᠢ ᠰᠠᠭᠤᠷᠢ ᠶᠢ ᠬᠦᠨᠵᠡᠬᠡᠢ ᠲᠠᠨᠢᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠳᠡᠢ᠃      ︵ᠭᠤᠷᠪᠠ︶ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠰᠢᠰᠲ᠋ᠧᠮ᠂ ᠵᠤᠷᠢᠭ ᠰᠠᠨᠠᠭᠠᠨ ᠤ ᠮᠦᠨ ᠴᠢᠨᠠᠷ᠂ ᠦᠢᠯᠡᠳᠦᠯᠬᠡ ᠶᠢᠨ ᠱᠠᠭᠠᠷᠳᠠᠯᠭ᠎ᠠ ᠶᠢ ᠬᠦᠨᠵᠡᠬᠡᠢ ᠦᠢᠯᠠᠭᠠᠨ ᠡᠵᠡᠮᠰᠢᠬᠦ ᠬᠡᠷᠡᠭᠳᠡᠢ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠨᠢ ᠤᠨᠤᠯ ᠪᠤᠯᠤᠨ ᠦᠢᠯᠡᠳᠦᠯᠬᠡ ᠶᠢᠨ ᠤᠶᠠᠯᠳᠤᠯ ᠲᠡᠬᠡᠷ᠎ᠠ ᠰᠢᠨ᠎ᠠ ᠴᠠᠭ ᠦᠶ᠎ᠠ ᠳᠤ ᠶᠠᠮᠠᠷᠰᠢᠦ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠬᠡᠷᠬᠢᠨ ᠪᠠᠷᠢᠮᠳᠠᠯᠠᠨ ᠬᠦᠭᠵᠢᠬᠦᠯᠬᠦ ᠴᠢᠬᠤᠯᠠ ᠶᠡᠭᠡ ᠴᠠᠭ ᠦᠶ᠎ᠠ ᠶᠢᠨ ᠰᠡᠳᠦᠪ ᠢ ᠰᠢᠰᠲ᠋ᠧᠮ ᠲᠠᠢ ᠬᠠᠷᠢᠭᠤᠯᠵᠤ᠂ ᠰᠢᠨ᠎ᠠ ᠴᠠᠭ ᠦᠶ᠎ᠠ ᠳᠤ ᠪᠠᠷᠢᠮᠳᠠᠯᠠᠨ ᠬᠦᠭᠵᠢᠬᠦᠯᠬᠦ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠶᠡᠷᠦᠩᠬᠡᠢ ᠬᠠᠷᠠᠯᠳᠠ᠂ ᠶᠡᠷᠦᠩᠬᠡᠢ ᠡᠭᠦᠷᠭᠡ᠂ ᠶᠡᠷᠦᠩᠬᠡᠢ ᠪᠠᠶᠢᠷᠢᠰᠢᠭᠤᠯᠤᠯᠳᠠ᠂ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠪᠠ ᠬᠦᠭᠵᠢᠯᠳᠡ ᠶᠢᠨ ᠴᠢᠭᠯᠡᠯ᠂ ᠬᠦᠭᠵᠢᠯᠳᠡ ᠶᠢᠨ ᠬᠡᠯᠪᠡᠷᠢ᠂ ᠬᠦᠭᠵᠢᠯᠳᠠ ᠶᠢᠨ ᠬᠦᠳᠡᠯᠬᠡᠬᠦ ᠬᠦᠴᠦᠨ᠂ ᠪᠠᠶᠢᠯᠳᠤᠬᠤ ᠪᠤᠳᠤᠯᠭ᠎ᠠ ᠶᠢᠨ ᠠᠯᠬᠤᠮ ᠲᠠᠷᠠᠭ᠎ᠠ᠂ ᠭᠠᠳᠠᠭᠠᠳᠤ ᠨᠦᠬᠦᠴᠡᠯ᠂ ᠤᠯᠤᠰ ᠲᠦᠷᠦ ᠶᠢᠨ ᠪᠠᠳᠤᠯᠠᠭ᠎ᠠ ᠵᠡᠷᠬᠡ ᠦᠨᠳᠦᠰᠦᠨ ᠠᠰᠠᠭᠤᠯᠳᠠ ᠳᠤ ᠬᠠᠷᠢᠭᠤᠯᠳᠠ ᠦᠭᠴᠤ᠂ ᠲᠡᠷᠡᠴᠢᠯᠠᠨ ᠰᠢᠨ᠎ᠠ ᠦᠢᠯᠡᠳᠦᠯᠬᠡ ᠶᠢ ᠦᠨᠳᠦᠰᠦᠯᠡᠨ ᠨᠠᠮ ᠪᠤᠯᠤᠨ ᠤᠯᠤᠰ ᠤᠨ ᠠᠵᠢᠯ ᠦᠢᠯᠡᠰ ᠤᠨ ᠡᠯ᠎ᠠ ᠲᠠᠯ᠎ᠠ ᠳᠤ ᠤᠨᠤᠯ ᠤᠨ ᠵᠠᠳᠠᠯᠤᠯᠳᠠ ᠪᠤᠯᠤᠨ ᠲᠦᠷᠦ ᠶᠢᠨ ᠪᠤᠳᠤᠯᠭ᠎ᠠ ᠶᠢᠨ ᠵᠢᠯᠤᠭᠤᠳᠤᠮᠵᠢ ᠬᠢᠵᠤ ᠦᠭᠴᠠᠢ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠤᠬᠢ ᠰᠤᠳᠤᠨ ᠴᠢᠬᠤᠯᠠ ᠤᠳᠬ᠎ᠠ ᠶᠢ ᠤᠨᠤᠪᠴᠢᠳᠠᠢ ᠦᠢᠯᠠᠭᠠᠵᠤ᠂ ᠲᠡᠬᠦᠨ ᠤ ᠲᠤᠳᠤᠷ᠎ᠠ ᠠᠭᠤᠯᠤᠭᠳᠠᠵᠤ ᠪᠠᠶᠢᠭ᠎ᠠ ᠡᠷᠡᠰ ᠪᠠᠳᠤ ᠢᠳᠡᠬᠡᠯ ᠪᠢᠰᠢᠷᠡᠯ᠂ ᠢᠯᠡ ᠲᠤᠳᠤᠷᠬᠠᠢ ᠠᠷᠠᠳ ᠲᠦᠮᠡᠨ ᠤ ᠵᠤᠭᠰᠤᠯᠳᠠ᠂ ᠡᠷᠡᠰ ᠴᠢᠩᠭ᠎ᠠ ᠲᠡᠤᠬᠡᠳᠤ ᠬᠠᠷᠢᠭᠤᠴᠠᠯᠭ᠎ᠠ᠂ ᠦᠨᠡᠡ ᠪᠤᠳᠠᠳᠠᠢ ᠶᠢ ᠡᠷᠬᠢᠮᠯᠡᠬᠦ ᠰᠤᠷᠳᠠᠯ᠂ ᠰᠢᠨ᠎ᠠ ᠶᠢ ᠡᠬᠦᠳᠬᠦ ᠪᠠᠷ ᠡᠷᠡᠯᠬᠡᠭᠯᠡᠨ ᠴᠢᠷᠮᠠᠶᠢᠬᠤ ᠵᠤᠷᠢᠬ ᠰᠠᠨᠠᠭ᠎ᠠ ᠪᠤᠯᠤᠨ ᠰᠢᠨᠵᠢᠯᠡᠬᠦ ᠤᠬᠠᠭᠠᠨᠴᠢ ᠠᠷᠭ᠎ᠠ ᠶᠢᠨ ᠤᠨᠤᠯ ᠢ ᠬᠦᠨᠵᠡᠬᠡᠢ ᠦᠢᠯᠠᠭᠠᠵᠤ᠂ ᠠᠵᠢᠯ ᠤᠨ ᠵᠠᠷᠴᠢᠮᠳᠤ ᠴᠢᠨᠠᠷ᠂ ᠰᠢᠰᠲ᠋ᠧᠮᠲᠤ ᠴᠢᠨᠠᠷ᠂ ᠲᠦᠰᠦᠬᠡᠯᠡᠬᠦ ᠴᠢᠨᠠᠷ᠂ ᠡᠬᠦᠳᠦᠯᠳᠤ ᠴᠢᠨᠠᠷ ᠢᠶᠠᠨ ᠲᠠᠰᠤᠷᠠᠯᠳᠠ ᠦᠬᠡᠢ ᠴᠢᠩᠭᠠᠳᠬᠠᠵᠤ᠂ ᠲᠡᠬᠦᠨ ᠢᠶᠠᠷ ᠡᠯ᠎ᠠ ᠲᠦᠷᠦᠯ ᠤᠨ ᠠᠵᠢᠯ ᠦᠢᠯᠡᠰ ᠤᠨ ᠬᠦᠭᠵᠢᠯᠳᠠ ᠶᠢ ᠠᠬᠢᠭᠤᠯᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠤᠯᠤᠨ ᠯᠤᠳᠤ ᠶᠡᠭᠡ ᠤᠶᠤᠨ ᠰᠠᠨᠠᠭᠠᠨ ᠤ ᠬᠦᠴᠦᠨ ᠴᠢᠳᠠᠯ ᠪᠤᠯᠭᠠᠬᠤ ᠬᠡᠷᠡᠭᠳᠡᠢ᠃      ᠲᠦᠷᠪᠠ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠦᠷᠨᠢᠯᠳᠡ ᠶᠢ ᠦᠳᠳᠡᠷ ᠲᠦᠷᠬᠡᠨ ᠪᠤᠢ ᠪᠤᠯᠭᠠᠬᠤ ᠬᠡᠷᠡᠭᠳᠡᠢ      ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠤᠯ ᠤᠳᠤᠬᠠᠨ ᠤ ᠪᠠ ᠬᠤᠶᠢᠰᠢᠳᠠ ᠶᠢᠨ ᠨᠢᠬᠡ ᠬᠤᠭᠤᠴᠠᠭᠠᠨ ᠤ ᠲᠡᠷᠢᠬᠦᠨ ᠴᠢᠬᠤᠯᠠ ᠤᠯᠤᠰ ᠲᠦᠷᠦ ᠶᠢᠨ ᠡᠬᠦᠷᠬᠡ ᠪᠤᠯᠤᠨ᠎ᠠ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠡᠷᠬᠡᠪᠰᠢ ᠲᠡᠬᠡᠳᠦ ᠬᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭᠠᠳᠤ ᠤᠬᠠᠮᠰᠠᠷ ᠢᠶᠠᠷ ᠤᠯᠤᠰ ᠲᠦᠷᠦ ᠶᠢᠨ ᠵᠤᠭᠰᠤᠴᠠ ᠪᠠᠨ ᠲᠡᠬᠡᠭᠰᠢᠯᠡᠬᠦᠯᠵᠤ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠠ᠂ ᠨᠠᠷᠢᠯᠢᠭ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠤ᠂ ᠰᠤᠷᠤᠯᠴᠠᠠ ᠤᠬᠠᠭᠤᠯᠵᠤ ᠲᠤᠤᠱᠯᠠᠭᠤᠯᠬᠤ ᠡᠯ᠎ᠠ ᠲᠦᠷᠦᠯ ᠤᠨ ᠠᠵᠢᠯ ᠢ ᠬᠢᠨᠠᠮᠠᠭᠠᠢ ᠰᠠᠶᠢᠲᠤᠷ ᠬᠢᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠪᠠᠷ ᠦᠵᠡᠯ ᠰᠠᠨᠠᠭ᠎ᠠ ᠪᠠᠨ ᠦᠨᠡᠨᠬᠦ ᠨᠢᠬᠡᠳᠦᠬᠦᠯᠤᠨ᠂ ᠬᠦᠴᠦᠨ ᠴᠢᠳᠠᠯ ᠢᠶᠠᠨ ᠨᠢᠬᠳᠠᠷᠠᠭᠤᠯᠵᠤ᠂ ᠪᠦᠬᠦ ᠤᠷᠤᠨ ᠲᠠᠶᠠᠭᠠᠷ ᠎ ᠢ ᠤᠷᠢᠶᠠᠯᠠᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠳᠤ ᠲᠤᠭᠳᠠᠭᠠᠭᠰᠠᠠ ᠡᠯ᠎ᠠ ᠲᠦᠷᠦᠯ ᠤᠨ ᠬᠠᠷᠠᠯᠳᠠ ᠡᠬᠦᠷᠬᠡ ᠶᠢ ᠪᠡᠶᠡᠯᠡᠬᠦᠯᠵᠤ᠂ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤᠪᠠᠷ ᠲᠡᠷᠬᠡᠯᠰᠢᠬᠦᠯᠬᠦ ᠪᠠᠷ ᠴᠦᠬᠦᠷᠡᠰᠢ ᠦᠭᠡᠢ ᠲᠡᠮᠡᠴᠡᠬᠦ ᠬᠡᠷᠡᠭᠳᠡᠢ᠃      ︵ᠨᠢᠬᠡ︶ ᠰᠤᠷᠤᠯᠴᠠᠯᠭ᠎ᠠ ᠪᠤᠯᠪᠠᠰᠤᠷᠠᠯ ᠢ ᠯᠠᠪᠳᠠᠭᠤᠨ ᠪᠠᠳᠤᠳᠠᠢ ᠦᠷᠨᠢᠬᠦᠯᠬᠦ ᠬᠡᠷᠡᠭᠳᠡᠢ᠃ ᠪᠦᠬᠦ ᠤᠷᠤᠨ ᠤ ᠨᠠᠮ ᠤᠨ ᠬᠡᠰᠢᠬᠦᠳ ᠲᠤ ᠬᠠᠨᠳᠤᠭᠤᠯᠤᠨ ᠤᠯᠠᠨ ᠬᠡᠯᠪᠡᠷᠢ ᠮᠠᠶ᠋ᠢᠭ᠂ ᠲᠡᠰ ᠲᠠᠪᠬᠤᠷᠭ᠎ᠠ ᠬᠤᠪᠢᠶᠠᠭᠰᠠᠠ᠂ ᠪᠦᠬᠦᠨ ᠢ ᠬᠠᠮᠤᠷᠤᠭᠰᠠᠠ ᠪᠦᠬᠦ ᠬᠡᠰᠢᠬᠦᠳ ᠤᠨ ᠪᠤᠯᠪᠠᠰᠤᠷᠠᠯ ᠢ ᠦᠷᠨᠢᠬᠦᠯᠵᠤ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠢ ᠵᠤᠬᠢᠶᠠᠨ ᠪᠠᠶᠢᠭᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠬᠢᠨᠠᠮᠠᠭᠠᠢ ᠰᠤᠷᠤᠯᠴᠠᠭᠤᠯᠬᠤ ᠬᠡᠷᠡᠭᠳᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠬᠢᠨ ᠡᠷᠬᠡᠪᠰᠢ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠬᠤ ᠪᠠᠷ ᠭᠤᠤᠯᠳᠠᠯᠭᠠᠳᠤ ᠡᠬᠦᠷᠬᠡ ᠪᠠᠨ ᠪᠤᠯᠭᠠᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠠᠶᠢᠮᠠᠭ ᠬᠤᠳᠠ ᠲᠢᠩᠬᠢᠮ ᠲᠤᠪᠴᠢᠶ᠎ᠠ ᠶᠢᠨ ᠲᠡᠰ ᠤᠨ ᠺᠠᠳ᠋ᠷᠴᠤᠳ᠂ ᠬᠤᠰᠢᠭᠤ ᠰᠢᠶᠠᠨ ︵ᠬᠤᠳᠠ᠂ ᠲᠤᠭᠤᠷᠢᠬ︶᠎ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠳ ᠤᠨ ᠲᠤᠰᠬᠠᠢ ᠰᠡᠳᠦᠪᠳᠤ ᠡᠬᠡᠯᠵᠢᠯᠡᠭᠰᠡᠨ ᠪᠤᠯᠪᠠᠰᠤᠷᠠᠯ ᠤᠨ ᠠᠩᠬᠢ᠂ ᠰᠤᠳᠤᠯᠤᠨ ᠶᠠᠷᠢᠯᠴᠠᠬᠤ ᠠᠩᠬᠢ ᠶᠢ ᠡᠷᠬᠢᠯᠡᠬᠦ ᠪᠤᠯᠤᠨ᠎ᠠ᠃ ᠠᠶᠢᠮᠠᠭ ᠬᠤᠳᠠ ᠪᠤᠯᠤᠨ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠴᠠᠭ ᠢᠶᠠᠨ ᠲᠦᠪᠯᠡᠷᠡᠬᠦᠯᠦᠨ ᠰᠢᠶᠠᠨ ᠭᠠᠵᠠᠷ ᠤᠨ ᠲᠡᠰ ᠠᠴᠠ ᠲᠡᠬᠡᠭᠰᠢᠬᠢ ᠤᠳᠤᠷᠢᠳᠬᠤ ᠺᠠᠳ᠋ᠷᠴᠤᠳ ᠲᠤ ᠲᠦᠪᠯᠡᠷᠡᠩᠬᠦᠢ ᠡᠬᠡᠯᠵᠢᠯᠡᠭᠰᠡᠨ ᠪᠤᠯᠪᠠᠰᠤᠷᠠᠯ ᠬᠢᠵᠤ᠂ ᠲᠡᠷᠡᠴᠢᠯᠠᠨ ᠨᠠᠮ ᠤᠨ ᠬᠡᠰᠢᠬᠦᠨ ᠺᠠᠳ᠋ᠷᠴᠤᠳ ᠤᠨ ᠰᠤᠷᠤᠯᠴᠠᠯᠭ᠎ᠠ ᠪᠤᠯᠪᠠᠰᠤᠷᠠᠯ ᠢ ᠰᠠᠶᠢᠲᠤᠷ ᠠᠳᠬᠤᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠰᠤᠷᠭᠠᠭᠤᠯᠢ᠂ ᠺᠠᠳ᠋ᠷᠴᠤᠳ ᠤᠨ ᠲᠡᠬᠡᠳᠤ ᠰᠤᠷᠭᠠᠭᠤᠯᠢ᠂ ᠵᠠᠰᠠᠬ ᠵᠠᠬᠢᠷᠭᠠᠨ ᠤ ᠲᠡᠬᠡᠳᠤ ᠰᠤᠷᠭᠠᠭᠤᠯᠢ᠂ ᠨᠡᠶᠢᠭᠡᠮ ᠵᠢᠷᠤᠮ ᠤᠨ ᠲᠡᠬᠡᠳᠤ ᠰᠤᠷᠭᠠᠭᠤᠯᠢ ᠶᠢᠨ ᠬᠢᠨ ᠡᠷᠬᠡᠪᠰᠢ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠬᠤ ᠶᠢ ᠺᠠᠳ᠋ᠷᠴᠤᠳ ᠤᠨ ᠬᠦᠮᠦᠵᠢᠯ ᠤᠨ ᠡᠷᠬᠡᠪᠰᠢ ᠰᠤᠷᠬᠤ ᠬᠢᠴᠢᠶᠠᠯ ᠪᠤᠯᠭᠠᠵᠤ᠂ ᠰᠤᠷᠭᠠᠭᠤᠯᠢ ᠠᠴᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠦᠵᠡᠯ ᠰᠠᠨᠠᠭ᠎ᠠ ᠤᠯᠤᠰ ᠲᠦᠷᠦ ᠶᠢᠨ ᠬᠦᠮᠦᠵᠢᠯ ᠪᠤᠯᠤᠨ ᠬᠢᠴᠢᠶᠠᠯ ᠤᠨ ᠲᠠᠩᠬᠢᠮ ᠤᠨ ᠵᠢᠭᠠᠨ ᠰᠤᠷᠭᠠᠯᠳᠠ ᠶᠢᠨ ᠴᠢᠬᠤᠯᠠ ᠠᠭᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢᠨ ᠵᠢᠭᠠᠬᠤ ᠮᠠᠲ᠋ᠧᠷᠢᠶᠠᠯ ᠳᠤ ᠤᠷᠤᠬᠤ᠂ ᠬᠢᠴᠢᠶᠠᠯ ᠤᠨ ᠲᠠᠩᠬᠢᠮ ᠳᠤ ᠤᠷᠤᠬᠤ᠂ ᠲᠠᠷᠢᠬᠢᠨ ᠳᠤ ᠰᠠᠭᠤᠬᠳᠠᠬᠤ ᠶᠢ ᠠᠬᠢᠭᠤᠯᠬᠤ ᠬᠡᠷᠡᠭᠳᠡᠢ᠃      ︵ᠬᠤᠶᠠᠷ︶ ᠨᠢᠭᠡᠳᠦᠯᠳᠠᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠬᠦ ᠬᠡᠷᠡᠭᠳᠡᠢ᠃ ᠤᠳᠤ ᠠᠴᠠ ᠳᠠᠷᠠᠭ᠎ᠠ ᠵᠢᠯ ᠤᠨ ᠡᠬᠢᠨ ᠪᠤᠯᠳᠠᠯ᠎ᠠ᠂ ᠪᠦᠬᠦ ᠤᠷᠤᠨ ᠤ ᠬᠡᠪᠴᠢᠶᠡᠨ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠎ ᠤᠨ ᠵᠤᠷᠢᠭ ᠰᠠᠨᠠᠭ᠎ᠠ ᠶᠢ ᠨᠢᠭᠡᠳᠦᠯᠳᠠᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠠᠵᠦ ᠠᠬᠤᠶᠢᠯᠠᠯ᠂ ᠮᠠᠯᠵᠢᠬᠤ ᠲᠠᠷᠢᠶᠠᠯᠠᠬᠤ ᠤᠷᠤᠨ᠂ ᠪᠠᠶᠢᠭᠤᠯᠭ᠎ᠠ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠤᠭᠤᠷᠢᠭ ᠲᠤ ᠭᠦᠨᠵᠡᠭᠡᠶᠢᠷᠡᠵᠦ ᠤᠬᠠᠭᠤᠯᠤᠨ ᠲᠠᠶᠢᠯᠪᠤᠷᠢᠯᠠᠬᠤ ᠬᠡᠷᠡᠭᠳᠡᠢ᠃ ᠮᠤᠵᠢ ᠶᠢᠨ ᠳᠡᠰ ᠎ ᠤᠨ ᠺᠠᠳ᠋ᠷ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠪᠤᠯᠤᠨ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠲᠡᠭᠡᠨ ᠬᠦᠷᠴᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠦ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠲᠦᠷᠦᠬᠦᠯᠡᠨ ᠤᠬᠠᠭᠤᠯᠤᠨ ᠲᠠᠶᠢᠢᠯᠪᠤᠷᠢᠯᠠᠵᠦ᠂ ᠪᠤᠳᠠᠳᠦ ᠠᠵᠢᠯᠯᠠᠭ᠎ᠠ ᠪᠠᠷ ᠢᠶᠠᠨ ᠦᠷᠭᠡᠨ ᠤᠯᠠᠨ ᠺᠠᠳ᠋ᠷ ᠤᠯᠠᠨ ᠲᠦᠮᠡᠨ ᠢ ᠳᠠᠶᠢᠴᠢᠯᠠᠨ ᠰᠤᠷᠤᠯᠴᠠᠭᠤᠯᠬᠤ ᠬᠡᠷᠡᠭᠳᠡᠢ᠃ ︽ᠲᠠᠯ᠎ᠠ ᠨᠤᠳᠤᠭ ᠤᠨ ᠬᠦᠪᠡᠭᠦᠳ ᠦᠬᠢᠳ ᠨᠠᠮ ᠢᠶᠠᠨ ᠳᠠᠭᠠᠨ᠎ᠠ · ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠎ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠶ᠎ᠠ︾ ᠬᠡᠬᠦ ᠭᠤᠤᠯ ᠰᠡᠳᠦᠪᠳᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠬᠦ ᠬᠡᠷᠡᠭᠳᠡᠢ᠃ ᠡᠯ᠎ᠠ ᠱᠠᠳᠤᠨ ᠤ ᠡᠯ᠎ᠡ ᠲᠦᠷᠦᠯ ᠤᠨ ᠦᠨᠳᠦᠰᠦᠨ ᠱᠠᠳᠤᠨ ᠤ ᠲᠤᠮᠤ ᠬᠢᠴᠢᠶᠡᠯ ᠤᠨ ᠲᠡᠩᠬᠢᠮ᠂ ᠰᠦᠯᠵᠢᠶᠡᠨ ᠳᠡᠭᠡᠷᠡᠬᠢ ᠬᠢᠴᠢᠶᠡᠯ ᠤᠨ ᠲᠡᠩᠬᠢᠮ ᠵᠡᠷᠭᠡ ᠠᠴᠢᠶᠠᠯᠠᠪᠤᠷᠢ ᠶᠢ ᠠᠰᠢᠬᠯᠠᠵᠦ᠂ ᠬᠠᠨᠳᠤᠯᠭᠠᠵᠢᠭᠰᠠᠨ᠂ ᠢᠷᠭᠡᠨᠴᠢᠯᠡᠭᠰᠡᠨ᠂ ᠬᠤᠷᠰᠢᠯᠴᠠᠭᠰᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠬᠦ ᠬᠡᠷᠡᠭᠳᠡᠢ᠃ ᠨᠠᠮ ᠤᠨ ᠭᠠᠳᠠᠨᠠᠬᠢ ᠬᠦᠮᠦᠰ ᠲᠤ ᠬᠠᠨᠳᠤᠭᠤᠯᠤᠭᠰᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠦ᠂ ᠨᠠᠮ ᠤᠨ ᠭᠠᠳᠠᠨᠠᠬᠢ ᠬᠦᠮᠦᠰ ᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠎ ᠶᠢ ᠮᠡᠳᠡᠷᠡᠵᠦ ᠵᠦᠪᠰᠢᠶᠡᠷᠡᠬᠦ ᠶᠢ ᠴᠢᠩᠭᠠᠳᠬᠠᠬᠤ ᠬᠡᠷᠡᠭᠳᠡᠢ᠃ ᠦᠨᠳᠦᠰᠦᠳᠡᠨ ᠤ ᠦᠭᠡ ᠬᠡᠯᠡ ᠦᠰᠦᠭ ᠪᠢᠴᠢᠭ ᠢᠶᠠᠨ ᠬᠡᠷᠡᠭᠯᠡᠵᠦ ᠴᠦᠭᠡᠨ ᠲᠤᠭᠠᠳᠦ ᠦᠨᠳᠦᠰᠦᠳᠡᠨ ᠤ ᠤᠯᠠᠨ ᠲᠦᠮᠡᠨ ᠳᠤ ᠬᠠᠨᠳᠤᠭᠤᠯᠤᠨ ᠤᠬᠠᠭᠤᠯᠤᠨ ᠲᠠᠶᠢᠯᠪᠤᠷᠢᠯᠠᠬᠤ ᠎ ᠶᠢ ᠴᠢᠬᠤᠯᠠᠴᠢᠯᠠᠬᠤ ᠬᠡᠷᠡᠭᠳᠡᠢ᠃ ᠤᠬᠠᠭᠤᠯᠤᠨ ᠲᠠᠶᠢᠯᠪᠤᠷᠢᠯᠠᠬᠤ ᠦᠵᠡᠯ ᠰᠠᠨᠠᠭᠠᠳᠦ ᠴᠢᠨᠠᠷ᠂ ᠴᠢᠭᠯᠡᠬᠦᠯᠦᠯᠳᠦ ᠴᠢᠨᠠᠷ᠂ ᠠᠮᠢᠳᠤᠯᠢᠭ ᠴᠢᠨᠠᠷ ᠢ ᠬᠦᠴᠦᠯᠡᠨ ᠴᠢᠩᠭᠠᠳᠬᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠳᠤᠷᠬᠠᠢ ᠲᠠᠶᠢᠯᠪᠤᠷᠢᠯᠠᠵᠤ᠂ ᠠᠷᠠᠳ ᠲᠦᠮᠡᠨ ᠰᠤᠨᠤᠰᠴᠤ ᠤᠶᠢᠯᠠᠭᠠᠨ᠂ ᠮᠡᠳᠡᠵᠦ ᠠᠪᠬᠤ᠂ ᠨᠠᠶᠢᠳᠠᠪᠤᠷᠢᠵᠢᠭᠤᠯᠵᠤ ᠳᠡᠶᠢᠯᠬᠦ ᠪᠤᠯᠭᠠᠬᠤ ᠬᠡᠷᠡᠭᠳᠡᠢ᠃      ︵ᠭᠤᠷᠪᠠ︶ ᠰᠤᠨᠢᠨ ᠮᠡᠳᠡᠭᠡᠨ ᠤ ᠤᠬᠠᠭᠤᠯᠭ᠎ᠠ ᠶᠢ ᠨᠠᠷᠢᠯᠢᠭ ᠵᠤᠬᠢᠶᠠᠨ ᠪᠠᠶᠢᠭᠤᠯᠬᠤ ᠬᠡᠷᠡᠭᠳᠡᠢ᠃ ᠡᠯ᠎ᠡ ᠱᠠᠳᠤᠨ ᠤ ᠨᠠᠮ ᠤᠨ ᠰᠤᠨᠢᠨ᠂ ᠨᠠᠮ ᠤᠨ ᠰᠡᠳᠬᠦᠯ᠂ ᠷᠠᠳᠢᠣ᠋᠂ ᠲᠧᠯᠸᠢᠰ ᠨᠠᠷᠢᠨ ᠬᠢᠨᠠᠮᠠᠭᠠᠢ ᠰᠡᠳᠦᠨ ᠤᠬᠠᠭᠠᠯᠠᠵᠦ᠂ ᠨᠢᠭᠡᠳᠦᠯᠳᠠᠢ ᠮᠡᠳᠡᠭᠡᠯᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠦᠨᠳᠦ ᠴᠢᠬᠤᠯᠠ ᠠᠴᠢ ᠬᠤᠯᠪᠤᠭᠳᠠᠯ ᠎ ᠢ ᠶᠡᠬᠡᠪᠡᠷ ᠤᠬᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠨᠠᠮ ᠤᠨ ᠤᠷᠳᠤ ᠬᠤᠭᠤᠴᠠᠭ᠎ᠠ ᠡᠷᠭᠡᠪᠰᠢ ᠪᠠᠷᠢᠮᠳᠠᠯᠠᠬᠤ ᠵᠢᠯᠤᠭᠤᠳᠬᠤ ᠦᠵᠡᠯ ᠰᠠᠨᠠᠭ᠎ᠠ ᠪᠤᠯᠭᠠᠬᠰᠠᠨ ᠬᠦᠨᠳᠦ ᠴᠢᠬᠤᠯᠠ ᠠᠴᠢ ᠬᠤᠯᠪᠤᠭᠳᠠᠯ ᠢ ᠤᠬᠠᠭᠤᠯᠵᠦ᠂ 5 ᠵᠢᠯ ᠤᠨ ᠳᠤᠷᠰᠢᠬᠢ ᠨᠠᠮ ᠪᠤᠯᠤᠨ ᠤᠯᠤᠰ ᠤᠨ ᠠᠵᠢᠯ ᠦᠢᠯᠡᠰ ᠤᠨ ᠲᠡᠦᠬᠡᠳᠦ ᠴᠢᠨᠠᠷᠳᠠᠢ ᠬᠤᠪᠢᠰᠤᠯᠳᠠ ᠶᠢ ᠤᠬᠠᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ᠠᠯᠢ ᠤᠯᠠᠨ ᠰᠢᠨ᠎ᠡ ᠴᠢᠬᠤᠯᠠ ᠦᠵᠡᠯ ᠰᠠᠨᠠᠭ᠎ᠠ᠂ ᠴᠢᠬᠤᠯᠠ ᠦᠵᠡᠯᠳᠡ᠂ ᠬᠦᠨᠳᠦ ᠴᠢᠬᠤᠯᠠ ᠮᠠᠭᠠᠳᠯᠠᠯᠳᠠ᠂ ᠬᠦᠨᠳᠦ ᠴᠢᠬᠤᠯᠠ ᠠᠷᠭ᠎ᠠ ᠬᠡᠮᠵᠢᠶ᠎ᠡ ᠶᠢ ᠤᠬᠠᠭᠤᠯᠵᠦ᠂ ᠨᠡᠶᠢᠭᠡᠮ ᠎ ᠤᠨ ᠡᠯ᠎ᠡ ᠡᠳᠡᠭᠡᠳ ᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠤᠬᠠᠢ ᠬᠠᠯᠠᠭᠤᠨ ᠳᠤᠰᠬᠠᠯ ᠪᠤᠯᠤᠨ ᠢᠳᠡᠪᠬᠢ ᠦᠨᠡᠯᠡᠯᠳᠡ ᠶᠢ ᠤᠬᠠᠭᠤᠯᠤᠨ᠂ ᠡᠯ᠎ᠡ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠰᠤᠷᠤᠯᠴᠠᠨ ᠲᠤᠤᠱᠯᠠᠭᠤᠯᠵᠦ ᠪᠠᠶᠢᠬᠤ ᠪᠤᠳᠠᠳᠠᠢ ᠠᠷᠭ᠎ᠠ ᠪᠠᠷᠢᠯ ᠪᠤᠯᠤᠨ ᠪᠤᠳᠠᠳᠦ ᠠᠵᠢᠯᠯᠠᠭ᠎ᠠ ᠶᠢ ᠤᠬᠠᠭᠤᠯᠵᠦ᠂ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠤ ᠰᠤᠷᠤᠯᠴᠠᠨ ᠲᠤᠤᠱᠯᠠᠭᠤᠯᠤᠭᠰᠠᠨ ᠨᠡᠶᠢᠲᠡᠯᠢᠭ ᠵᠢᠱᠢᠶ᠎ᠡ ᠪᠤᠯᠤᠨ ᠰᠠᠶᠢᠨ ᠰᠠᠶᠢᠬᠠᠨ ᠳᠦᠷᠢ ᠳᠦᠷᠬᠦ ᠶᠢ ᠳᠤᠰᠬᠠᠬᠤ ᠬᠡᠷᠡᠭᠳᠡᠢ᠃ ᠵᠦᠪ ᠤᠨᠤᠪᠴᠢᠳᠠᠢ ᠤᠳᠤᠷᠢᠳᠤᠮᠵᠢ ᠶᠢ ᠪᠠᠳᠤ ᠡᠵᠡᠮᠳᠡᠵᠤ᠂ ᠭᠤᠤᠯ ᠬᠦᠭ ᠠᠶᠠᠰ ᠢ ᠪᠠᠳᠠᠷᠠᠭᠤᠯᠵᠦ᠂ ᠢᠳᠡᠪᠬᠢ ᠬᠦᠴᠤᠨ ᠢ ᠳᠠᠮᠵᠢᠭᠤᠯᠤᠨ᠂ ᠡᠯ᠎ᠡ ᠵᠦᠢᠯ ᠤᠨ ᠤᠬᠠᠭᠤᠯᠭ᠎ᠠ ᠶᠢᠨ ᠬᠡᠯᠪᠡᠷᠢ ᠪᠤᠯᠤᠨ ᠠᠷᠭ᠎ᠠ ᠶᠢ ᠭᠦᠢᠴᠡᠳ ᠠᠰᠢᠬᠯᠠᠵᠦ᠂ ᠠᠷᠠᠳ ᠲᠦᠮᠡᠨ ᠤ ᠴᠢᠬᠢᠨ ᠳᠤ ᠳᠤᠯᠠᠭᠠᠨ ᠨᠢᠳᠦᠨ ᠳᠤ ᠬᠠᠯᠠᠭᠤᠨ ᠬᠡᠯᠪᠡᠷᠢ ᠶᠢ ᠬᠡᠷᠡᠭᠯᠡᠨ᠂ ᠳᠠᠳᠠᠬᠤ ᠬᠦᠴᠦᠨ ᠨᠦᠯᠦᠭᠡᠯᠡᠬᠦ ᠬᠦᠴᠦᠨ ᠢ ᠴᠢᠩᠭᠠᠳᠬᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠠᠵᠦ ᠠᠬᠤᠶᠢᠯᠠᠯ ᠳᠤ ᠤᠷᠤᠬᠤ᠂ ᠮᠠᠯᠵᠢᠬᠤ ᠲᠠᠷᠢᠶᠠᠯᠠᠬᠤ ᠤᠷᠤᠨ ᠳᠤ ᠤᠷᠤᠬᠤ᠂ ᠪᠠᠶᠢᠭᠤᠯᠭ᠎ᠠ ᠳᠤ ᠤᠷᠤᠬᠤ᠂ ᠰᠤᠷᠭᠠᠭᠤᠯᠢ ᠶᠢᠨ ᠬᠦᠷᠢᠶᠡᠨ ᠳᠤ ᠤᠷᠤᠬᠤ᠂ ᠨᠡᠶᠢᠭᠡᠮ ᠲᠤᠭᠤᠷᠢᠭ ᠲᠤ ᠤᠷᠤᠬᠤ᠂ ᠴᠡᠷᠢᠭ ᠤᠨ ᠬᠤᠸᠠᠷᠠᠨ ᠳᠤ ᠤᠷᠤᠬᠤ᠂ ᠰᠦᠯᠵᠢᠶᠡᠨ ᠳᠤ ᠭᠠᠷᠬᠤ ᠶᠢ ᠠᠬᠢᠭᠤᠯᠬᠤ ᠬᠡᠷᠡᠭᠳᠡᠢ᠃ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ ᠰᠤᠳᠤᠯᠤᠨ ᠲᠤᠳᠤᠷᠬᠠᠶᠢᠯᠠᠨ ᠲᠠᠶᠢᠯᠪᠤᠷᠢᠯᠠᠵᠤ᠂ ᠰᠤᠷᠤᠯᠴᠠᠵᠦ ᠤᠬᠠᠭᠤᠯᠬᠤ ᠤᠨᠤᠯ ᠤᠨ ᠬᠦᠨᠴᠡ᠂ ᠦᠢᠯᠡᠳᠦᠯᠭᠡᠵᠢᠬᠦᠯᠬᠦ ᠡᠷᠴᠢᠮ ᠢᠶᠠᠨ ᠴᠢᠩᠭᠠᠷᠠᠭᠤᠯᠤᠨ᠂ ᠬᠦᠮᠦᠰ ᠤᠨ ᠤᠯᠤᠰ ᠲᠦᠷᠦ ᠶᠢᠨ ᠡᠬᠡᠨᠢᠭᠰᠢᠯ᠂ ᠦᠵᠡᠯ ᠰᠠᠨᠠᠭᠠᠨ ᠤ ᠡᠬᠡᠨᠢᠭᠰᠢᠯ᠂ ᠬᠠᠶᠢᠷ᠎ᠠ ᠰᠡᠳᠬᠢᠯᠭᠡ ᠶᠢᠨ ᠡᠬᠡᠨᠢᠭᠰᠢᠯ ᠢ ᠴᠢᠩᠭᠠᠳᠬᠠᠬᠤ ᠬᠡᠷᠡᠭᠳᠡᠢ᠃ ᠭᠠᠳᠠᠭᠠᠳᠤ ᠤᠬᠠᠭᠤᠯᠭ᠎ᠠ ᠶᠢᠨ ᠠᠵᠢᠯᠯᠠᠭ᠎ᠠ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠨᠠᠭᠠᠴᠢᠯᠠᠭ᠎ᠠ ᠲᠠᠢ ᠪᠠᠷ ᠤᠬᠠᠭᠤᠯᠤᠨ ᠲᠠᠶᠢᠯᠪᠤᠷᠢᠯᠠᠵᠤ᠂ ᠨᠠᠮ ᠪᠤᠯᠤᠨ ᠤᠯᠤᠰ ᠤᠨ ᠰᠠᠶᠢᠨ ᠰᠠᠶᠢᠬᠠᠨ ᠳᠦᠷᠢ ᠳᠦᠷᠬᠦ ᠶᠢ ᠠᠮᠢᠳᠤᠯᠢᠭ ᠢᠶᠠᠷ ᠢᠯᠡᠷᠡᠬᠦᠯᠬᠦ ᠬᠡᠷᠡᠭᠳᠡᠢ᠃      ︵ᠲᠦᠷᠪᠡ︶ ᠤᠨᠤᠯ ᠢ ᠪᠤᠳᠠᠳᠠᠢ ᠲᠠᠢ ᠤᠶᠠᠯᠳᠤᠭᠤᠯᠬᠤ ᠮᠠᠷᠺᠰ ᠤᠨ ᠦᠵᠡᠯ ᠤᠨ ᠰᠤᠷᠤᠯᠴᠠᠬᠤ ᠰᠤᠷᠳᠠᠯ ᠢ ᠶᠡᠬᠡᠪᠡᠷ ᠮᠠᠨᠳᠤᠭᠤᠯᠬᠤ ᠬᠡᠷᠡᠭᠳᠡᠢ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠡ ᠶᠢᠨ ᠦᠪᠦᠷ ᠮᠤᠩᠭᠤᠯ ᠳᠠᠬᠢ ᠳᠤᠳᠤᠨᠤᠰᠤᠭ ᠬᠠᠯᠠᠮᠵᠢᠯᠠᠯ ᠪᠠ ᠨᠠᠨᠳᠢᠨ ᠬᠦᠰᠡᠯ ᠲᠠᠢ ᠨᠢᠬᠳᠠ ᠬᠤᠯᠪᠤᠨ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠬᠦᠭᠵᠢᠯᠳᠡ ᠳᠤᠬᠳᠠᠭᠤᠨ ᠤ ᠪᠤᠳᠠᠳᠤ ᠪᠠᠶᠢᠳᠠᠯ ᠪᠤᠯᠤᠨ ᠦᠷᠭᠡᠨ ᠤᠯᠠᠨ ᠺᠠᠳ᠋ᠷ ᠤᠯᠠᠨ ᠲᠦᠮᠡᠨ ᠤ ᠦᠵᠡᠯ ᠰᠠᠨᠠᠭᠠᠨ ᠤ ᠠᠵᠢᠯ ᠤᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠰᠤᠷᠤᠯᠴᠠᠨ ᠰᠡᠳᠬᠢᠵᠤ ᠦᠢᠯᠡᠳᠦᠯᠭᠡᠵᠢᠬᠦᠯᠦᠨ᠂ ᠰᠤᠷᠤᠯᠴᠠᠵᠤ ᠬᠡᠷᠡᠭᠯᠡᠬᠦ ᠶᠢ ᠤᠶᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠡᠳᠬᠢᠯ ᠳᠡᠭᠡᠨ ᠳᠤᠬᠳᠠᠭᠠᠵᠤ᠂ ᠦᠢᠯᠡ ᠠᠵᠢᠯᠯᠠᠭ᠎ᠠ ᠳᠠᠭᠠᠨ ᠪᠤᠲᠠᠲᠠᠶᠢᠵᠢᠭᠤᠯᠬᠤ ᠶᠢ ᠠᠭᠢᠭᠤᠯᠬᠤ ᠬᠡᠷᠡᠭᠳᠡᠢ᠃ ᠰᠤᠷᠤᠯᠴᠠᠨ ᠤᠬᠠᠭᠤᠯᠵᠤ ᠲᠤᠤᠱᠯᠠᠭᠤᠯᠤᠬᠰᠠᠨ ᠦᠷ᠎ᠡ ᠪᠦᠲᠦᠮᠵᠢ ᠪᠠᠨ ᠳᠤᠰ ᠭᠠᠵᠠᠷ ᠤᠷᠤᠨ ᠳᠤᠰ ᠰᠠᠯᠠᠭ᠎ᠠ ᠮᠦᠴᠢᠷ ᠤᠨ ᠬᠦᠭᠵᠢᠯᠳᠡ ᠶᠢᠨ ᠰᠡᠳᠬᠢᠮᠵᠢ᠂ ᠠᠵᠢᠯ ᠤᠨ ᠡᠭᠦᠷᠭᠡ ᠪᠤᠯᠤᠨ ᠪᠤᠳᠠᠳᠤ ᠠᠷᠭ᠎ᠠ ᠠᠪᠴᠠᠯ ᠪᠤᠯᠭᠠᠨ ᠬᠤᠪᠢᠷᠠᠭᠤᠯᠵᠤ᠂ ᠠᠰᠠᠭᠤᠳᠠᠯ ᠰᠢᠢᠳᠪᠦᠷᠢᠯᠡᠬᠦ᠂ ᠬᠦᠭᠵᠢᠯᠳᠡ ᠶᠢ ᠠᠭᠢᠭᠤᠯᠬᠤ ᠬᠦᠴᠤᠨ ᠴᠢᠳᠠᠯ ᠪᠤᠯᠭᠠᠨ ᠬᠤᠪᠢᠷᠠᠭᠤᠯᠵᠤ᠂ ᠬᠡᠵᠢᠶᠠᠳᠠ ᠬᠤᠶᠢᠷᠭᠤᠰᠢᠬᠤ ᠦᠬᠡᠢ᠂ ᠴᠤᠴᠠᠯᠳᠠ ᠦᠭᠡᠢ ᠤᠷᠤᠬᠰᠢᠯᠠᠬᠤ ᠳᠡᠮᠡᠴᠡᠯ ᠤᠨ ᠵᠤᠷᠢᠭ ᠰᠠᠨᠠᠭ᠎ᠠ ᠪᠤᠯᠭᠠᠨ ᠬᠤᠪᠢᠷᠠᠭᠤᠯᠵᠤ᠂ ᠬᠦᠴᠢᠷ ᠢ ᠳᠤᠭᠤᠯᠵᠥ ᠪᠡᠷᠬᠡ ᠶᠢ ᠳᠠᠪᠠᠭ᠋ᠤ᠂ ᠰᠢᠷᠭᠠᠭᠤ ᠠᠵᠢᠯᠯᠠᠵᠤ ᠪᠤᠳᠠᠳᠠᠢ ᠠᠵᠢᠯᠯᠠᠬᠤ ᠡᠷᠡᠰ ᠴᠢᠩᠭ᠎ᠠ ᠵᠤᠷᠢᠭ ᠰᠦᠰᠦ ᠪᠤᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ ᠳᠤ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠬᠡᠨ ᠪᠠᠶᠢᠭᠤᠯᠬᠤ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠬᠤ ᠬᠡᠷᠡᠭᠳᠡᠢ᠃      ︵ᠳᠠᠪᠤ︶ ᠵᠤᠷᠢᠭ ᠢᠶᠠᠨ ᠬᠦᠪᠴᠢᠯᠡᠨ ᠰᠢᠷᠭᠠᠭᠤ ᠴᠢᠷᠮᠠᠶᠢᠵᠤ ᠤᠳᠤᠬᠠᠨ ᠤ ᠠᠵᠢᠯ ᠢᠶᠠᠨ ᠰᠠᠶᠢᠲᠤᠷ ᠬᠢᠬᠦ ᠬᠡᠷᠡᠭᠳᠡᠢ᠃ ᠪᠤᠳᠠᠳᠠᠢ ᠳᠤ ᠰᠠᠭᠤᠷᠢᠯᠠᠵᠤ᠂ ᠦᠢᠯᠡᠳᠦᠯᠭᠡ ᠳᠤ ᠦᠨᠳᠦᠰᠦᠯᠡᠨ᠂ ᠤᠳᠤᠬᠢ ᠪᠠ ᠠᠯᠤᠰ ᠢᠷᠡᠭᠡᠳᠦᠢ ᠶᠢ ᠬᠠᠮᠳᠤ ᠳᠤᠨᠢ ᠬᠠᠷᠠᠭᠠᠯᠵᠠᠵᠤ᠂ ᠭᠦᠨᠳᠦ ᠬᠦᠩᠭᠡᠨ ᠠᠯᠭᠤᠷ ᠪᠠᠴᠢᠮ ᠢ ᠳᠤᠳᠤᠷᠬᠠᠢ ᠢᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠠ ᠲᠠᠯ᠎ᠠ ᠳᠤ ᠨᠠᠶᠢᠳᠠᠪᠤᠷᠢᠵᠢᠭᠤᠯᠵᠤ᠂ ᠡᠨᠡ ᠵᠢᠯ ᠤᠨ ᠡᠯ᠎ᠡ ᠲᠦᠷᠦᠯ ᠤᠨ ᠠᠵᠢᠯ ᠢᠶᠠᠨ ᠰᠠᠶᠢᠲᠤᠷ ᠬᠢᠬᠦ ᠪᠤᠯᠤᠨ ᠳᠠᠷᠠᠭ᠎ᠠ ᠵᠢᠯ ᠤᠨ ᠠᠵᠢᠯ ᠢᠶᠠᠨ ᠰᠠᠶᠢᠲᠤᠷ ᠲᠤᠬᠢᠷᠠᠭᠤᠯᠬᠤ ᠳᠡᠭᠡᠷ᠎ᠡ ᠢᠯᠡᠷᠡᠭᠦᠯᠬᠦ ᠬᠡᠷᠡᠭᠳᠡᠢ᠃ ᠠᠵᠤ ᠠᠬᠤᠢ ᠶᠢᠨ ᠡᠷᠬᠢᠯᠳᠡ ᠶᠢ ᠳᠤᠪᠤᠶᠢᠮ᠎ᠠ ᠠᠳᠬᠤᠵᠤ᠂ ᠳᠤᠬᠳᠠᠭᠤᠨ ᠨᠡᠮᠡᠭᠳᠡᠯ᠂ ᠦᠭᠡᠷᠡᠴᠢᠯᠡᠯᠳᠡ ᠶᠢ ᠠᠭᠢᠭᠤᠯᠬᠤ᠂ ᠪᠦᠲᠦᠴᠡ ᠶᠢᠨ ᠲᠤᠬᠢᠷᠠᠭᠤᠯᠤᠯᠳᠠ᠂ ᠠᠷᠠᠳ ᠲᠤ ᠠᠰᠢᠭ ᠬᠦᠷᠳᠡᠭᠡᠬᠦ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠦᠷᠦᠯ ᠤᠨ ᠠᠵᠢᠯ ᠢ ᠨᠢᠭᠡᠳᠦᠯᠳᠡᠢ ᠲᠦᠯᠦᠪᠵᠢᠭᠦᠯᠵᠤ᠂ ᠤᠨ ᠤ ᠬᠠᠷᠠᠯᠳᠠ ᠡᠭᠦᠷᠭᠡ ᠪᠠᠨ ᠰᠠᠶᠢᠲᠤᠷ ᠴᠢᠷᠮᠠᠶᠢᠨ ᠪᠡᠶᠡᠯᠡᠭᠦᠯᠬᠦ ᠬᠡᠷᠡᠭᠳᠡᠢ᠃ ᠳᠠᠷᠠᠭ᠎ᠠ ᠵᠢᠯ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠬᠦᠨᠵᠡᠭᠡᠢ ᠪᠠᠶᠢᠴᠠᠭᠠᠨ ᠰᠤᠳᠤᠯᠵᠤ᠂ ᠨᠠᠷᠢᠨ ᠬᠢᠨᠠᠮᠠᠭᠠᠢ ᠰᠡᠳᠬᠢᠨ ᠪᠤᠳᠤᠯᠬᠢᠯᠠᠵᠦ ᠲᠦᠯᠦᠪᠵᠢᠭᠦᠯᠦᠨ᠂ ᠵᠠᠳᠠᠯᠤᠯᠳᠠ ᠨᠤᠳᠠᠯᠠᠯᠳᠠ ᠶᠢ ᠰᠠᠶᠢᠲᠤᠷ ᠬᠢᠵᠤ᠂ ᠰᠡᠳᠬᠢᠮᠵᠢ ᠠᠷᠭ᠎ᠠ ᠠᠪᠴᠠᠯ ᠢᠶᠠᠨ ᠳᠡᠭᠦᠯᠳᠡᠷᠵᠢᠭᠦᠯᠵᠤ᠂ ᠳᠠᠷᠠᠭ᠎ᠠ ᠵᠢᠯ ᠤᠨ ᠠᠵᠢᠯ ᠳᠠᠭᠠᠨ ᠪᠠᠳᠤ ᠪᠠᠬᠢ ᠰᠠᠭᠤᠷᠢ ᠳᠠᠯᠪᠢᠬᠤ ᠬᠡᠷᠡᠭᠳᠡᠢ᠃ ᠳᠡᠭᠡᠳᠦ ᠬᠡᠮᠵᠢᠶᠡᠨ ᠤ ᠬᠠᠷᠢᠭᠤᠴᠠᠯᠭ᠎ᠠ ᠪᠠᠷ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠬᠤᠭᠤᠴᠠᠭ᠎ᠠ ᠰᠤᠯᠢᠬᠤ ᠠᠵᠢᠯ ᠢ ᠰᠠᠶᠢᠲᠤᠷ ᠬᠢᠵᠤ᠂ ᠬᠤᠭᠤᠴᠠᠭ᠎ᠠ ᠰᠤᠯᠢᠬᠤ ᠠᠵᠢᠯ ᠤᠨ ᠰᠤᠷᠳᠠᠯ ᠴᠢᠭᠡᠴᠢ ᠤᠪᠤᠷ ᠲᠦᠪ᠂ ᠲᠡᠭᠦᠰ ᠠᠮᠵᠢᠯᠳᠠ ᠤᠯᠬᠤ ᠶᠢ ᠪᠠᠳᠤᠯᠠᠬᠤ ᠬᠡᠷᠡᠭᠳᠡᠢ᠃      ᠲᠠᠪᠤ᠂ ᠰᠢᠨ᠎ᠡ ᠴᠠᠬ ᠦᠶ᠎ᠡ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠢᠯᠡᠰ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠬᠤ ᠬᠡᠷᠡᠭᠳᠡᠢ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ ᠪᠦᠬᠦ ᠤᠷᠤᠨ ᠤ ᠡᠯ᠎ᠡ ᠦᠨᠳᠦᠰᠦᠳᠡᠨ ᠤ ᠠᠷᠠᠤᠨ ᠲᠦᠮᠡᠨ ᠤ ᠬᠠᠮᠳᠤ ᠶᠢᠨ ᠴᠢᠷᠮᠠᠶᠢᠯᠭ᠎ᠠ ᠪᠠᠷ ᠦᠪᠦᠷ ᠮᠤᠩᠭᠤᠯ ᠤᠨ ᠬᠦᠭᠵᠢᠯᠳᠡ ᠲᠡᠦᠬᠡ ᠶᠢᠨ ᠰᠢᠨ᠎ᠡ ᠭᠠᠷᠤᠭ᠎ᠠ ᠲᠡᠭᠡᠷ᠎ᠡ ᠵᠤᠬᠰᠤᠪᠠ᠃ ᠬᠡᠬᠦ ᠳᠡᠭᠡᠨ ᠮᠠᠨ ᠤ ᠤᠷᠤᠨ ᠤ ᠬᠦᠭᠵᠢᠯᠳᠡ ᠪᠠᠷ ᠠᠨᠠᠢ ᠪᠠᠶᠢᠭ᠎ᠠ ᠦᠨᠳᠦᠰᠦᠨ ᠪᠠᠶᠢᠳᠠᠯ ᠬᠠᠷᠠᠬᠠᠨ ᠦᠨᠳᠦᠰᠦᠨ ᠠᠴᠠ ᠪᠠᠨ ᠬᠤᠪᠢᠷᠠᠭ᠎ᠠ ᠦᠭᠡᠢ ᠪᠠᠶᠢᠵᠤ᠂ ᠬᠦᠭᠵᠢᠯᠳᠡ ᠲᠡᠩᠴᠡᠭᠦᠷᠢ ᠦᠭᠡᠢ᠂ ᠭᠦᠢᠴᠡᠤᠨ ᠦᠭᠡᠢ ᠪᠠᠶᠢᠬᠤ ᠵᠠᠷᠢᠮ ᠳᠤᠪᠤᠶᠢᠮ᠎ᠠ ᠠᠰᠠᠭᠤᠳᠠᠯ ᠢ ᠬᠠᠷᠠᠬᠠᠨ ᠰᠢᠢᠤᠨᠪᠦᠷᠢᠯᠡᠭᠡ ᠦᠭᠡᠢ ᠪᠠᠶᠢᠵᠤ᠂ ᠪᠦᠳᠦᠴᠡ ᠶᠢᠨ ᠴᠢᠨᠠᠷᠳᠠᠢ ᠵᠦᠷᠢᠴᠡᠯ ᠳᠤᠪᠤᠶᠢᠮ᠎ᠠ᠂ ᠨᠡᠮᠡᠭᠳᠡᠯ ᠤᠨ ᠬᠡᠯᠪᠡᠷᠢ ᠬᠠᠷᠢᠴᠠᠩᠭᠤᠢ ᠪᠦᠳᠦᠭᠦᠯᠢᠭ᠂ ᠬᠦᠭᠵᠢᠯᠳᠡ ᠶᠢᠨ ᠶᠠᠰᠦ ᠴᠢᠨᠠᠷ ᠪᠤᠯᠤᠨ ᠦᠷ᠎ᠡ ᠠᠰᠢᠬ ᠰᠠᠶᠢᠨ ᠪᠢᠰᠢ ᠪᠠᠶᠢᠨ᠎ᠠ︔ ᠰᠢᠨ᠎ᠡ ᠶᠢ ᠡᠭᠦᠦᠨᠬᠦ ᠬᠦᠳᠡᠯᠭᠡᠬᠦᠷ ᠤᠨ ᠴᠢᠳᠠᠪᠤᠷᠢ ᠰᠠᠶᠢᠨ ᠪᠤᠰᠤ᠂ ᠰᠠᠭᠤᠷᠢ ᠪᠡᠯᠡᠳᠬᠡᠮᠵᠢ ᠶᠢᠨ ᠦᠷᠢ ᠰᠢᠷᠢ ᠠᠷᠪᠢᠨ᠂ ᠴᠢᠳᠠᠪᠤᠷᠢᠳᠠᠨ ᠢᠶᠠᠷ ᠲᠤᠯᠭᠠᠭᠤᠷᠢᠯᠠᠬᠤ ᠪᠠᠳᠤᠯᠠᠭ᠎ᠠ ᠭᠦᠢᠴᠡᠤᠨ ᠪᠤᠰᠤ᠂ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠭᠦᠯᠬᠦ ᠠᠵᠢᠯ ᠤᠨ ᠬᠦᠳᠡᠯᠭᠡᠬᠦ ᠬᠦᠴᠦᠨ ᠤ ᠴᠢᠳᠠᠪᠤᠷᠢ ᠰᠤᠯᠠ ᠪᠠᠶᠢᠨ᠎ᠠ︔ ᠵᠠᠷᠢᠮ ᠦᠭᠡᠷᠡᠴᠢᠯᠡᠯᠳᠡ ᠶᠢᠨ ᠪᠠᠶᠢᠷᠢᠯᠠᠭᠤᠯᠤᠯᠲᠠ ᠪᠤᠯᠤᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠨᠢ ᠤᠷᠤᠨ ᠪᠠᠶᠢᠷᠢ ᠳᠠᠭᠠᠨ ᠰᠠᠶᠢᠨ ᠤᠷᠤᠵᠤ ᠴᠢᠳᠠᠭ᠎ᠠ ᠦᠭᠡᠢ ᠪᠠᠶᠢᠵᠤ᠂ ᠭᠠᠳᠠᠬᠰᠢ ᠨᠡᠭᠡᠭᠡᠯᠳᠡ ᠬᠢᠬᠦ ᠬᠢᠷᠢ ᠲᠦᠪᠰᠢᠨ ᠦᠨᠳᠦᠷ ᠪᠤᠰᠤ ᠪᠠᠶᠢᠨ᠎ᠠ︔ ᠬᠤᠳᠠ ᠬᠦᠳᠡᠭᠡ ᠶᠢᠨ ᠤᠷᠤᠨ ᠪᠦᠰᠡ ᠶᠢᠨ ᠬᠦᠭᠵᠢᠯᠳᠡ ᠵᠤᠬᠢᠴᠠᠩᠭᠤᠢ ᠪᠤᠰᠤ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠤᠯᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ︔ ᠨᠡᠶᠢᠭᠡᠮ ᠤᠨ ᠵᠦᠷᠢᠴᠡᠯ ᠪᠤᠯᠤᠨ ᠠᠰᠠᠭᠤᠳᠠᠯ ᠬᠠᠷᠢᠯᠴᠠᠨ ᠲᠠᠪᠬᠤᠴᠠᠵᠤ᠂ ᠬᠠᠤᠯᠢ ᠪᠠᠷ ᠤᠷᠤᠨ ᠢᠶᠠᠨ ᠵᠠᠰᠠᠬᠤ ᠳᠤ ᠡᠭᠦᠷᠭᠡ ᠬᠦᠨᠳᠦ ᠪᠠᠶᠢᠭᠰᠠᠭᠠᠷ︔ ᠨᠡᠶᠢᠭᠡᠮ ᠤᠨ ᠦᠢᠯᠡᠰ ᠤᠨ ᠬᠦᠭᠵᠢᠯᠳᠡ ᠬᠤᠴᠤᠷᠤᠩᠭᠤᠢ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠤᠷᠤᠯᠭ᠎ᠠ ᠶᠢᠨ ᠲᠦᠪᠰᠢᠨ ᠳᠤᠤᠷ᠎ᠠ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠬᠦᠨᠳᠦ ᠬᠠᠳᠠᠭᠤᠵᠢᠯᠳᠠᠢ ᠪᠠᠶᠢᠨ᠎ᠠ᠂ ᠠᠷᠠᠤᠨ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠳᠤ ᠪᠠᠰᠠ ᠴᠦᠭᠡᠨ ᠪᠤᠰᠤ ᠲᠤᠳᠠᠭᠤᠳᠠᠯ ᠤᠷᠤᠰᠢᠵᠤ᠂ ᠠᠷᠠᠤᠨ ᠲᠦᠮᠡᠨ ᠤ ᠡᠳᠦᠷ ᠢᠷᠡᠭᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠰᠠᠶᠢᠲᠤᠷ ᠬᠠᠩᠭᠠᠵᠤ ᠴᠢᠳᠠᠬᠤ ᠦᠭᠡᠢ ᠪᠠᠶᠢᠨ᠎ᠠ᠂ ᠡᠳᠡᠭᠡᠷ ᠠᠰᠠᠭᠤᠳᠠᠯ ᠢ ᠡᠷᠬᠡᠪᠰᠢ ᠬᠦᠴᠦ ᠲᠠᠯᠪᠢᠨ ᠰᠢᠢᠤᠨᠪᠦᠷᠢᠯᠡᠬᠦ ᠴᠢᠬᠤᠯᠠᠳᠠᠢ ᠭᠡᠳᠡᠭ ᠢ ᠰᠡᠷᠭᠡᠭ ᠢᠶᠠᠷ ᠲᠠᠨᠢᠵᠤ ᠤᠯᠬᠤ ᠭᠡᠷᠡᠭᠲᠡᠢ᠃      ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠦᠪᠦᠷ ᠮᠤᠩᠭᠤᠯ ᠤᠨ ᠡᠯ᠎ᠡ ᠦᠨᠳᠦᠰᠦᠳᠡᠨ ᠤ ᠠᠷᠠᠤᠨ ᠲᠦᠮᠡᠨ ᠢ ᠢᠮᠠᠬᠳᠠ ᠲᠤᠳᠤᠨᠤ ᠪᠠᠷ ᠬᠠᠯᠠᠮᠵᠢᠯᠠᠵᠤ᠂ ᠦᠪᠦᠷ ᠮᠤᠩᠭᠤᠯ ᠤᠨ ᠬᠦᠭᠵᠢᠯᠳᠡ ᠳᠤ ᠴᠢᠩ ᠰᠡᠤᠨᠭᠢᠯ ᠤᠨ ᠨᠠᠶᠢᠳᠠᠯᠭ᠎ᠠ ᠲᠠᠯᠪᠢᠵᠤ᠂ ᠪᠢᠳᠠᠨ ᠳᠤ ︽ᠰᠠᠬᠢᠨ ᠪᠠᠷᠠᠯᠠᠵᠤ᠂ ᠬᠠᠷᠢᠯᠴᠠᠨ ᠬᠠᠪᠰᠤᠷᠤᠯᠴᠠᠨ︾᠂ ︽ᠡᠬᠡ ᠤᠯᠤᠰ ᠤᠨ ᠤᠮᠠᠷᠠᠳᠤ ᠬᠢᠵᠠᠭᠠᠷ ᠤᠨ ᠡᠨᠡᠬᠦ ᠦᠵᠡᠮᠵᠢ ᠶᠢᠨ ᠤᠷᠤᠨ ᠢ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ︾᠎ ᠶᠢ ᠱᠠᠭᠠᠷᠳᠠᠵᠤ᠂ ᠪᠢᠳᠠᠨ ᠢ ︽ᠦᠨᠳᠦᠰᠦᠳᠡᠨ ᠤ ᠭᠠᠵᠠᠷ ᠤᠷᠤᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠬᠢᠴᠠ ᠲᠤᠮᠳᠠ ᠦᠷᠬᠦᠯᠵᠢᠯᠡᠨ ᠡᠮᠦᠨ᠎ᠡ ᠨᠢ ᠶᠠᠪᠤᠬᠤ︾᠎ ᠶᠢ ᠨᠠᠶᠢᠳᠠᠵᠤ᠂ ᠪᠢᠳᠠᠨ ᠢ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤ ᠪᠠᠷ ᠲᠡᠷᠭᠡᠯᠰᠢᠭᠦᠯᠦᠬᠡᠷᠠᠢ︾ ᠭᠡᠵᠦ ᠵᠤᠷᠢᠬᠵᠢᠭᠤᠯᠪᠠ᠃ ᠤᠷᠤᠨ ᠳᠠᠶᠠᠭᠠᠷ ︽ᠲᠦᠷᠪᠡᠨ ᠤᠬᠠᠮᠰᠠᠷ︾᠎ ᠢᠶᠠᠨ ᠤᠯᠠᠮ ᠨᠢᠭᠡ ᠠᠯᠬᠤᠮ ᠴᠢᠩᠭᠠᠤᠨᠬᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠪᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠠᠴᠠ ᠦᠪᠦᠷ ᠮᠤᠩᠭᠤᠯ ᠳᠤ ᠲᠠᠯᠪᠢᠬᠰᠠᠨ ᠬᠦᠰᠡᠯ ᠨᠠᠶᠢᠳᠠᠯᠭ᠎ᠠ ᠪᠤᠯᠤᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠨᠡᠩ ᠡᠷᠡᠰ ᠪᠠᠳᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠤᠰᠤᠭᠠᠷ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠤᠨ ᠤᠨ ᠶᠡᠭᠡ ᠬᠤᠷᠠᠯ ᠤᠨ ᠰᠢᠢᠤᠨᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠭᠵᠢᠯᠳᠡ ᠶᠢ ᠬᠡᠵᠢᠶᠡᠳᠡ ᠮᠠᠨ ᠤ ᠤᠷᠤᠨ ᠤ ᠠᠯᠢᠪᠠ ᠠᠰᠠᠭᠤᠳᠠᠯ ᠢ ᠰᠢᠢᠤᠨᠪᠦᠷᠢᠯᠡᠬᠦ ᠰᠠᠭᠤᠷᠢ ᠪᠤᠯᠤᠨ ᠵᠠᠩᠭᠢᠯᠠᠭ᠎ᠠ ᠪᠤᠯᠭᠠᠵᠤ᠂ ᠨᠢᠭᠡᠳᠦᠭᠡᠷ ᠴᠢᠬᠤᠯᠠ ᠡᠭᠦᠷᠭᠡ ᠪᠤᠯᠬᠤ ᠬᠦᠭᠵᠢᠯᠳᠡ ᠶᠢ ᠭᠤᠶᠢᠪᠢᠰᠢ ᠦᠭᠡᠢ ᠰᠠᠶᠢᠲᠤᠷ ᠠᠤᠨᠬᠤᠵᠤ᠂ ᠰᠢᠨ᠎ᠡ ᠶᠢ ᠡᠭᠦᠦᠨᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠳᠡᠳᠦ ᠪᠠ ᠬᠠᠮᠳᠤᠪᠠᠷ ᠬᠦᠷᠲᠡᠬᠦ ᠬᠦᠭᠵᠢᠯᠳᠡ ᠶᠢᠨ ᠤᠨᠤᠯᠵᠢᠬᠤᠨ ᠢ ᠭᠤᠶᠢᠪᠢᠰᠢ ᠦᠭᠡᠢ ᠡᠷᠡᠰ ᠲᠤᠤᠱᠯᠠᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠤᠨᠪᠦᠷᠢᠵᠢᠯᠳᠡ᠂ ᠮᠡᠳᠡᠭᠡ ᠵᠠᠩᠭᠢᠵᠢᠯᠳᠠ᠂ ᠬᠤᠳᠠ ᠪᠠᠯᠭᠠᠰᠤᠵᠢᠯᠳᠠ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠶᠢ ᠢᠵᠢᠯ ᠠᠯᠬᠤᠮ ᠢᠶᠠᠷ ᠬᠦᠭᠵᠢᠬᠦᠯᠬᠦ ᠶᠢ ᠠᠬᠢᠭᠤᠯᠵᠤ᠂ ᠤᠯᠤᠰ ᠤᠨ ᠴᠢᠬᠤᠯᠠ ᠪᠤᠯᠬᠤ ᠡᠨᠧᠷᠬᠢ ᠶᠢᠨ ᠰᠠᠭᠤᠷᠢᠨ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠤᠨᠪᠦᠷᠢ ᠶᠢᠨ ᠰᠠᠭᠤᠷᠢᠨ᠂ ᠦᠩᠭᠡᠳᠦ ᠲᠡᠮᠦᠷᠯᠢᠭ ᠢ ᠦᠢᠯᠡᠤᠨᠪᠦᠷᠢᠯᠡᠵᠦ ᠪᠤᠯᠪᠠᠰᠤᠷᠠᠭᠤᠯᠬᠤ ᠰᠠᠭᠤᠷᠢᠨ᠂ ᠪᠤᠬᠢᠷᠳᠤᠯ ᠦᠭᠡᠢ ᠤᠷᠭᠠᠨᠢᠬ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠢ ᠦᠢᠯᠡᠤᠨᠪᠦᠷᠢᠯᠡᠵᠦ ᠡᠳ᠋ᠰᠢᠭᠦᠯᠬᠦ ᠰᠠᠭᠤᠷᠢᠨ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠬᠦᠭᠵᠢᠵᠦ ᠪᠠᠶᠢᠭ᠎ᠠ ᠠᠵᠤ ᠦᠢᠯᠡᠰ ᠎ ᠤᠨ ᠰᠠᠭᠤᠷᠢᠨ ᠪᠤᠯᠤᠨ ᠤᠯᠤᠰ ᠤᠨ ᠲᠤᠳᠤᠭᠠᠳᠤ ᠭᠠᠳᠠᠭᠠᠳᠤ ᠳᠤ ᠨᠡᠷ᠎ᠡ ᠠᠯᠳᠠᠷᠰᠢᠬᠰᠠᠨ ᠵᠢᠭᠤᠯᠴᠢᠯᠠᠯ ᠤᠨ ᠬᠠᠷᠠᠯᠳᠠᠳᠤ ᠤᠷᠤᠨ ᠢ ᠲᠦᠷᠭᠡᠤᠨᠭᠡᠨ ᠪᠦᠳᠦᠭᠡᠨ ᠪᠠᠶᠢᠭᠤᠯᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠲᠦᠷᠭᠡᠤᠨᠭᠡᠨ ᠪᠡᠶᠡᠯᠡᠭᠦᠯᠵᠦ᠂ ᠬᠦᠭᠵᠢᠯᠳᠡ᠂ ᠠᠮᠢ ᠠᠬᠤᠢ ᠪᠤᠯᠤᠨ ᠠᠷᠠᠤᠨ ᠤᠨ ᠠᠮᠢᠳᠤᠷᠠᠯ ᠎ ᠤᠨ ᠭᠤᠷᠪᠠᠨ ᠬᠤᠷᠢᠭ᠎ᠠ ᠱᠤᠭᠤᠮ ᠢ ᠪᠠᠳᠤ ᠰᠠᠬᠢᠵᠤ᠂ ᠠᠷᠠᠤᠨ ᠲᠦᠮᠡᠨ ᠤ ᠡᠳᠦᠷ ᠢᠷᠡᠭᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠬᠡᠷᠡᠭᠳᠡᠢ᠃ ᠤᠷᠤᠨ ᠳᠠᠶᠠᠭᠠᠷ ᠪᠦᠯᠬᠦᠮᠳᠡᠨ ᠲᠡᠮᠡᠴᠡᠵᠦ᠂ ᠦᠷᠬᠦᠯᠵᠢᠯᠡᠨ ᠴᠢᠷᠮᠠᠶᠢᠪᠠᠯ᠂ 2020 ᠤᠨ ᠪᠤᠯᠬᠤ ᠳᠤ ᠪᠦᠬᠦ ᠤᠯᠤᠰ ᠲᠠᠢ ᠢᠵᠢᠯ ᠠᠯᠬᠤᠮ ᠢᠶᠠᠷ ᠠᠵᠤ ᠠᠬᠤᠢ ᠨᠡᠩ ᠬᠦᠭᠵᠢᠭᠰᠡᠨ᠂ ᠠᠷᠠᠤᠨᠴᠢᠯᠠᠯ ᠨᠡᠩ ᠲᠡᠭᠦᠯᠳᠡᠷᠵᠢᠭᠰᠡᠨ᠂ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠨᠡᠩ ᠲᠠᠪᠰᠢᠬᠰᠠᠨ᠂ ᠰᠤᠶᠤᠯ ᠨᠡᠩ ᠴᠡᠴᠡᠭᠯᠡᠨ ᠬᠦᠭᠵᠢᠭᠰᠡᠨ᠂ ᠨᠡᠶᠢᠭᠡᠮ ᠨᠡᠩ ᠡᠶ᠎ᠡ ᠵᠤᠬᠢᠴᠠᠩᠭᠤᠢ ᠪᠤᠯᠤᠬᠰᠠᠨ᠂ ᠠᠷᠠᠤᠨ ᠤᠨ ᠠᠮᠢᠳᠤᠷᠠᠯ ᠨᠡᠩ ᠪᠠᠶᠠᠨ ᠴᠢᠨᠡᠭᠡᠯᠢᠭ ᠪᠤᠯᠤᠬᠰᠠᠨ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠪᠤᠯᠦᠨ᠎ᠡ᠃ 2035 ᠤᠨ ᠪᠤᠯᠬᠤ ᠳᠤ ᠨᠡᠶᠢᠭᠡᠮ ᠵᠢᠷᠤᠮ ᠤᠨ ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠬᠦ ᠤᠷᠤᠨ ᠤ ᠠᠵᠤ ᠠᠬᠤᠢ ᠶᠢᠨ ᠪᠤᠲᠠᠲᠤ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠤᠲᠠᠲᠤ ᠬᠦᠴᠦᠨ ᠶᠡᠭᠡ ᠦᠰᠦᠷᠦᠯᠳᠡ ᠲᠠᠢ ᠪᠤᠯᠵᠤ᠂ ᠬᠦᠭᠵᠢᠯᠳᠡ ᠶᠢᠨ ᠶᠠᠰᠦ ᠴᠢᠨᠠᠷ ᠪᠤᠯᠤᠨ ᠦᠷ᠎ᠡ ᠠᠰᠢᠬ ᠢᠯᠡᠷᠬᠡᠢ ᠲᠡᠭᠡᠭᠰᠢᠯᠡᠨ᠂ ᠠᠷᠠᠤᠨᠴᠢᠯᠠᠯ ᠬᠠᠤᠯᠢᠵᠢᠯ ᠨᠡᠩ ᠲᠡᠭᠦᠯᠳᠡᠷᠵᠢᠵᠦ᠂ ᠨᠡᠶᠢᠭᠡᠮ ᠎ ᠤᠨ ᠪᠤᠯᠪᠠᠰᠤᠨ ᠤ ᠬᠢᠷᠢ ᠬᠡᠮᠵᠢᠶ᠎ᠡ ᠢᠯᠡᠷᠬᠡᠢ ᠲᠡᠭᠡᠭᠰᠢᠯᠡᠨ᠂ ᠠᠷᠠᠤᠨ ᠲᠦᠮᠡᠨ ᠤ ᠠᠮᠢᠳᠤᠷᠠᠯ ᠨᠡᠩ ᠪᠠᠶᠠᠨ ᠴᠢᠨᠡᠭᠡᠯᠢᠭ ᠪᠤᠯᠵᠤ᠂ ᠨᠡᠶᠢᠭᠡᠮ ᠠᠮᠢᠵᠢᠷᠠᠯ ᠤᠨ ᠬᠦᠴᠦᠨ ᠢᠶᠠᠷ ᠪᠢᠯᠬᠠᠨ ᠡᠶ᠎ᠡ ᠵᠤᠬᠢᠴᠠᠩᠭᠤᠢ ᠡᠮᠬᠢ ᠲᠢᠭᠯᠢᠮ ᠲᠠᠢ ᠪᠤᠯᠵᠤ᠂ ᠠᠮᠢ ᠠᠬᠤᠢ ᠶᠢᠨ ᠤᠷᠴᠢᠨ ᠨᠡᠩ ᠢᠯᠡᠭᠦᠦ ᠭᠤᠶᠢᠲᠠ ᠰᠠᠶᠢᠬᠠᠨ ᠪᠤᠯᠵᠤ᠂ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠬᠠᠷᠠᠯᠳᠠ ᠦᠨᠳᠦᠰᠦᠨ ᠳᠡᠭᠡᠨ ᠪᠡᠶᠡᠯᠡᠭᠳᠡᠵᠦ᠂ ᠡᠬᠡ ᠤᠯᠤᠰ ᠤᠨ ᠤᠮᠠᠷᠠᠲᠤ ᠶᠢᠨ ᠡᠨᠡᠬᠦ ᠦᠵᠡᠮᠵᠢ ᠶᠢᠨ ᠤᠷᠤᠨ ᠨᠡᠩ ᠢᠯᠡᠭᠦᠦ ᠦᠵᠡᠰᠭᠦᠯᠡᠩᠳᠦ ᠰᠠᠶᠢᠬᠠᠨ ᠪᠤᠯᠬᠤ ᠪᠤᠯᠤᠨ᠎ᠠ᠃ ᠲᠤᠰ ᠵᠠᠭᠤᠨ ᠤ ᠳᠤᠮᠳᠠᠴᠢ ᠪᠤᠯᠬᠤ ᠳᠤ ᠤᠳᠤᠬᠢᠴᠢᠯᠠᠯᠳᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠲᠡᠭᠡᠳᠦ ᠬᠡᠮᠵᠢᠶᠡᠨ ᠤ ᠪᠤᠳᠠᠰ ᠤᠨ ᠪᠤᠯᠪᠠᠰᠤᠨ᠂ ᠤᠯᠤᠰ ᠲᠦᠷᠦ ᠶᠢᠨ ᠪᠤᠯᠪᠠᠰᠤᠨ᠂ ᠤᠶᠤᠨ ᠤ ᠪᠤᠯᠪᠠᠰᠤᠨ᠂ ᠨᠡᠶᠢᠭᠡᠮ ᠤᠨ ᠪᠤᠯᠪᠠᠰᠤᠨ᠂ ᠠᠮᠢ ᠠᠬᠤᠢ ᠶᠢᠨ ᠪᠤᠯᠪᠠᠰᠤᠨ ᠢ ᠪᠦᠷᠢᠯᠳᠦᠭᠦᠯᠦᠭᠰᠡᠨ ᠤᠳᠤᠬᠢᠴᠢᠯᠠᠬᠰᠠᠨ ᠦᠪᠦᠷ ᠮᠤᠩᠭᠤᠯ ᠢ ᠪᠡᠶᠡᠯᠡᠭᠦᠯᠵᠦ᠂ ᠪᠦᠬᠦ ᠤᠯᠤᠰ ᠤᠨ ᠡᠯ᠎ᠡ ᠦᠨᠳᠦᠰᠦᠳᠡᠨ ᠤ ᠠᠷᠠᠤᠨ ᠲᠦᠮᠡᠨ ᠲᠠᠢ ᠬᠠᠮᠲᠤ ᠪᠠᠷ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠪᠤᠯᠤᠨ᠎ᠠ᠃      ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠡᠶᠡᠯᠡᠭᠦᠯᠬᠦ ᠪᠤᠯ ᠮᠠᠨ ᠤ ᠨᠠᠮ ᠤᠨ ᠠᠷᠠᠳ ᠲᠦᠮᠡᠨ᠂ ᠲᠡᠤᠭᠡᠨ ᠳᠤ ᠠᠮᠠᠯᠳᠠᠭᠰᠠᠨ ᠲᠦᠪ ᠴᠢᠩᠭ᠎ᠠ ᠠᠮᠠᠯᠠᠯᠳᠠ ᠪᠤᠯᠬᠤ ᠶᠤᠮ᠃ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ᠂ ᠠᠷᠪᠠᠨ ᠲᠤᠯᠤᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠡ ᠶᠢᠰᠦᠳᠦᠭᠡᠷ ᠶᠡᠭᠡ ᠬᠤᠷᠠᠯ ᠤᠨ ᠲᠤᠷᠠᠳᠤᠭᠰᠠᠨ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠡᠶᠡᠯᠡᠭᠦᠯᠬᠦ ᠡᠯ᠎ᠡ ᠵᠦᠢᠯ ᠤᠨ ᠱᠠᠭᠠᠷᠳᠠᠯᠭ᠎ᠠ ᠶᠤᠰᠤᠭᠠᠷ᠂ ᠮᠠᠨ ᠤ ᠤᠯᠤᠰ ᠤᠨ ᠨᠡᠶᠢᠭᠡᠮ ᠵᠢᠷᠤᠮ ᠤᠨ ᠭᠤᠤᠯ ᠵᠦᠷᠢᠴᠡᠯ ᠤᠨ ᠬᠤᠪᠢᠷᠠᠯᠳᠡ ᠶᠢᠨ ᠲᠤᠭᠤᠷᠢᠨ ᠳᠤ ᠭᠤᠤᠯᠳᠠᠯᠭ᠎ᠠ ᠪᠠᠨ ᠠᠳᠬᠤᠬᠤ ᠶᠢ ᠳᠤᠪᠤᠶᠢᠯᠭᠠᠵᠤ᠂ ᠲᠤᠳᠠᠭᠤᠳᠠᠯ ᠢᠶᠠᠨ ᠨᠦᠬᠦᠪᠦᠷᠢᠯᠡᠵᠦ᠂ ᠪᠠᠭᠤᠷᠠᠢ ᠲᠠᠯ᠎ᠡ ᠪᠠᠨ ᠬᠦᠴᠦᠷᠭᠡᠭᠵᠢᠭᠦᠯᠦᠨ᠂ ᠡᠯ᠎ᠡ ᠵᠦᠢᠯ ᠤᠨ ᠡᠬᠦᠷᠭᠡ ᠪᠠᠨ ᠴᠢᠨᠠᠷ ᠰᠠᠶᠢᠲᠠᠢ ᠲᠤᠭ᠎ᠠ ᠶᠤᠰᠤᠭᠠᠷ ᠨᠢ ᠪᠡᠶᠡᠯᠡᠬᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠡᠯᠡᠭᠦᠯᠬᠦ ᠳᠤ ᠪᠦᠷᠬᠦᠴᠨ ᠶᠢᠨ ᠬᠦᠷᠢᠶ᠎ᠡ ᠬᠡᠪᠴᠢᠶ᠎ᠡ ᠨᠢ ᠪᠦᠬᠦ ᠲᠠᠯ᠎ᠡ᠂ ᠬᠦᠮᠤᠨ ᠠᠮᠨ ᠨᠢ ᠪᠦᠬᠦ ᠲᠠᠯ᠎ᠡ᠂ ᠤᠷᠤᠨ ᠪᠦᠰᠨ ᠨᠢ ᠪᠦᠬᠦ ᠲᠠᠯ᠎ᠡ ᠶᠢ ᠬᠠᠮᠤᠷᠴᠤ᠂ ᠪᠦᠬᠦ ᠤᠷᠤᠨ ᠤ ᠡᠯ᠎ᠡ ᠦᠡᠳᠤᠰᠤᠳᠠᠨ ᠤ ᠠᠷᠠᠳ ᠲᠦᠮᠡᠨ ᠳᠤ ᠮᠡᠳᠡᠷᠡᠭᠳᠡᠵᠦ᠂ ᠦᠢᠯᠡᠳᠤᠯᠭᠡ ᠪᠤᠯᠤᠨ ᠲᠡᠤᠭᠡ ᠶᠢᠨ ᠰᠢᠯᠭᠠᠯᠳᠡ ᠶᠢ ᠳᠠᠭᠠᠭᠠᠬᠤ ᠬᠡᠷᠡᠭᠲᠡᠢ᠃ ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠨᠢᠭᠡᠳᠦᠯᠳᠡᠢ ᠲᠦᠯᠦᠪᠵᠢᠬᠦᠯᠦᠨ ᠠᠬᠢᠭᠤᠯᠵᠤ᠂ ᠡᠯ᠎ᠡ ᠵᠦᠢᠯ ᠎ ᠤᠨ ᠪᠦᠳᠦᠭᠡᠨ ᠪᠠᠶᠢᠭᠤᠯᠤᠯᠲᠠ ᠶᠢᠨ ᠬᠠᠷᠢᠯᠴᠠᠨ ᠠᠬᠢᠭᠤᠯᠵᠤ᠂ ᠬᠠᠷᠢᠯᠴᠠᠨ ᠦᠡᠭᠭᠡ ᠭᠢᠯᠪᠠᠭ᠎ᠠ ᠨᠠᠮᠠᠷᠢᠯᠠᠬᠦ ᠶᠢ ᠠᠬᠢᠭᠤᠯᠬᠤ ᠭᠡᠷᠡᠭᠳᠡᠢ᠃ ᠰᠢᠠᠵᠢᠯᠡᠬᠦ ᠤᠬᠠᠭᠠᠨ ᠰᠤᠷᠭᠠᠨ ᠬᠦᠮᠤᠵᠢᠯ ᠢᠶᠠᠷ ᠤᠷᠤᠨ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠡᠪᠤᠷᠢᠳᠡᠨ ᠢᠶᠠᠷ ᠤᠷᠤᠨ ᠢᠶᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠬᠦᠤᠠᠬᠦ ᠪᠠᠷ ᠬᠦᠭᠵᠢᠯᠳᠡ ᠶᠢᠨ ᠬᠦᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ᠂ ᠬᠦᠳᠡᠭᠡ ᠲᠤᠰᠬᠤᠨ ᠢ ᠬᠦᠴᠦᠷᠭᠡᠭᠵᠢᠭᠦᠯᠬᠦ ᠪᠠᠶᠢᠯᠳᠤᠬᠤ ᠪᠤᠳᠤᠯᠭ᠎ᠠ᠂ ᠤᠷᠤᠨ ᠪᠦᠰᠡ ᠶᠢ ᠵᠤᠬᠢᠴᠠᠭᠤᠯᠤᠨ ᠬᠦᠭᠵᠢᠭᠦᠯᠬᠦ ᠪᠠᠶᠢᠯᠳᠤᠬᠤ ᠪᠤᠳᠤᠯᠭ᠎ᠠ᠂ ᠦᠷᠬᠦᠯᠵᠢᠯᠡᠨ ᠬᠦᠭᠵᠢᠬᠦᠯᠬᠦ ᠪᠠᠶᠢᠯᠳᠤᠬᠤ ᠪᠤᠳᠤᠯᠭ᠎ᠠ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠶᠡᠭᠡᠪᠡᠷ ᠬᠡᠷᠡᠭᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠡᠯᠡᠭᠦᠯᠬᠦ ᠳᠤ ᠴᠢᠬᠤᠯᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠬᠠᠩᠭᠠᠬᠤ ᠭᠡᠷᠡᠭᠳᠡᠢ᠃ ᠲᠤᠬᠳᠠᠭᠤᠨ ᠤ ᠲᠤᠮᠳᠡ ᠤᠷᠤᠭᠰᠢᠯᠠᠬᠤ ᠠᠵᠢᠯ ᠤᠨ ᠶᠡᠷᠤᠩᠭᠡᠢ ᠬᠦᠭ ᠠᠶᠠᠰ ᠢ ᠪᠠᠷᠢᠮᠳᠠᠯᠠᠨ᠂ ᠬᠦᠭᠵᠢᠯᠳᠡ ᠶᠢᠨ ᠠᠷᠭ᠎ᠠ ᠭᠡᠯᠪᠡᠷᠢ ᠪᠠᠨ ᠬᠤᠪᠢᠷᠠᠭᠤᠯᠬᠤ᠂ ᠠᠵᠤ ᠠᠬᠤᠢ ᠶᠢᠨ ᠪᠦᠳᠦᠴᠨ ᠪᠠᠨ ᠰᠢᠯᠢᠳᠡᠭᠵᠢᠭᠦᠯᠵᠦ᠂ ᠨᠡᠮᠡᠭᠳᠡᠯ ᠤᠨ ᠬᠦᠳᠡᠯᠭᠡᠬᠦ ᠬᠦᠴᠤᠨ ᠢᠶᠠᠨ ᠬᠤᠪᠢᠷᠠᠭᠤᠯᠬᠤ ᠶᠢ ᠲᠦᠷᠭᠡᠳᠬᠡᠵᠦ᠂ ᠠᠵᠤ ᠠᠬᠤᠢ ᠶᠢᠨ ᠬᠦᠭᠵᠢᠯᠳᠡ ᠶᠢᠨ ᠳᠤᠲᠤᠭᠠᠲᠤ ᠬᠦᠳᠡᠯᠭᠡᠬᠦ ᠬᠦᠴᠤᠨ ᠢᠶᠠᠨ ᠲᠠᠰᠤᠷᠠᠯᠳᠡ ᠦᠭᠡᠢ ᠨᠡᠮᠡᠭᠳᠡᠭᠦᠯᠵᠦ᠂ ᠠᠵᠤ ᠠᠬᠤᠢ ᠶᠢᠨ ᠡᠷᠬᠢᠯᠳᠡ ᠶᠢᠨ ᠵᠤᠬᠢᠰᠳᠠᠢ ᠤᠷᠤᠨ ᠵᠠᠢ ᠳᠤ ᠪᠠᠶᠢᠬᠤ ᠶᠢ ᠪᠠᠲᠤᠯᠠᠬᠤ ᠭᠡᠷᠡᠭᠳᠡᠢ᠃ ᠡᠷᠭᠡᠪᠰᠢ ᠶᠡᠭᠡ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠳᠤ ᠢᠯᠠᠵᠤ᠂ ᠮᠦᠡᠭᠬᠦᠨ ᠬᠦᠢᠯᠭᠡᠭᠡ᠂ ᠤᠷᠤᠨ ᠨᠤᠳᠤᠬ ᠤᠨ ᠦᠷᠢ ᠰᠢᠷᠢ᠂ ᠨᠡᠶᠢᠭᠡᠮ ᠤᠨ ᠲᠤᠬᠳᠠᠭᠤᠨ᠂ ᠢᠡᠲ᠋ᠧᠷ ᠰᠦᠯᠵᠢᠶ᠎ᠡ ᠶᠢᠨ ᠬᠠᠮᠢᠶᠠᠷᠤᠯᠳᠡ᠂ ᠤᠯᠤᠰ ᠤᠨ ᠠᠮᠤᠷ ᠲᠦᠪᠰᠢᠨ ᠵᠡᠷᠭᠡ ᠬᠦᠷᠢᠶ᠎ᠡ ᠴᠠᠷᠠᠭᠠᠨ ᠤ ᠲᠦᠭᠰᠢᠬᠦᠷᠢ ᠶᠢᠨ ᠭᠡᠮ ᠰᠤᠭᠤᠬ ᠢ ᠠᠷᠢᠯᠭᠠᠬᠤ ᠶᠢ ᠳᠡᠭᠡᠳᠦ ᠭᠡᠮᠵᠢᠶ᠎ᠡ ᠪᠠᠷ ᠴᠢᠬᠤᠯᠠᠴᠢᠯᠠᠵᠤ᠂ ᠲᠦᠭᠰᠢᠬᠦᠷᠢ ᠶᠢᠨ ᠨᠡᠮᠡᠭᠳᠡᠬᠦ ᠶᠢ ᠪᠦᠳᠦᠮᠵᠢᠳᠡᠢ ᠬᠢᠵᠠᠭᠠᠷᠯᠠᠨ᠂ ᠨᠦᠭᠡᠴᠡ ᠶᠢᠨ ᠲᠦᠭᠰᠢᠭᠦᠷᠢ ᠶᠢ ᠡᠮᠬᠢ ᠲᠢᠭᠯᠢᠮ ᠲᠠᠢ ᠠᠷᠢᠯᠭᠠᠵᠦ᠂ ᠪᠠᠴᠢᠮ ᠪᠠᠶᠢᠳᠠᠯ ᠢ ᠠᠷᠭᠠᠴᠠᠵᠤ ᠰᠢᠢᠤᠡᠪᠤᠷᠢᠯᠡᠬᠦ ᠲᠤᠬᠳᠠᠴᠨ ᠶᠢ ᠲᠡᠭᠦᠯᠳᠡᠷᠵᠢᠭᠦᠯᠵᠦ᠂ ᠰᠢᠰᠲ᠋ᠧᠮ ᠤᠨ ᠴᠢᠨᠠᠷᠳᠡᠢ ᠲᠦᠭᠰᠢᠬᠦᠷᠢ ᠦᠯᠦ ᠡᠬᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠭᠡᠷᠡᠭᠳᠡᠢ᠃ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠡ ᠰᠢᠪᠲᠤᠯᠬᠤ ᠳᠠᠶᠢᠯᠠᠯᠳᠤᠭᠠᠨ ᠢ ᠵᠠᠪᠠᠯ ᠰᠠᠶᠢᠲᠤᠷ ᠬᠠᠶᠢᠵᠤ᠂ ᠬᠦᠭᠵᠢᠯᠳᠡ ᠶᠢᠨ ᠲᠤᠮᠳᠠ ᠶᠠᠳᠠᠭᠤᠷᠠᠯ ᠤᠨ ᠠᠰᠠᠭᠤᠳᠠᠯ ᠢ ᠰᠢᠢᠤᠡᠪᠤᠷᠢᠯᠡᠬᠦ ᠶᠢ ᠪᠠᠷᠢᠮᠳᠠᠯᠠᠨ᠂ ︽ᠵᠢᠷᠭᠤᠭᠠᠨ ᠲᠤᠶᠢᠯ ᠤᠨ ᠤᠨᠤᠪᠴᠢᠲᠠᠢ︾᠂ ︽ᠲᠡᠪᠤᠨ ᠨᠢᠭᠡ ᠪᠦᠯᠦᠭ︾᠎ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠡᠴᠨ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠲᠦᠪᠯᠡᠷᠡᠭᠦᠯᠵᠦ᠂ ᠡᠩ ᠤᠨ ᠪᠠᠶᠢᠳᠠᠯ ᠠᠴᠠ ᠲᠠᠪᠠᠭᠰᠠᠨ ᠠᠷᠭ᠎ᠠ ᠠᠪᠴᠠᠯ ᠠᠪᠴᠤ᠂ ᠴᠢᠩᠭ᠎ᠠ ᠠᠷᠭ᠎ᠠ ᠬᠡᠮᠵᠢᠶ᠎ᠡ ᠲᠤᠭᠲᠠᠭᠠᠨ᠂ ᠪᠦᠬᠦ ᠤᠷᠤᠨ ᠤ ᠬᠦᠴᠦ ᠶᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠡ ᠰᠢᠪᠲᠤᠯᠬᠤ ᠶᠢ ᠠᠬᠢᠭᠤᠯᠵᠤ᠂ 2020 ᠤᠨ ᠪᠤᠯᠬᠤ ᠳᠤ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠡᠢ ᠬᠦᠮᠤᠨ ᠠᠮᠨ ᠶᠢ ᠲᠤᠬᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠢ ᠪᠦᠬᠦᠨ ᠢ ᠶᠠᠳᠠᠭᠤ ᠶᠢᠨ ᠮᠠᠯᠠᠭᠠᠢ ᠶᠢ ᠨᠢ ᠲᠠᠶᠠᠭᠳᠠᠭᠤᠯᠬᠤ ᠶᠢ ᠪᠠᠲᠤᠯᠠᠬᠤ ᠭᠡᠷᠡᠭᠳᠡᠢ᠃ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠤᠯᠤᠯᠳᠡ ᠶᠢᠨ ᠳᠠᠶᠢᠯᠠᠯᠳᠤᠭᠠᠨ ᠢ ᠵᠠᠪᠠᠯ ᠰᠠᠶᠢᠲᠤᠷ ᠬᠢᠵᠦ᠂ ᠬᠦᠭᠡᠮᠳᠦᠭ ᠨᠤᠭᠤᠭᠠᠨ ᠠᠭᠤᠯᠨ ᠤᠰᠤ ᠪᠤᠯ ᠲᠠᠷᠤᠢ ᠠᠯᠳᠡ ᠮᠦᠡᠭᠬᠦᠨ ᠠᠭᠤᠯᠨ ᠭᠡᠳᠡᠭ ᠢ ᠪᠠᠷᠢᠮᠲᠠᠯᠠᠵᠤ᠂ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠵᠤ᠂ ᠡᠨᠧᠷᠬᠢ ᠠᠷᠪᠢᠯᠠᠵᠤ ᠬᠤᠷᠤᠬᠳᠠᠯ ᠢ ᠪᠠᠭᠠᠰᠬᠠᠬᠤ ᠶᠢ ᠴᠢᠩᠭᠠᠷᠠᠭᠤᠯᠵᠤ᠂ ᠠᠭᠠᠷ ᠮᠠᠠᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠶᠢ ᠦᠷᠬᠦᠯᠵᠢᠯᠡᠨ ᠠᠬᠢᠭᠤᠯᠵᠤ᠂ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠤᠡᠪᠤᠷᠢᠯᠡᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠬᠦᠮᠤᠨ ᠪᠠᠶᠢᠭᠠᠯᠢ ᠡᠶ᠎ᠡ ᠵᠤᠬᠢᠴᠠᠩᠭᠤᠢ ᠤᠷᠤᠰᠢᠬᠤ ᠡᠶ᠎ᠡ ᠵᠤᠬᠢᠴᠡᠩᠭᠤᠢ ᠬᠦᠭᠵᠢᠬᠦ ᠤᠳᠤᠬᠢᠴᠢᠯᠠᠯᠳᠡ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠤᠢ ᠪᠤᠯᠭᠠᠬᠤ ᠶᠢ ᠠᠬᠢᠭᠤᠯᠬᠤ ᠭᠡᠷᠡᠭᠳᠡᠢ᠃      ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠤᠯᠳᠠᠯᠠᠬᠢ ᠬᠤᠭᠤᠴᠠᠭ᠎ᠠ ᠪᠤᠯ ︽ᠬᠤᠤᠰ ᠵᠠᠭᠤᠠ ᠵᠢᠯ︾᠎ ᠤᠨ ᠲᠡᠮᠡᠴᠡᠬᠦ ᠬᠠᠷᠠᠯᠳᠠ ᠶᠢᠨ ᠲᠡᠤᠬᠡᠲᠦ ᠴᠢᠨᠠᠷ ᠲᠠᠢ ᠰᠤᠯᠪᠢᠴᠠᠯ ᠤᠨ ᠬᠤᠭᠤᠴᠠᠭ᠎ᠠ ᠪᠤᠯᠤᠨ᠎ᠠ᠃ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ᠂ ᠤᠷᠤᠠ ᠤ ᠪᠠᠶᠢᠳᠠᠯ ᠤᠨ ᠲᠡᠨᠢᠯᠳᠠ ᠪᠠᠨ ᠭᠦᠨᠵᠡᠭᠡᠶᠢᠷᠡᠭᠦᠯᠵᠦ᠂ ᠬᠦᠭᠵᠢᠯᠳᠠ ᠶᠢᠨ ᠰᠠᠳᠬᠢᠴᠠ ᠪᠠᠨ ᠲᠡᠬᠦᠯᠳᠡᠷᠵᠢᠬᠦᠯᠤᠠ᠂ ᠪᠦᠯᠬᠦᠮᠳᠠᠠ ᠨᠢᠭᠡᠳᠴᠦ᠂ ᠬᠠᠳᠠᠭᠤᠵᠢᠯᠳᠠᠢ ᠪᠤᠳᠠᠲᠠᠢ ᠠᠵᠢᠯᠯᠠᠵᠥ᠂ ᠴᠢᠨᠡᠬᠡᠯᠢᠭ ᠨᠡᠶᠢᠭᠡᠮ ᠢ ᠪᠦᠬᠦ ᠲᠡᠯ᠎ᠠ ᠪᠠᠷ ᠪᠠᠶᠠᠯᠠᠬᠦᠯᠬᠦ  ᠰᠢᠢᠳᠪᠦᠷᠢᠲᠦ ᠢᠯᠠᠯᠳᠠ ᠶᠢ ᠤᠯᠵᠥ᠂ ᠤᠳᠤᠬᠢᠴᠢᠯᠠᠭᠰᠠᠠ ᠦᠪᠤᠷ ᠮᠤᠩᠭᠤᠯ ᠢ ᠪᠦᠬᠦ ᠲᠠᠯ᠎ᠠ ᠪᠠᠷ ᠪᠦᠳᠦᠬᠡᠡ ᠪᠠᠶᠢᠭᠤᠯᠬᠤ ᠰᠢᠨ᠎ᠠ ᠠᠶᠠᠨ ᠢᠶᠠᠨ ᠡᠬᠢᠯᠠᠬᠦᠯᠬᠦ ᠬᠡᠷᠡᠭᠳᠡᠢ᠃      ︵ᠨᠢᠬᠡ︶ ᠤᠳᠤᠬᠢᠴᠢᠯᠠᠭᠰᠠᠨ ᠠᠵᠥ ᠠᠬᠤᠢ ᠶᠢᠨ ᠰᠢᠰᠲ᠋ᠧᠮ ᠢ ᠲᠦᠷᠬᠡᠳᠬᠡᠨ ᠪᠦᠲᠦᠭᠡᠨ ᠪᠠᠶᠢᠭᠤᠯᠬᠤ ᠬᠡᠷᠡᠭᠳᠡᠢ᠃ ᠰᠢᠨ᠎ᠠ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠬᠡᠬᠡᠯᠳᠠᠲᠦ᠂ ᠬᠠᠮᠳᠤᠪᠠᠷ ᠬᠦᠷᠲᠡᠬᠦ ᠬᠦᠭᠵᠢᠯᠳᠠ ᠶᠢᠨ ᠤᠨᠤᠯᠵᠢᠬᠤᠨ ᠢ ᠭᠦᠨᠵᠡᠭᠡᠶᠢᠷᠡᠭᠦᠯᠦᠨ ᠲᠤᠤᠱᠯᠠᠭᠤᠯᠵᠥ᠂ ᠶᠡᠷᠤᠩᠬᠡᠢ ᠱᠦᠵᠢ ᠰᠢ ᠶᠢᠨ ᠫᠢᠩ ᠤᠨ ᠮᠠᠠ ᠤ ᠤᠷᠤᠠ ᠳᠤ ᠰᠢᠨᠵᠢᠯᠠᠠ ᠪᠠᠶᠢᠴᠠᠭᠠᠬᠤ ᠦᠶ᠎ᠡ ᠳᠤ ᠲᠤᠷᠠᠳᠤᠭᠰᠠᠠ ︽ᠲᠡᠪᠤ ᠶᠢ ᠤᠶᠠᠯᠳᠤᠭᠤᠯᠬᠤ︾᠂ ︽ᠲᠡᠪᠤ ᠶᠢ ᠠᠭᠤᠰᠤᠯᠴᠠᠭᠤᠯᠬᠤ︾ ᠴᠢᠬᠤᠯᠠ ᠱᠠᠭᠠᠷᠳᠠᠯᠭ᠎ᠠ ᠶᠤᠰᠤᠭᠠᠷ᠂ ᠠᠵᠥ ᠠᠬᠤᠢ ᠶᠢᠨ ᠨᠡᠩ ᠦᠨᠳᠤᠷ ᠶᠠᠰᠤ ᠴᠢᠨᠠᠷ᠂ ᠨᠠᠩ ᠶᠡᠭᠡ ᠦᠷ᠎ᠠ ᠪᠦᠳᠦᠮᠵᠢ᠂ ᠨᠠᠩ ᠲᠦᠪ ᠭᠤᠤᠯᠴᠢ᠂ ᠨᠠᠩ ᠦᠷᠬᠦᠯᠵᠢᠯᠠᠬᠦ ᠲᠡᠰᠢ ᠬᠦᠭᠵᠢᠬᠦ ᠶᠢ ᠠᠬᠢᠭᠤᠯᠬᠤ ᠬᠡᠷᠡᠭᠳᠡᠢ᠃ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠲᠠᠢ ᠦᠬᠡᠷᠡᠴᠢᠯᠠᠯᠳᠠ ᠶᠢ ᠭᠦᠨᠵᠡᠭᠡᠶᠢᠷᠡᠭᠦᠯᠵᠦ᠂ ᠠᠵᠥ ᠠᠬᠤᠢ ᠶᠢᠨ ᠬᠦᠭᠵᠢᠯᠳᠠ ᠶᠢᠨ ᠬᠦᠴᠦᠯᠡᠴᠡ ᠶᠢ  ᠪᠤᠲᠠᠲᠤ ᠴᠤᠭᠴᠠ ᠶᠢᠨ ᠠᠵᠥ ᠠᠬᠤᠢ ᠲᠡᠬᠡᠷ᠎ᠠ ᠲᠡᠯᠪᠢᠵᠥ᠂ ᠬᠠᠨᠭ᠍ᠭᠠᠯᠭ᠎ᠠ ᠶᠢᠨ ᠰᠢᠰᠲ᠋ᠧᠮᠵᠢ ᠶᠢᠨ ᠶᠠᠰᠤ ᠴᠢᠨᠠᠷ ᠢ ᠲᠡᠬᠡᠭᠰᠢᠯᠡᠬᠦᠯᠬᠦ ᠪᠠᠷ ᠭᠤᠤᠯ ᠰᠢᠪᠳᠤᠯᠤᠯᠳᠠ ᠪᠤᠯᠭᠠᠵᠥ᠂ ᠪᠦᠬᠦ ᠡᠯᠧᠮᠧᠨ᠋ᠲ ᠤᠨ ᠦᠢᠯᠡᠳᠪᠤᠷᠢᠯᠠᠯ ᠤᠨ ᠨᠤᠷᠮ᠎ᠠ ᠶᠢ ᠲᠡᠬᠡᠭᠰᠢᠯᠡᠬᠦᠯᠵᠥ᠂ ᠠᠵᠥ ᠠᠬᠤᠢ ᠶᠢᠨ ᠬᠦᠭᠵᠢᠯᠳᠠ ᠶᠢᠨ ᠶᠠᠰᠤ ᠴᠢᠨᠠᠷ ᠤᠨ ᠬᠤᠪᠢᠷᠠᠯᠲᠠ᠂ ᠦᠷ᠎ᠠ ᠪᠦᠳᠦᠮᠵᠢ ᠶᠢᠨ ᠬᠤᠪᠢᠷᠠᠯᠳᠠ᠂ ᠬᠦᠳᠠᠯᠬᠡᠬᠦ ᠬᠦᠴᠦᠠ ᠤ ᠬᠤᠪᠢᠷᠠᠯᠳᠠ ᠶᠢ ᠠᠬᠢᠭᠤᠯᠬᠤ ᠬᠡᠷᠡᠭᠳᠡᠢ᠃ ᠪᠤᠲᠠᠲᠤ ᠴᠤᠭᠴᠠ ᠶᠢᠨ ᠠᠵᠥ ᠠᠬᠤᠢ᠂ ᠰᠢᠨᠵᠢᠯᠠᠬᠦ ᠤᠬᠠᠭᠠᠠ ᠮᠠᠷᠬᠡᠵᠢᠯ ᠤᠨ ᠰᠢᠨ᠎ᠠ ᠡᠬᠦᠳᠦᠯᠳᠠ᠂ ᠤᠳᠤ ᠦᠶ᠎ᠡ ᠶᠢᠨ ᠮᠦᠡᠭᠬᠦᠠ ᠬᠦᠢᠯᠬᠡᠬᠡ᠂ ᠬᠦᠮᠦᠠ ᠤ ᠬᠦᠴᠦᠠ ᠤ ᠡᠬᠢ ᠪᠠᠶᠠᠯᠢᠭ ᠢ ᠵᠤᠬᠢᠴᠠᠭᠤᠯᠤᠠ ᠬᠦᠭᠵᠢᠬᠦᠯᠬᠦ ᠠᠵᠥ ᠦᠢᠯᠡᠰ ᠤᠨ ᠰᠢᠰᠲ᠋ᠧᠮ ᠤᠨ ᠪᠦᠳᠦᠬᠡᠡ ᠪᠠᠶᠢᠭᠤᠯᠤᠯᠲᠠ ᠶᠢ ᠲᠦᠷᠬᠡᠳᠬᠡᠡ᠂ ᠡᠨᠧᠷᠬᠢ᠂ ᠬᠢᠮᠢ ᠶᠢᠨ ᠠᠵᠥ ᠦᠢᠯᠡᠳᠪᠤᠷᠢ᠂ ᠲᠡᠮᠦᠷᠯᠢᠭ ᠪᠤᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠵᠡᠪᠰᠡᠭ ᠲᠤᠨᠤᠭᠯᠠᠯ ᠦᠢᠯᠡᠳᠬᠦ᠂ ᠮᠠᠯ ᠤᠨ ᠠᠰᠢᠭ ᠰᠢᠮ᠎ᠠ ᠲᠡᠷᠢᠶᠠᠯᠠᠩ ᠤᠨ ᠪᠦᠳᠦᠬᠡᠭᠳᠡᠬᠦᠠ ᠢ ᠡᠳ᠋ᠰᠢᠬᠦᠯᠬᠦ ᠵᠡᠷᠬᠡ ᠤᠯᠠᠮᠵᠢᠯᠠᠯᠲᠤ ᠠᠵᠥ ᠦᠢᠯᠡᠰ ᠢ ᠰᠢᠯᠢᠳᠡᠭᠵᠢᠬᠦᠯᠤᠠ ᠲᠡᠰ ᠲᠡᠪᠰᠢᠬᠦᠯᠵᠥ᠂ ᠰᠢᠨ᠎ᠠ ᠡᠨᠧᠷᠬᠢ᠂ ᠰᠢᠨ᠎ᠠ ᠮᠠᠲ᠋ᠧᠷᠢᠶᠠᠯ᠂ ᠡᠨᠧᠷᠬᠢ ᠠᠷᠪᠢᠯᠠᠵᠦ ᠤᠷᠴᠢᠠ ᠲᠤᠭᠤᠷᠢᠠ ᠢ ᠬᠠᠮᠠᠭᠠᠯᠠᠬᠤ᠂ ᠳᠡᠭᠡᠳᠦ ᠲᠡᠰ ᠤᠨ ᠲᠤᠨᠤᠭ ᠲᠦᠬᠦᠬᠡᠷᠦᠮᠵᠢ᠂ ᠲᠤᠮᠤ ᠳ᠋ᠠᠶᠢᠲ᠋ᠠ ᠡᠬᠦᠯᠠᠠ ᠪᠤᠳᠤᠯᠳᠠ᠂ ᠠᠮᠢᠳᠤ ᠪᠤᠳᠠᠰ ᠤᠨ ᠰᠢᠨᠵᠢᠯᠠᠬᠦ ᠤᠬᠠᠭᠠᠠ ᠮᠠᠷᠬᠡᠵᠢᠯ᠂ ᠮᠤᠩᠭᠤᠯ ᠬᠢᠳᠠᠳ ᠡᠮ ᠡᠮᠨᠡᠯᠬᠡ ᠵᠡᠷᠬᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠬᠦᠭᠵᠢᠠ ᠮᠠᠠᠳᠤᠵᠥ ᠪᠠᠶᠢᠭ᠎ᠠ ᠠᠵᠥ ᠦᠢᠯᠡᠰ ᠢ ᠶᠡᠬᠡᠪᠠᠷ ᠬᠦᠭᠵᠢᠬᠦᠯᠵᠥ᠂ ᠲᠡᠪᠰᠢᠬᠰᠠᠠ ᠦᠢᠯᠡᠳᠬᠦ ᠦᠢᠯᠡᠰ ᠤᠨ ᠬᠦᠭᠵᠢᠯᠳᠠ ᠶᠢ ᠲᠦᠷᠬᠡᠳᠬᠡᠠ᠂ ᠢᠨᠲ᠋ᠧᠷ ᠰᠦᠯᠵᠢᠶ᠎ᠠ᠂ ᠲᠤᠮᠤ ᠳ᠋ᠠᠶᠢᠲ᠋ᠠ᠂ ᠵᠤᠬᠢᠶᠠᠮᠠᠯ ᠤᠶᠤᠠ ᠤ ᠴᠢᠳᠠᠪᠤᠷᠢ ᠪᠠ ᠪᠤᠲᠠᠲᠤ ᠴᠤᠭᠴᠠ ᠶᠢᠨ ᠠᠵᠥ ᠠᠬᠤᠢ ᠶᠢ ᠬᠦᠨᠵᠡᠭᠡᠢ ᠠᠭᠤᠰᠤᠯᠴᠠᠭᠤᠯᠬᠤ ᠶᠢ ᠠᠬᠢᠭᠤᠯᠵᠥ᠂ ᠲᠤᠮᠳᠠ ᠳᠡᠭᠡᠳᠦ ᠲᠡᠰ ᠤᠨ ᠬᠡᠷᠡᠭᠯᠡᠭᠡ᠂ ᠰᠢᠨ᠎ᠠ ᠶᠢ ᠡᠭᠦᠳᠴᠦ ᠬᠦᠳᠤᠯᠤᠠ ᠳᠠᠭᠠᠭᠤᠯᠬᠤ᠂ ᠪᠤᠬᠢᠷᠳᠤᠯ ᠦᠬᠡᠢ ᠲᠤᠤᠷ᠎ᠠ ᠨᠡᠭᠦᠷᠡᠰᠦᠲᠥ᠋ᠷᠥᠭᠴᠢᠲᠦ᠂ ᠬᠠᠮᠳᠤᠪᠠᠷ ᠬᠦᠷᠲᠡᠬᠦ ᠠᠵᠥ ᠠᠬᠤᠢ᠂ ᠤᠳᠤ ᠦᠶ᠎ᠡ ᠶᠢᠨ ᠬᠠᠨᠭ᠍ᠭᠠᠯᠭ᠎ᠠ ᠶᠢᠨ ᠬᠡᠯᠬᠢᠶ᠎ᠠ᠂ ᠬᠦᠮᠦᠠ ᠤ ᠬᠦᠴᠦᠠ ᠤ ᠡᠬᠢ ᠪᠠᠶᠠᠯᠢᠬ ᠤᠨ ᠦᠢᠯᠡᠴᠢᠯᠡᠭᠡ ᠵᠡᠷᠬᠡ ᠬᠦᠷᠢᠶ᠎ᠠ ᠴᠠᠷᠠᠭ᠎ᠠ ᠳᠤ ᠰᠢᠨ᠎ᠠ ᠨᠡᠮᠡᠭᠳᠡᠯ ᠤᠨ ᠴᠡᠭ ᠢ ᠪᠤᠶᠢᠵᠢᠭᠤᠯᠤᠨ᠂ ᠰᠢᠨ᠎ᠠ ᠬᠦᠳᠠᠯᠬᠡᠬᠦ ᠴᠢᠳᠠᠪᠤᠷᠢ ᠶᠢ ᠪᠤᠢ ᠪᠤᠯᠭᠠᠬᠤ ᠬᠡᠷᠡᠭᠳᠡᠢ᠃ ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢ ᠲᠦᠷᠬᠡᠳᠬᠡᠡ᠂ ᠵᠢᠭᠤᠯᠴᠢᠯᠠᠯ᠂ ᠰᠤᠶᠤᠯ᠂ ᠪᠤᠳᠠᠰ ᠤᠨ ᠬᠦᠢᠯᠬᠡᠬᠡ᠂ ᠡᠷᠡᠭᠦᠯ ᠮᠡᠨᠳᠦ ᠵᠡᠷᠬᠡ ᠠᠵᠥ ᠦᠢᠯᠡᠰ ᠤᠨ ᠬᠦᠭᠵᠢᠯᠳᠠ ᠶᠢ ᠲᠦᠷᠬᠡᠳᠬᠡᠡ᠂ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠳᠠ ᠶᠢᠨ ᠤᠷᠤᠨ ᠤ ᠪᠦᠳᠦᠬᠡᠡ ᠪᠠᠶᠢᠭᠤᠯᠤᠯᠲᠠ ᠶᠢ ᠠᠬᠢᠭᠤᠯᠵᠥ᠂ ᠦᠢᠯᠡᠳᠪᠤᠷᠢᠯᠠᠯ ᠤᠨ ᠴᠢᠨᠠᠷᠳᠠᠢ ᠦᠢᠯᠡᠴᠢᠯᠡᠭᠡ ᠶᠢᠨ ᠦᠢᠯᠡᠰ ᠤᠨ ᠲᠤᠰᠬᠠᠶᠢᠵᠢᠭᠰᠠᠨ ᠪᠠ ᠦᠷᠳᠡᠭ ᠤᠨ ᠬᠡᠯᠬᠢᠶ᠎ᠠ ᠶᠢᠨ ᠳᠡᠭᠡᠳᠦ ᠳᠡᠰ ᠲᠡᠰᠢ ᠬᠦᠭᠵᠢᠬᠦ ᠶᠢ ᠠᠬᠢᠭᠤᠯᠵᠥ᠂ ᠠᠮᠢᠳᠤᠷᠠᠯ ᠤᠨ ᠴᠢᠨᠡᠷᠳᠠᠢ ᠦᠢᠯᠡᠴᠢᠯᠡᠭᠡ ᠶᠢ ᠨᠠᠷᠢᠯᠢᠭᠵᠢᠭᠤᠯᠬᠤ ᠪᠠ ᠳᠡᠭᠡᠳᠦ ᠲᠡᠰ ᠤᠨ ᠶᠠᠰᠦ ᠴᠢᠨᠠᠷ ᠵᠦᠭ ᠬᠤᠪᠢᠷᠠᠭᠤᠯᠬᠤ ᠶᠢ ᠠᠬᠢᠭᠤᠯᠬᠤ ᠬᠡᠷᠡᠭᠳᠡᠢ᠃ ᠦᠯᠡᠬᠦᠳᠡᠭᠰᠡᠨ ᠦᠢᠯᠡᠳᠪᠤᠷᠢᠯᠡᠯ ᠤᠨ ᠴᠢᠳᠠᠪᠤᠷᠢ ᠎ ᠶᠢ ᠪᠠᠭᠠᠰᠬᠠᠬᠤ᠂ ᠬᠦᠮᠦᠷᠭᠡᠯᠡᠯᠳᠡ ᠶᠢ ᠪᠠᠭᠠᠰᠬᠠᠬᠤ᠂ ᠬᠦᠰᠢᠭᠦᠷᠭᠡ ᠶᠢ ᠪᠠᠭᠠᠰᠬᠠᠬᠤ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠭᠤᠳᠠᠯ ᠢ ᠨᠦᠬᠦᠪᠤᠷᠢᠯᠡᠬᠦ ᠶᠢ ᠪᠠᠷᠢᠮᠲᠠᠯᠠᠵᠦ᠂ ᠬᠠᠲᠠᠭᠠᠯᠠᠯᠲᠠ ᠶᠢᠨ ᠡᠬᠢ ᠪᠠᠶᠠᠯᠢᠬ ᠤᠨ ᠲᠤᠬᠢᠷᠠᠭᠤᠯᠤᠯᠲᠠ ᠶᠢ ᠰᠢᠯᠢᠲᠡᠭᠵᠢᠭᠦᠯᠦᠨ᠂ ᠴᠢᠨᠠᠷ ᠰᠢᠯᠢᠲᠡᠭ ᠬᠡᠮᠵᠢᠶ᠎ᠠ ᠨᠡᠮᠡᠭᠳᠡᠯ ᠲᠠᠢ ᠬᠠᠩᠭᠠᠯᠭ᠎ᠠ ᠶᠢ ᠦᠷᠭᠡᠳᠬᠡᠨ᠂ ᠬᠠᠩᠭᠠᠯᠭ᠎ᠠ ᠬᠡᠷᠡᠭᠴᠡᠭᠡ ᠶᠢᠨ ᠬᠦᠲᠡᠯᠦᠩᠬᠦᠢ ᠲᠡᠩᠴᠡᠭᠦᠷᠢ ᠶᠢ ᠪᠡᠶᠡᠯᠡᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠪᠠᠷ ᠬᠦᠭᠵᠢᠯᠲᠡ ᠶᠢ ᠬᠦᠲᠦᠯᠦᠨ ᠳᠠᠭᠠᠭᠤᠯᠬᠤ ᠨᠢᠭᠡᠲᠦᠭᠡᠷ ᠬᠦᠲᠡᠯᠭᠡᠬᠦ ᠬᠦᠴᠦᠨ ᠪᠤᠯᠭᠠᠵᠦ᠂ ᠮᠡᠷᠭᠡᠵᠢᠯ ᠤᠨ ᠰᠢᠨ᠎ᠡ ᠶᠢ ᠡᠭᠦᠳᠬᠦ᠂ ᠲᠦᠷᠢᠮ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠬᠤᠳᠠᠯᠳᠤᠭᠠᠨ ᠤ ᠵᠠᠬᠪᠤᠷ ᠤᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠰᠢᠨ᠎ᠡ ᠶᠢ ᠡᠭᠦᠳᠬᠦ ᠡᠯᠧᠮᠧᠨ᠋ᠲ ᠪᠠ ᠡᠬᠢ ᠪᠠᠶᠠᠯᠢᠬ ᠎ ᠤᠨ ᠲᠤᠬᠢᠷᠠᠭᠤᠯᠤᠯᠲᠠ ᠶᠢ ᠰᠢᠯᠢᠲᠡᠭᠵᠢᠭᠦᠯᠦᠨ᠂ ᠪᠦᠬᠦ ᠲᠠᠯ᠎ᠠ ᠪᠠ ᠠᠯᠤᠰ ᠬᠤᠯᠠ ᠶᠢᠨ ᠬᠦᠭᠵᠢᠯᠲᠡ ᠲᠠᠢ ᠬᠤᠯᠪᠤᠬᠲᠠᠬᠰᠠᠨ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠢ ᠲᠡᠮᠵᠢᠵᠦ᠂ ᠦᠢᠯᠡᠳᠪᠦᠷᠢᠯᠡᠯ᠂ ᠰᠤᠷᠤᠯᠴᠠᠯᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠲᠦᠯᠭᠡ ᠶᠢᠨ ᠬᠡᠷᠡᠭᠯᠡᠭᠡ ᠶᠢᠨ ᠬᠦᠨᠵᠡᠭᠡᠢ ᠠᠭᠤᠰᠤᠯᠴᠠᠯ ᠢ ᠠᠬᠢᠭᠤᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠶᠢ ᠠᠬᠢᠭᠤᠯᠬᠤ ᠬᠡᠷᠡᠭᠲᠡᠢ᠃ ᠠᠵᠦ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠤᠬᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠤᠨ᠂ ᠶᠡᠭᠡ ᠲᠡᠭᠡᠲᠦ ᠰᠤᠷᠭᠠᠭᠤᠯᠢ ᠶᠢᠨ ᠰᠢᠨ᠎ᠡ ᠶᠢ ᠡᠭᠦᠳᠬᠦ ᠴᠢᠲᠠᠪᠤᠷᠢ ᠶᠢ ᠲᠡᠭᠡᠭᠰᠢᠯᠡᠭᠦᠯᠬᠦ ᠲᠦᠯᠦᠪᠯᠡᠭᠡ ᠶᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠨᠢᠭᠡ ᠪᠦᠯᠦᠭ ᠭᠤᠤᠯᠲᠠᠯᠭ᠎ᠠ ᠲᠠᠢ ᠲᠤᠷᠰᠢᠯᠲᠠ ᠶᠢᠨ ᠲᠠᠰᠤᠬ᠂ ᠢᠨᠵᠧᠨᠧᠷᠢᠩ ᠎ ᠤᠨ ᠰᠤᠳᠤᠯᠭᠠᠨ ᠤ ᠲᠦᠪ᠂ ᠠᠵᠦ ᠠᠬᠤᠶᠢᠯᠠᠯ ᠤᠨ ᠮᠡᠷᠭᠡᠵᠢᠯ ᠤᠨ ᠲᠦᠪ ᠢ ᠪᠠᠶᠢᠭᠤᠯᠬᠤ ᠬᠡᠷᠡᠭᠲᠡᠢ᠃ ᠠᠵᠦ ᠠᠬᠤᠶᠢᠯᠠᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠦ᠂ ᠠᠵᠦ ᠠᠬᠤᠶᠢᠯᠠᠯᠲᠠᠨ ᠤ ᠵᠤᠷᠢᠭ ᠰᠠᠨᠠᠭ᠎ᠠ ᠶᠢ ᠤᠷᠮᠠᠰᠢᠭᠤᠯᠬᠤ ᠪᠠ ᠬᠠᠮᠠᠭᠠᠯᠠᠵᠦ᠂ ᠨᠡᠩ ᠤᠯᠠᠨ ᠨᠡᠶᠢᠭᠡᠮ ᠤᠨ ᠭᠤᠤᠯ ᠴᠤᠬᠴᠠ ᠶᠢ ᠵᠤᠷᠢᠬᠵᠢᠭᠤᠯᠤᠨ ᠰᠢᠨ᠎ᠡ ᠶᠢ ᠡᠭᠦᠳᠤᠨ ᠦᠢᠯᠡᠰ ᠴᠤᠭᠴᠠᠯᠠᠬᠤ ᠳᠤ ᠤᠷᠤᠯᠴᠠᠭᠤᠯᠬᠤ ᠬᠡᠷᠡᠭᠲᠡᠢ᠃ ᠮᠡᠲᠡᠯᠭᠡ ᠶᠢᠨ ᠬᠡᠯᠪᠡᠷᠢ᠂ ᠮᠡᠷᠭᠡᠵᠢᠯ ᠴᠢᠳᠠᠪᠤᠷᠢ ᠶᠢᠨ ᠬᠡᠯᠪᠡᠷᠢ᠂ ᠰᠢᠨ᠎ᠡ ᠶᠢ ᠡᠭᠦᠳᠬᠦ ᠬᠡᠯᠪᠡᠷᠢ ᠶᠢᠨ ᠬᠦᠲᠡᠯᠮᠦᠷᠢᠴᠢᠳ ᠤᠨ ᠡᠩᠨᠡᠭᠡ ᠶᠢ ᠪᠦᠲᠦᠭᠡᠨ ᠪᠠᠶᠢᠭᠤᠯᠵᠤ᠂ ᠬᠦᠲᠡᠯᠮᠦᠷᠢ ᠶᠢᠨ ᠵᠢᠱᠢᠶᠡᠴᠢ ᠶᠢᠨ ᠵᠤᠷᠢᠭ ᠰᠠᠨᠠᠭ᠎ᠠ ᠪᠤᠯᠤᠨ ᠤᠷᠠᠨ ᠲᠠᠷᠬᠠᠨ ᠤ ᠵᠤᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ᠃ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠪᠤᠯᠤᠨ ᠲᠦᠷᠦᠯ ᠲᠡᠮᠲᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠮᠠᠯ ᠠᠵᠦ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠢ ᠤᠷᠢᠳᠴᠢᠯᠠᠨ ᠬᠦᠭᠵᠢᠭᠦᠯᠬᠦ ᠶᠢ ᠪᠠᠷᠢᠮᠲᠠᠯᠠᠵᠦ᠂ ᠠᠵᠦ ᠦᠢᠯᠡᠰ ᠬᠦᠭᠵᠢᠨ ᠮᠠᠨᠲᠤᠬᠰᠠᠨ᠂ ᠠᠮᠢ ᠠᠬᠤᠢ ᠰᠠᠭᠤᠷᠢᠰᠢᠬᠤ ᠳᠤ ᠲᠤᠬᠢᠲᠠᠢ᠂ ᠬᠦᠲᠡᠭᠡ ᠲᠤᠰᠬᠤᠨ ᠤ ᠰᠤᠷᠲᠠᠯ ᠪᠤᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠡᠷᠦᠩᠬᠡᠢ ᠱᠠᠭᠠᠷᠲᠠᠯᠭ᠎ᠠ ᠶᠤᠰᠤᠭᠠᠷ᠂ ᠮᠠᠯ ᠠᠵᠦ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠲᠠ ᠶᠢ ᠲᠦᠷᠬᠡᠳᠬᠡᠨ ᠠᠬᠢᠭᠤᠯᠬᠤ ᠬᠡᠷᠡᠭᠲᠡᠢ᠃ ᠭᠠᠵᠠᠷ ᠰᠢᠷᠤᠢ ᠪᠤᠯᠤᠨ ᠨᠤᠳᠤᠭ ᠪᠡᠯᠴᠢᠭᠡᠷ ᠤᠨ ᠲᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠᠨ ᠡᠷᠬᠡ︾᠎ ᠶᠢ ᠰᠠᠯᠭᠠᠬᠤ ᠶᠢ ᠠᠬᠢᠭᠤᠯᠬᠤ ᠬᠡᠷᠡᠭᠲᠡᠢ᠃ ᠭᠠᠵᠠᠷ ᠰᠢᠷᠤᠢ ᠶᠢᠨ ᠲᠠᠭᠠᠭᠠᠴᠢᠯᠠᠯᠲᠠ ᠶᠢᠨ ᠬᠠᠷᠢᠴᠠᠭ᠎ᠠ ᠶᠢ ᠲᠤᠬᠲᠠᠭᠤᠨ ᠪᠠᠶᠢᠯᠭᠠᠬᠤ ᠶᠢᠨ ᠬᠠᠮᠲᠦ ᠤᠷᠲᠤ ᠬᠤᠭᠤᠴᠠᠭᠠᠨ᠎ᠠ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠶᠢᠨ ᠲᠠᠭᠠᠭᠠᠴᠢᠯᠠᠯᠲᠠ ᠶᠢᠨ ᠬᠤᠭᠤᠴᠠᠭ᠎ᠠ ᠲᠤᠯᠤᠬᠰᠠᠨ ᠤ ᠲᠠᠷᠠᠭ᠎ᠠ ᠲᠠᠬᠢᠵᠦ 30 ᠵᠢᠯ ᠤᠷᠲᠤᠳᠬᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠮᠠᠯ ᠠᠵᠦ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤ ᠦᠶ᠎ᠡ ᠎ ᠶᠢᠨ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃ ᠮᠠᠯᠴᠢᠨ ᠲᠠᠷᠢᠶᠠᠴᠢᠨ ᠤ ᠬᠡᠷ ᠪᠦᠯᠢ ᠶᠢᠨ ᠡᠵᠡᠩᠨᠡᠯᠲᠡ ᠶᠢᠨ ᠭᠤᠤᠯ ᠴᠤᠬᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠦ᠂ ᠤᠯᠠᠨ ᠬᠡᠯᠪᠡᠷᠢ ᠶᠢᠨ ᠲᠤᠬᠢᠷᠠᠮᠵᠢᠲᠠᠢ ᠬᠡᠪᠴᠢᠶᠡᠲᠦ ᠡᠵᠡᠩᠨᠡᠯᠲᠡ ᠶᠢ ᠬᠦᠭᠵᠢᠭᠦᠯᠵᠦ᠂ ᠰᠢᠨ᠎ᠡ ᠬᠡᠯᠪᠡᠷᠢ ᠶᠢᠨ ᠮᠠᠯ ᠠᠵᠦ ᠠᠬᠤᠢ ᠲᠠᠷᠢᠶᠠᠯᠠᠩ ᠎ ᠤᠨ ᠡᠵᠡᠩᠨᠡᠯᠲᠡ ᠶᠢᠨ ᠭᠤᠤᠯ ᠴᠤᠬᠴᠠ ᠶᠢ ᠬᠦᠮᠦᠵᠢᠭᠦᠯᠬᠦ ᠬᠡᠷᠡᠭᠲᠡᠢ᠃  ᠲᠤᠯᠤᠭᠠᠶᠢᠯᠠᠭᠴᠢ ᠠᠵᠦ ᠠᠬᠤᠶᠢᠯᠠᠯ ᠪᠤᠯᠤᠨ ᠮᠠᠯᠴᠢᠨ ᠲᠠᠷᠢᠶᠠᠴᠢᠳ ᠤᠨ ᠠᠰᠢᠬ ᠲᠤᠰᠠ ᠶᠢ ᠬᠤᠯᠪᠤᠯᠳᠤᠭᠤᠯᠬᠤ ᠲᠤᠬᠲᠠᠴᠠ ᠶᠢ ᠲᠡᠭᠦᠯᠲᠡᠷᠵᠢᠭᠦᠯᠵᠦ᠂ ᠬᠡᠷ ᠪᠦᠯᠢ ᠶᠢᠨ ᠡᠵᠡᠩᠨᠡᠯᠲᠡ ᠪᠤᠯᠤᠨ ᠤᠳᠤ ᠦᠶ᠎ᠡ ᠶᠢᠨ ᠮᠠᠯ ᠠᠵᠦ ᠠᠬᠤᠢ ᠲᠠᠷᠢᠶᠠᠯᠠᠩ ᠤᠨ ᠬᠦᠭᠵᠢᠯᠲᠡ ᠶᠢ ᠤᠷᠭᠠᠨᠢᠬ ᠢᠶᠠᠷ ᠵᠤᠯᠭᠠᠭᠤᠯᠬᠤ ᠶᠢ ᠠᠬᠢᠭᠤᠯᠬᠤ ᠬᠡᠷᠡᠭᠲᠡᠢ᠃ ᠬᠤᠲᠠ ᠬᠦᠲᠡᠭᠡ ᠶᠢᠨ ᠠᠭᠤᠰᠤᠯᠴᠠᠨ ᠬᠦᠭᠵᠢᠬᠦ ᠪᠠᠶᠢᠭᠤᠯᠤᠮᠵᠢ ᠲᠤᠬᠲᠠᠴᠠ ᠪᠤᠯᠤᠨ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠨᠢᠭᠡᠲᠦᠭᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠪᠦᠬᠦ ᠬᠡᠯᠬᠢᠶ᠎ᠡ ᠶᠢᠨ ᠦᠷᠲᠡᠭ ᠢ ᠨᠡᠮᠡᠭᠲᠡᠭᠦᠯᠬᠦ ᠶᠢ ᠠᠬᠢᠭᠤᠯᠬᠤ ᠬᠡᠷᠡᠭᠲᠡᠢ᠃ ᠤᠰᠤᠨ ᠠᠰᠢᠬᠯᠠᠯᠲᠠ᠂ ᠲᠡᠮᠦᠷ ᠵᠠᠮ᠂ ᠵᠠᠰᠠᠮᠠᠯ ᠵᠠᠮ᠂ ᠠᠭᠠᠷ ᠎ ᠤᠨ ᠠᠶᠠᠯᠠᠯ᠂ ᠬᠤᠭᠤᠯᠠᠢ᠂ ᠴᠠᠬᠢᠯᠭᠠᠨ ᠲᠤᠤᠷ᠂ ᠬᠤᠲᠠ ᠶᠢᠨ ᠶᠠᠪᠤᠲᠠᠯ᠂ ᠮᠡᠲᠡᠭᠡ ᠵᠠᠩᠬᠢ᠂ ᠡᠳ᠋ ᠪᠠᠷᠠᠭᠠᠨ ᠤ ᠬᠦᠢᠯᠭᠡᠭᠡ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠵᠦ᠂ ᠲᠤᠬᠢᠲᠠᠢ ᠤᠷᠢᠳᠴᠢᠯᠠᠬᠰᠠᠨ᠂ ᠪᠦᠲᠦᠴᠡ ᠵᠤᠬᠢᠰᠲᠠᠢ᠂ ᠢᠵᠢ ᠪᠦᠷᠢᠲᠦᠭᠦᠯᠦᠭᠰᠡᠨ ᠨᠢ ᠲᠡᠭᠦᠯᠲᠡᠷ᠂ ᠬᠦᠭᠵᠢᠯᠲᠡ ᠶᠢᠨ ᠱᠠᠭᠠᠷᠳᠠᠯᠭ᠎ᠠ ᠶᠢ ᠬᠠᠩᠭᠠᠬᠰᠠᠨ ᠲᠤᠤᠷᠵᠢᠯ ᠤᠨ ᠰᠢᠰᠲ᠋ᠧᠮᠵᠢ ᠶᠢ ᠪᠦᠷᠢᠯᠲᠦᠭᠦᠯᠬᠦ ᠬᠡᠷᠡᠭᠲᠡᠢ᠃ ᠬᠦᠮᠦᠨ ᠢᠶᠠᠷ ᠭᠤᠤᠯ ᠪᠤᠯᠭᠠᠬᠰᠠᠨ ᠬᠤᠲᠠ ᠪᠠᠯᠭᠠᠰᠤᠵᠢᠯᠲᠠ ᠶᠢ ᠠᠬᠢᠭᠤᠯᠵᠦ᠂ ᠮᠠᠯᠵᠢᠬᠤ ᠲᠠᠷᠢᠶᠠᠯᠠᠬᠤ ᠤᠷᠤᠨ ᠠᠴᠠ ᠰᠢᠯᠵᠢᠭᠰᠡᠨ ᠬᠦᠮᠦᠨ ᠠᠮᠠ ᠶᠢ ᠬᠤᠲᠠ ᠶᠢᠨ ᠠᠷᠠᠳ ᠪᠤᠯᠭᠠᠬᠤ ᠶᠢ ᠲᠦᠷᠭᠡᠳᠬᠡᠵᠦ᠂ ᠤᠶᠢᠲᠤ ᠤᠷᠤᠨ᠂ ᠠᠲᠠᠷ ᠬᠠᠭᠠᠯᠪᠤᠷᠢᠯᠠᠯᠲᠠ ᠶᠢᠨ ᠤᠷᠤᠨ᠂ ᠠᠭᠤᠷᠬᠠᠢ ᠶᠢᠨ ᠤᠷᠤᠨ ᠤ ᠬᠤᠲᠠ ᠪᠠᠯᠭᠠᠰᠤᠵᠢᠯᠲᠠ ᠶᠢᠨ ᠲᠦᠪᠰᠢᠨ ᠢ ᠲᠡᠭᠡᠭᠰᠢᠯᠡᠭᠦᠯᠵᠦ᠂ ᠬᠤᠲᠠ ᠶᠢᠨ ᠬᠦᠭᠵᠢᠯᠲᠡ ᠶᠢᠨ ᠵᠠᠬᠪᠤᠷ ᠪᠤᠯᠤᠨ ᠵᠠᠰᠠᠯᠲᠠ ᠶᠢᠨ ᠠᠷᠭ᠎ᠠ ᠶᠢᠨ ᠬᠡᠯᠪᠡᠷᠢ ᠶᠢ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃ ᠬᠦᠬᠡᠬᠤᠲᠠ ᠪᠤᠭᠤᠲᠦ ᠤᠷᠳᠤᠰ ᠤᠨ ᠬᠠᠮᠵᠢᠯᠴᠠᠬᠤ ᠬᠦᠭᠵᠢᠯᠲᠡ ᠶᠢ ᠠᠬᠢᠭᠤᠯᠤᠨ᠂ ᠵᠡᠭᠦᠨ ᠪᠡᠶ᠎ᠡ ᠶᠢᠨ ᠠᠶᠢᠮᠠᠭ ᠬᠤᠲᠠ ᠶᠢᠨ ᠲᠦᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠬᠡᠳᠬᠡᠵᠦ᠂ ᠬᠤᠷᠢᠨᠭᠡᠷ ᠤᠨ ᠰᠢᠨ᠎ᠡ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠬᠤᠪᠢᠰᠬᠠᠯ ᠤᠨ ᠡᠷᠳᠡ ᠴᠢᠯᠦᠭᠡᠯᠡᠭᠳᠡᠭᠰᠡᠡ ᠤᠷᠤᠨ᠂ ᠴᠦᠭᠡᠨ ᠲᠤᠭᠠᠳᠦ ᠦᠨᠳᠦᠰᠦᠳᠡᠨ ᠤ ᠲᠦᠪᠯᠡᠷᠡᠨ ᠰᠠᠭᠤᠭ᠎ᠠ ᠤᠷᠤᠨ᠂ ᠬᠢᠯᠢ ᠳᠠᠭᠠᠤ ᠬᠤᠰᠢᠭᠤ ᠰᠢᠶᠠᠨ᠂ ᠶᠠᠳᠠᠭᠤ ᠬᠦᠴᠢᠷᠳᠠᠯᠳᠠᠢ ᠭᠠᠵᠠᠷ ᠤᠷᠤᠨ ᠤ ᠬᠦᠭᠵᠢᠯᠳᠡ ᠶᠢ ᠲᠦᠷᠭᠡᠳᠭᠡᠬᠦ ᠶᠢ ᠲᠡᠮᠵᠢᠬᠦ ᠭᠡᠷᠡᠭᠳᠠᠢ᠃ ᠡᠬᠢ ᠪᠠᠶᠠᠯᠢᠬ ᠤᠨ ᠬᠡᠯᠪᠡᠷᠢ ᠶᠢᠨ ᠬᠤᠳᠠ ᠶᠢᠨ ᠭᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠲᠡᠮᠵᠢᠬᠦ ᠭᠡᠷᠡᠭᠳᠠᠢ᠃ ᠬᠤᠰᠢᠭᠤ ᠰᠢᠶᠠᠨ ᠤ ᠠᠵᠦ ᠠᠬᠤᠢ ᠶᠢᠨ ᠪᠤᠳᠠᠳᠦ ᠬᠦᠴᠦᠨ ᠢ ᠪᠤᠵᠠᠭᠠᠶᠢᠷᠠᠭᠤᠯᠬᠤ ᠭᠡᠷᠡᠭᠳᠠᠢ᠃ ᠠᠷᠠᠳ ᠠᠴᠠ ᠡᠷᠬᠢᠯᠡᠭᠰᠡᠨ  ᠠᠵᠤ ᠠᠬᠤᠶᠢᠯᠠᠯ ᠤᠨ ᠬᠦᠭᠵᠢᠯᠲᠡ ᠶᠢ ᠳᠡᠮᠵᠢᠵᠦ᠂ ᠡᠯ᠎ᠠ ᠲᠦᠷᠦᠯ ᠤᠨ ᠵᠠᠬ᠎ᠠ ᠲᠡᠯᠭᠡᠬᠦᠷ ᠤᠨ ᠭᠤᠤᠯ ᠴᠤᠬᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠬᠦ ᠭᠡᠷᠡᠭᠳᠠᠢ᠃ ᠦᠮᠴᠢᠯᠡᠯ ᠤᠨ ᠡᠷᠭᠡ ᠶᠢᠨ ᠲᠦᠷᠢᠮ ᠪᠤᠯᠤᠨ ᠡᠯᠧᠮᠧᠨ᠋ᠲ ᠤᠨ ᠵᠠᠬ᠎ᠠ ᠲᠡᠯᠭᠡᠬᠦᠷᠴᠢᠯᠡᠬᠦ ᠲᠤᠬᠢᠷᠠᠭᠤᠯᠤᠯᠳᠠ ᠶᠢ ᠰᠠᠶᠢᠵᠢᠷᠠᠭᠤᠯᠬᠤ ᠪᠠᠷ ᠭᠤᠤᠯᠳᠠᠯᠭ᠎ᠠ ᠪᠤᠯᠭᠠᠵᠦ᠂ ᠬᠤᠳᠠᠯᠳᠤᠭᠠᠨ ᠤ ᠦᠢᠯᠡᠰ ᠤᠨ ᠲᠦᠷᠢᠮ᠂ ᠤᠯᠤᠰ ᠤᠨ ᠬᠦᠷᠦᠩᠭᠡ ᠤᠯᠤᠰ ᠤᠨ ᠦᠮᠴᠢᠯᠡᠯ ᠤᠨ ᠠᠵᠦ ᠠᠬᠤᠶᠢᠯᠠᠯ᠂ ᠪᠡᠯᠡ ᠤᠷᠤᠭᠤᠯᠵᠤ ᠪᠡᠯᠡ ᠬᠤᠷᠠᠮᠳᠤᠭᠤᠯᠬᠤ ᠪᠠᠶᠢᠭᠤᠯᠤᠮᠵᠢ᠂ ᠡᠳ᠋ ᠤᠨ ᠵᠠᠰᠠᠬ ᠭᠠᠶᠢᠯᠢ ᠶᠢᠨ ᠪᠠᠶᠢᠭᠤᠯᠤᠮᠵᠢ᠂ ᠮᠦᠩᠬᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠬᠦᠷᠢᠶᠡᠨ ᠤ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠦ᠂ ᠦᠮᠴᠢᠯᠡᠯ ᠤᠨ ᠡᠷᠭᠡ ᠶᠢ ᠪᠦᠳᠦᠮᠵᠢᠳᠠᠢ ᠬᠦᠭᠵᠢᠭᠡᠬᠦ᠂ ᠡᠯᠧᠮᠧᠨ᠋ᠲ ᠢ ᠴᠢᠯᠦᠭᠡᠳᠡᠢ ᠬᠦᠳᠡᠯᠭᠡᠭᠦ᠂ ᠦᠨ᠎ᠠ ᠬᠠᠩᠰᠢ ᠶᠢᠨ ᠲᠤᠰᠬᠠᠯ ᠠᠮᠢᠳᠤᠯᠢᠬ ᠪᠠᠶᠢᠬᠤ᠂ ᠦᠷᠢᠰᠦᠯᠳᠦᠭᠡᠨ ᠭᠤᠤᠯᠴᠢ ᠡᠮᠬᠢ ᠵᠢᠷᠤᠮ ᠲᠠᠢ ᠪᠠᠶᠢᠬᠤ᠂ ᠠᠵᠦ ᠠᠬᠤᠶᠢᠯᠠᠯ ᠤᠨ ᠰᠢᠯᠢᠳᠡᠭ ᠨᠢ ᠦᠯᠡᠳᠡᠵᠦ ᠰᠢᠭᠠᠷᠠᠤ ᠨᠢ ᠰᠢᠭᠰᠢᠭᠳᠡᠬᠦ ᠶᠢ ᠪᠡᠶᠡᠯᠡᠭᠦᠯᠬᠦ ᠭᠡᠷᠡᠭᠳᠠᠢ᠃ ᠮᠦᠩᠬᠦᠨ ᠭᠦᠢᠯᠭᠡᠭᠡᠨ ᠤ ᠦᠢᠯᠡᠴᠢᠯᠡᠭᠡᠨ ᠤ ᠪᠤᠳᠠᠳᠦ ᠴᠤᠬᠴᠠ ᠶᠢᠨ ᠠᠵᠦ ᠠᠬᠤᠢ ᠶᠢᠨ ᠴᠢᠳᠠᠪᠤᠷᠢ ᠶᠢ ᠲᠡᠭᠡᠭᠰᠢᠯᠡᠭᠦᠯᠵᠦ᠂ ᠰᠢᠭᠤᠤᠠ ᠪᠡᠯᠡ ᠬᠤᠷᠠᠮᠳᠤᠭᠤᠯᠬᠤ ᠶᠢ ᠦᠷᠭᠡᠳᠭᠡᠵᠦ᠂ ᠮᠦᠩᠬᠦᠨ ᠭᠦᠢᠯᠭᠡᠭᠡᠨ ᠤ ᠠᠶᠤᠯ ᠲᠦᠭᠰᠢᠬᠦᠷᠢ ᠶᠢ ᠪᠦᠳᠦᠮᠵᠢᠳᠠᠢ ᠪᠠᠷ ᠰᠡᠷᠭᠡᠶᠢᠯᠡᠨ ᠠᠷᠢᠯᠭᠠᠬᠤ ᠭᠡᠷᠡᠭᠳᠠᠢ᠃ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠨ ᠬᠦᠨᠵᠡᠬᠡᠢ ᠬᠦᠭᠵᠢᠭᠦ ᠶᠢ ᠠᠬᠢᠭᠤᠯᠬᠤ ᠭᠡᠷᠡᠭᠳᠠᠢ᠃ ᠪᠡᠭᠡᠵᠢᠩ ᠲᠢᠶᠠᠨᠵᠢᠨ ᠾᠧᠪᠸᠢ ᠶᠢᠨ ᠬᠦᠭᠵᠢᠯᠲᠡ ᠳᠤ ᠬᠦᠨᠵᠡᠭᠡᠢ ᠠᠭᠤᠰᠤᠯᠴᠠᠵᠤ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠪᠤᠯᠤᠨ ᠵᠡᠬᠦᠨ ᠬᠤᠶᠢᠲᠤ ᠤᠷᠤᠨ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠦ᠂ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠲᠠᠢ ᠦᠢᠯᠡᠴᠢᠯᠡᠨ᠂ ᠢᠳᠡᠪᠬᠢᠳᠠᠢ ᠠᠭᠤᠰᠤᠯᠴᠠᠵᠦ᠂ ᠤᠷᠤᠰ᠂ ᠮᠤᠩᠭᠤᠯ ᠤᠯᠤᠰ ᠯᠤᠭ᠎ᠠ ᠶᠢᠨ ᠬᠠᠮᠳᠤᠷᠠᠯᠴᠠᠭᠠᠨ ᠤ ᠲᠤᠬᠳᠠᠴᠠ ᠶᠢ ᠪᠦᠷᠢᠨᠰᠢᠭᠦᠯᠵᠦ᠂ ᠳᠡᠯᠡᠬᠡᠢ ᠶᠢᠨ ᠪᠠ ᠤᠯᠤᠰ ᠤᠨ ᠲᠤᠳᠤᠭᠠᠳᠦ ᠶᠢᠨ ᠬᠤᠶᠠᠷ ᠶᠡᠭᠡ ᠵᠠᠬ᠎ᠠ ᠲᠡᠯᠭᠡᠬᠦᠷ᠂ ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠰᠠᠶᠢᠲᠤᠷ ᠠᠰᠢᠭᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠡᠭᠡᠭᠡᠯᠳᠡᠳᠦ ᠬᠡᠯᠪᠡᠷᠢ ᠶᠢᠨ ᠠᠵᠦ ᠠᠬᠤᠢ ᠶᠢ ᠬᠦᠭᠵᠢᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠳᠡ ᠶᠢ ᠪᠦᠲᠦᠭᠡᠨ ᠪᠠᠶᠢᠭᠤᠯᠬᠤ ᠭᠡᠷᠡᠭᠳᠠᠢ᠃      ︵ᠬᠤᠶᠠᠷ︶ ᠨᠡᠶᠢᠭᠡᠮ ᠵᠢᠷᠦᠮ ᠤᠨ ᠠᠷᠠᠳᠴᠢᠯᠠᠬᠰᠠᠠ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠬᠤ ᠭᠡᠷᠡᠭᠳᠠᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠤ ᠡᠵᠡᠨ ᠰᠠᠭᠤᠵᠦ ᠡᠷᠭᠡ ᠮᠡᠳᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠬ ᠢᠶᠠᠷ ᠨᠢᠭᠡᠳᠦᠭᠦᠯᠬᠦ ᠶᠢ ᠪᠠᠷᠢᠮᠳᠠᠯᠠᠵᠦ᠂ ᠲᠤᠮᠳᠠᠳᠦ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠤᠨ ᠤᠯᠤᠰ ᠲᠦᠷᠦ ᠶᠢᠨ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠦ᠂ ᠤᠯᠤᠰ ᠲᠦᠷᠦ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠢᠳᠡᠪᠬᠢᠳᠠᠢ ᠳᠤᠭᠲᠠᠭᠤᠨ ᠢᠶᠠᠷ ᠠᠬᠢᠭᠤᠯᠬᠤ ᠭᠡᠷᠡᠭᠳᠠᠢ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠤᠭᠲᠠᠭᠠᠬᠤ ᠡᠷᠭᠡ᠂ ᠬᠢᠨᠠᠯᠳᠠ ᠲᠠᠯᠪᠢᠬᠤ ᠡᠷᠭᠡ᠂ ᠲᠤᠭᠲᠠᠭᠠᠬᠤ ᠡᠷᠭᠡ᠂ ᠲᠤᠮᠢᠯᠠᠵᠦ ᠪᠠᠭᠤᠯᠭᠠᠬᠤ ᠡᠷᠭᠡ ᠪᠠᠨ ᠬᠠᠤᠯᠢ ᠶᠤᠰᠤᠭᠠᠷ ᠬᠡᠷᠡᠭᠵᠢᠭᠦᠯᠬᠦ ᠶᠢ ᠳᠡᠮᠵᠢᠬᠦ ᠪᠠ ᠪᠠᠳᠤᠯᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠭᠡᠷᠡᠭᠳᠠᠢ᠃ ᠲᠤᠮᠳᠠᠳᠦ ᠤᠯᠤᠰ ᠤᠨ ᠡᠪ ᠬᠠᠮᠳᠦ ᠨᠠᠮ ᠤᠨ ᠤᠳᠤᠷᠢᠳᠤᠬᠰᠠᠠ ᠤᠯᠠᠨ ᠨᠠᠮ ᠤᠨ ᠬᠠᠮᠳᠤᠷᠠᠨ ᠠᠵᠢᠯᠯᠠᠬᠤ ᠪᠠ ᠤᠯᠤᠰ ᠲᠦᠷᠦ ᠶᠢᠨ ᠵᠦᠪᠯᠡᠯᠭᠡᠨ ᠬᠢᠬᠦ ᠲᠦᠷᠢᠮ ᠢ ᠪᠠᠷᠢᠮᠳᠠᠯᠠᠨ ᠲᠡᠭᠦᠯᠳᠡᠷᠵᠢᠭᠦᠯᠵᠦ᠂ ᠵᠦᠪᠯᠡᠬᠦ ᠠᠷᠠᠳᠴᠢᠯᠠᠯ ᠤᠨ ᠦᠷᠭᠡᠨ ᠲᠡᠯᠭᠡᠷ᠂ ᠤᠯᠠᠨ ᠲᠠᠪᠬᠤᠷᠭ᠎ᠠ ᠲᠠᠢ᠂ ᠲᠦᠷᠢᠮᠵᠢᠬᠦ ᠬᠦᠭᠵᠢᠯᠳᠠ ᠶᠢ ᠠᠬᠢᠭᠤᠯᠬᠤ ᠭᠡᠷᠡᠭᠳᠠᠢ᠃ ᠦᠨᠳᠦᠰᠦᠨ ᠱᠠᠳᠤᠨ ᠤ ᠠᠷᠠᠳᠴᠢᠯᠠᠯ ᠢ ᠬᠦᠭᠵᠢᠭᠦᠯᠵᠦ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠤᠬᠰᠠᠠ ᠦᠨᠳᠦᠰᠦᠨ ᠱᠠᠳᠤᠨ ᠤ ᠤᠯᠠᠨ ᠲᠦᠮᠡᠨ ᠤ ᠦᠪᠡᠷᠳᠡᠭᠡᠨ ᠵᠠᠰᠠᠬᠤ ᠪᠠᠶᠢᠭᠤᠯᠤᠯ ᠢ ᠲᠡᠭᠦᠯᠳᠡᠷᠵᠢᠭᠦᠯᠬᠦ ᠭᠡᠷᠡᠭᠳᠠᠢ᠃ ᠨᠠᠮ ᠤᠨ ᠦᠨᠳᠦᠰᠦᠲᠡᠨ ᠤ ᠲᠤᠬᠠᠢ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠲᠤᠤᠱᠯᠠᠭᠤᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠶᠡᠭᠡ ᠪᠠᠶᠢᠳᠠᠯ ᠢ ᠲᠠᠰᠤᠷᠠᠯᠳᠠ ᠦᠭᠡᠢ ᠪᠠᠬᠢᠵᠢᠭᠦᠯᠬᠦ ᠭᠡᠷᠡᠭᠳᠠᠢ᠃ ᠬᠠᠤᠯᠢ ᠪᠠᠷ ᠤᠷᠤᠨ ᠢᠶᠠᠨ ᠵᠠᠰᠠᠬᠤ ᠦᠢᠯᠡᠳᠦᠯᠭᠡ ᠶᠢ ᠭᠦᠨᠵᠡᠭᠡᠶᠢᠷᠡᠭᠦᠯᠵᠦ᠂ ᠬᠠᠤᠯᠢᠵᠢᠯ ᠢ ᠴᠢᠩᠭ᠎ᠠ ᠬᠡᠷᠡᠭᠵᠢᠭᠦᠯᠬᠦ ᠶᠢ ᠪᠠᠷᠢᠮᠳᠠᠯᠠᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠤᠭᠲᠠᠭᠠᠬᠤ᠂ ᠬᠠᠤᠯᠢ ᠶᠢ ᠴᠢᠩᠭ᠎ᠠ ᠭᠡᠷᠡᠭᠵᠢᠭᠦᠯᠬᠦ᠂ ᠭᠤᠤᠯᠴᠢ ᠪᠠᠷ ᠬᠠᠤᠯᠢ ᠶᠠᠪᠤᠭᠤᠯᠬᠤ᠂ ᠪᠦᠬᠦ ᠠᠷᠠᠳ ᠢᠶᠠᠷ ᠢᠶᠠᠨ ᠬᠠᠤᠯᠢ ᠶᠢ ᠵᠢᠷᠤᠮᠯᠠᠬᠤ ᠶᠢ ᠬᠦᠨᠵᠡᠭᠡᠢ ᠠᠬᠢᠭᠤᠯᠬᠤ ᠭᠡᠷᠡᠭᠳᠠᠢ᠃ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠨᠠᠮ ᠵᠠᠰᠠᠬ ᠤᠨ ᠰᠠᠯᠠᠭ᠎ᠠ ᠮᠦᠴᠢᠷ ᠵᠢᠴᠢ ᠲᠤᠳᠤᠭᠠᠳᠦ ᠶᠢᠨ ᠪᠠᠶᠢᠭᠤᠯᠤᠮᠵᠢ ᠶᠢᠨ ᠡᠷᠭᠡ ᠡᠭᠦᠷᠭᠡ ᠴᠢᠳᠠᠪᠬᠢ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠦ᠂ ᠡᠭᠦᠷᠭᠡ ᠴᠢᠳᠠᠪᠬᠢ ᠪᠠᠷ ᠠᠳᠠᠯᠢᠪᠳᠤᠷ ᠨᠠᠮ ᠵᠠᠰᠠᠬ ᠤᠨ ᠪᠠᠶᠢᠭᠤᠯᠭ᠎ᠠ ᠶᠢ ᠨᠡᠶᠢᠯᠡᠭᠦᠯᠬᠦ ᠪᠤᠶᠤ ᠵᠠᠬᠢᠷᠭ᠎ᠠ ᠨᠡᠶᠢᠯᠡᠭᠦᠯᠦᠨ ᠠᠯᠪᠠᠯᠠᠬᠤ ᠶᠢ ᠰᠦᠪᠡᠭᠴᠢᠯᠡᠬᠦ ᠭᠡᠷᠡᠭᠳᠠᠢ᠃ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠤᠨᠲ ᠢ ᠪᠠᠬᠢᠵᠢᠭᠦᠯᠦᠨ ᠬᠦᠭᠵᠢᠭᠦᠯᠵᠦ᠂ ᠪᠦᠯᠬᠦᠮᠳᠡᠵᠦ ᠪᠤᠯᠬᠤ ᠬᠦᠴᠦᠨ ᠪᠦᠭᠦᠨ ᠲᠠᠢ ᠪᠦᠯᠬᠦᠮᠳᠡᠵᠦ᠂ ᠰᠢᠨ᠎ᠠ ᠴᠠᠬ ᠦᠶ᠎ᠡ ᠳᠤ ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠦ ᠶᠢᠨ ᠵᠡᠬᠦᠳᠦ ᠶᠢ ᠬᠠᠮᠲᠤᠪᠠᠷ ᠲᠡᠷᠭᠡᠯᠰᠢᠭᠦᠯᠬᠦ ᠳᠤ ᠬᠦᠴᠦᠷᠭᠡᠭ ᠶᠡᠭᠡ ᠨᠡᠶᠢᠯᠡᠯ ᠬᠦᠴᠦᠨ ᠢ ᠨᠢᠭᠲᠠᠷᠠᠭᠤᠯᠬᠤ ᠭᠡᠷᠡᠭᠳᠠᠢ᠃      ︵ᠭᠤᠷᠪᠠ︶ ᠨᠡᠶᠢᠭᠡᠮ ᠵᠢᠷᠦᠮ ᠤᠨ ᠰᠤᠶᠤᠯ ᠤᠨ ᠴᠡᠴᠡᠭᠯᠡᠯᠳᠡ ᠬᠦᠭᠵᠢᠯᠳᠡ ᠶᠢ ᠠᠬᠢᠭᠤᠯᠬᠤ ᠭᠡᠷᠡᠭᠳᠠᠢ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ  ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠮᠦᠨ ᠤ ᠰᠠᠳᠭᠢᠯ ᠳᠤ ᠬᠠᠲᠠᠩᠰᠢᠭᠤᠯᠬᠤ ᠶᠢ ᠠᠬᠢᠭᠤᠯᠵᠤ᠂ ᠮᠠᠷᠺᠰ ᠤᠨ ᠦᠵᠡᠯ ᠤᠨ ᠦᠵᠡᠯ ᠤᠬᠮᠰᠠᠷ ᠤᠨ ᠭᠡᠯᠪᠡᠷᠢ ᠶᠢᠨ ᠬᠦᠷᠢᠶᠠᠨ ᠳᠠᠬᠢ ᠵᠢᠯᠤᠭᠤᠳᠬᠤ ᠪᠠᠶᠢᠷᠢ ᠰᠠᠭᠤᠷᠢ ᠶᠢ ᠪᠠᠬᠢᠵᠢᠭᠦᠯᠵᠦ᠂ ᠦᠨᠳᠦᠰᠦᠳᠠᠨ ᠨᠦᠭᠦᠳ ᠤᠨ ᠠᠷᠠᠳ ᠳᠦᠮᠠᠨ ᠤ ᠪᠦᠯᠭᠦᠮᠳᠡᠨ ᠳᠡᠮᠡᠴᠡᠭᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠵᠤ᠂ ᠪᠠᠭᠢᠯᠠᠯᠳᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠂ ᠦᠵᠡᠯ ᠤᠬᠠᠮᠰᠠᠷ ᠎ ᠤᠨ ᠭᠡᠯᠪᠡᠷᠢ ᠶᠢᠨ ᠠᠵᠢᠯ ᠤᠨ ᠤᠳᠤᠷᠢᠳᠬᠤ ᠡᠷᠭᠡ ᠶᠢ ᠪᠠᠳᠦ ᠡᠵᠡᠮᠰᠢᠬᠦ ᠬᠡᠷᠡᠭᠲᠡᠢ᠃ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠦᠨᠳᠦᠰᠦᠳᠠᠨ ᠤ ᠰᠡᠷᠭᠦᠨ ᠮᠠᠨᠳᠤᠯᠳᠠ ᠶᠢᠨ ᠶᠡᠭᠡ ᠡᠭᠦᠷᠭᠡ ᠶᠢ ᠡᠭᠦᠷᠭᠡᠯᠡᠵᠦ ᠴᠢᠳᠠᠬᠤ ᠴᠠᠭ ᠦᠶ᠎ᠠ ᠶᠢᠨ ᠰᠢᠨ᠎ᠠ ᠭᠦᠮᠦᠨ ᠢ ᠭᠦᠮᠦᠵᠢᠭᠦᠯᠭᠦ ᠪᠠᠷ ᠬᠦᠴᠦᠯᠡᠬᠦ ᠴᠡᠭ ᠪᠣᠯᠭᠠᠵᠤ᠂ ᠭᠦᠮᠦᠵᠢᠯ ᠤᠨ ᠵᠢᠯᠤᠭᠤᠳᠤᠯᠭ᠎ᠠ᠂ ᠦᠢᠯᠡᠳᠦᠯᠭᠡ ᠶᠢᠨ ᠪᠤᠯᠪᠠᠰᠤᠷᠠᠭᠤᠯᠤᠯ᠂ ᠳᠦᠷᠢᠮ ᠎ ᠤᠨ ᠪᠠᠳᠤᠯᠠᠭ᠎ᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠠ ᠶᠢᠨ ᠤᠯᠤᠰ ᠠᠷᠠᠳ ᠤᠨ ᠰᠤᠷᠭᠠᠨ ᠭᠦᠮᠦᠵᠢᠯ᠂ ᠤᠶᠤᠨ ᠤ ᠪᠤᠯᠪᠠᠰᠤᠨ ᠤ ᠪᠠᠶᠢᠭᠤᠯᠤᠯᠲᠠ᠂ ᠤᠶᠤᠨ ᠰᠠᠨᠠᠭ᠎ᠠ ᠰᠤᠶᠤᠯ ᠤᠨ ᠪᠦᠳᠦᠭᠡᠭᠳᠡᠭᠦᠨ ᠢ ᠵᠤᠬᠢᠶᠠᠨ ᠪᠦᠲᠦᠭᠡᠬᠦ ᠦᠢᠯᠡᠳᠪᠤᠷᠢᠯᠡᠬᠦ ᠳᠠᠮᠵᠢᠭᠤᠯᠬᠤ ᠳᠤ ᠦᠵᠡᠭᠦᠯᠭᠦ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢ ᠨᠡᠶᠢᠭᠡᠮ ᠤᠨ ᠭᠦᠭᠵᠢᠯᠳᠠ ᠶᠢᠨ ᠡᠯ᠎ᠠ ᠳᠠᠯ᠎ᠠ ᠳᠤ ᠠᠭᠤᠰᠬᠠᠵᠤ᠂ ᠭᠦᠮᠦᠰ ᠤᠨ ᠬᠠᠶᠢᠷ᠎ᠠ ᠰᠡᠳᠬᠢᠯᠭᠡ ᠶᠢᠨ ᠲᠠᠨᠢᠨ ᠮᠡᠳᠡᠷᠡᠭᠦᠢ ᠪᠡ ᠦᠢᠯᠡ ᠠᠵᠢᠯᠯᠠᠭ᠎ᠠ ᠶᠢᠨ ᠭᠢᠨᠢ ᠳᠠᠳᠬᠠᠯ ᠪᠤᠯᠭᠠᠬᠤ ᠬᠡᠷᠡᠭᠲᠡᠢ᠃ ᠦᠵᠡᠯ ᠰᠠᠨᠠᠭ᠎ᠠ ᠶᠠᠰᠤ ᠮᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠦᠰᠡᠯᠡᠩ ᠢᠳᠡᠭᠡᠯ ᠪᠢᠰᠢᠷᠡᠯ ᠤᠨ ᠭᠦᠮᠦᠵᠢᠯ ᠢᠶᠠᠷ ᠭᠤᠤᠯᠳᠠᠯᠭ᠎ᠠ ᠪᠤᠯᠭᠠᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠪᠠ ᠳᠤᠮᠳᠠᠳᠤ ᠶᠢᠨ ᠵᠡᠭᠦᠳᠦ ᠶᠢᠨ ᠤᠬᠠᠭᠤᠯᠭ᠎ᠠ ᠭᠦᠮᠦᠵᠢᠯ ᠎ ᠢ ᠭᠦᠨᠵᠡᠭᠡᠶᠢᠷᠡᠭᠦᠯᠵᠦ᠂ ᠭᠦᠮᠦᠰ ᠢ ᠵᠢᠯᠤᠭᠤᠳᠤᠨ ᠵᠦᠪ ᠳᠡᠤᠭᠡ ᠶᠢᠨ ᠦᠵᠡᠯᠳᠠ᠂ ᠦᠨᠳᠦᠰᠦᠳᠠᠨ ᠤ ᠦᠵᠡᠯᠳᠠ᠂ ᠤᠯᠤᠰ ᠤᠨ ᠦᠵᠡᠯᠳᠠ᠂ ᠰᠤᠶᠤᠯ ᠤᠨ ᠦᠵᠡᠯᠳᠠ ᠲᠠᠢ ᠪᠤᠯᠭᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠳᠦᠷᠦ ᠶᠢᠨ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠵᠤ᠂ ᠤᠯᠠᠨ ᠳᠦᠮᠠᠨᠴᠢ ᠴᠢᠨᠠᠷᠳᠠᠢ ᠤᠶᠤᠨ ᠤ ᠪᠤᠯᠪᠠᠰᠤᠨ ᠎ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ᠃ ᠤᠯᠠᠮᠵᠢᠯᠠᠨ ᠳᠠᠮᠵᠢᠭᠤᠯᠬᠤ ᠠᠷᠭ᠎ᠠ ᠪᠠᠷᠢᠯ ᠎ ᠤᠨ ᠪᠦᠲᠦᠭᠡᠨ ᠪᠠᠶᠢᠭᠤᠯᠤᠯᠲᠠ ᠪᠠ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠤᠨᠢᠨ ᠮᠡᠳᠡᠭᠡᠨ ᠤ ᠶᠠᠷᠢᠶ᠎ᠠ ᠭᠡᠯᠡᠯᠴᠡᠭᠡ ᠶᠢᠨ ᠤᠯᠠᠮᠵᠢᠯᠠᠨ ᠳᠠᠮᠵᠢᠭᠤᠯᠬᠤ ᠭᠦᠴᠦᠨ᠂ ᠤᠳᠤᠷᠢᠳᠤᠨ ᠳᠠᠭᠠᠭᠤᠯᠬᠤ ᠭᠦᠴᠦᠨ᠂ ᠨᠦᠯᠦᠭᠡᠯᠡᠭᠦ ᠭᠦᠴᠦᠨ᠂ ᠢᠳᠡᠭᠡᠭᠦᠯᠬᠦ ᠭᠦᠴᠦᠨ ᠢ ᠳᠡᠭᠡᠭᠰᠢᠯᠡᠭᠦᠯᠬᠦ ᠬᠡᠷᠡᠭᠲᠡᠢ᠃ ᠠᠷᠠᠳ ᠳᠦᠮᠠᠨ ᠢᠶᠠᠷ ᠭᠤᠤᠯ ᠪᠤᠯᠭᠠᠬᠤ ᠵᠤᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠨᠡᠶᠢᠭᠡᠮ  ᠵᠢᠷᠤᠮ ᠤᠨ ᠤᠳᠬ᠎ᠠ ᠤᠷᠠᠯᠢᠭ ᠢ ᠴᠡᠴᠡᠭᠯᠡᠭᠦᠯᠦᠨ ᠭᠦᠭᠵᠢᠭᠦᠯᠬᠦ ᠬᠡᠷᠡᠭᠲᠡᠢ᠃ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠭᠦᠨᠵᠡᠭᠡᠶᠢᠷᠡᠭᠦᠯᠵᠦ᠂ ᠰᠤᠶᠤᠯ ᠤᠨ ᠠᠵᠢᠯ ᠦᠢᠯᠡᠰ ᠪᠠ ᠰᠤᠶᠤᠯ ᠤᠨ ᠠᠵᠤ ᠦᠢᠯᠡᠰ ᠤᠨ ᠭᠦᠭᠵᠢᠯᠳᠠ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠳᠦ ᠰᠤᠶᠦᠯ ᠢ ᠶᠡᠭᠡᠪᠡᠷ ᠮᠠᠨᠳᠤᠭᠤᠯᠵᠤ᠂ ᠦᠨᠳᠦᠰᠦᠳᠠᠨ ᠤ ᠰᠤᠶᠤᠯ ᠢ ᠬᠠᠮᠠᠭᠠᠯᠠᠬᠤ ᠪᠠ ᠤᠯᠠᠮᠵᠢᠯᠠᠬᠤ ᠶᠢ ᠴᠢᠩᠭᠠᠳᠬᠠᠵᠤ᠂ ᠦᠨᠳᠦᠰᠦᠳᠠᠨ ᠤ ᠰᠤᠶᠤᠯ ᠤᠨ ᠭᠦᠴᠦᠷᠭᠡᠭ ᠤᠷᠤᠨ ᠢ ᠪᠦᠳᠦᠭᠡᠨ ᠪᠠᠶᠢᠭᠤᠯᠬᠤ ᠬᠡᠷᠡᠭᠲᠡᠢ᠃      ︵ᠳᠦᠷᠪᠡ︶ ᠬᠠᠮᠳᠤᠪᠠᠷ ᠪᠠᠶᠢᠭᠤᠯᠵᠤ ᠬᠠᠮᠳᠤᠪᠠᠷ ᠡᠳ᠋ᠯᠡᠭᠦ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠬᠡᠷᠡᠭᠲᠡᠢ᠃ ᠠᠷᠠᠳ ᠳᠦᠮᠠᠨ ᠢᠶᠠᠷ ᠭᠤᠤᠯ ᠪᠤᠯᠭᠠᠬᠤ ᠭᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠢᠮᠠᠭᠳᠠ ᠠᠷᠠᠳ ᠳᠦᠮᠠᠨ ᠤ ᠠᠰᠢᠭ ᠳᠤᠰᠠ ᠶᠢ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠦ᠂ ᠦᠭᠡᠷᠡᠴᠢᠯᠡᠯᠳᠠ ᠭᠦᠭᠵᠢᠯᠳᠠ ᠶᠢᠨ ᠦᠷ᠎ᠠ ᠪᠦᠲᠦᠭᠡᠯ ᠢ ᠦᠨᠳᠦᠰᠦᠳᠠᠨ ᠨᠦᠭᠦᠳ ᠤᠨ ᠠᠷᠠᠳ ᠳᠦᠮᠠᠨ ᠳᠤ ᠨᠡᠩ ᠤᠯᠠᠨ ᠨᠡᠩ ᠡᠷᠭᠡ ᠳᠡᠭᠰᠢ ᠪᠠᠷ  ᠬᠦᠷᠲᠡᠭᠡᠵᠦ᠂ ᠪᠦᠭᠦ ᠠᠷᠠᠳ ᠳᠦᠮᠠᠨ ᠤ ᠬᠠᠮᠳᠤᠪᠡᠷ ᠪᠠᠶᠠᠵᠢᠨ ᠴᠢᠨᠡᠭᠡᠯᠢᠭᠵᠢᠭᠦ ᠶᠢ ᠪᠡᠶᠡᠯᠡᠭᠦᠯᠭᠦ ᠳᠡᠰᠢ ᠳᠠᠰᠤᠷᠠᠯᠳᠠ ᠦᠭᠡᠢ ᠤᠷᠤᠭᠰᠢᠯᠠᠬᠤ ᠬᠡᠷᠡᠭᠲᠡᠢ᠃ ᠴᠢᠳᠠᠯ ᠢᠶᠠᠷ ᠢᠶᠠᠨ ᠴᠢᠷᠮᠠᠶᠢᠵᠤ᠂ ᠴᠢᠳᠠᠬᠤ ᠶᠢᠨ ᠴᠢᠨᠡᠭᠡ ᠪᠠᠷ ᠢᠶᠠᠨ ᠭᠢᠭᠦ ᠶᠢ ᠪᠠᠷᠢᠮᠲᠠᠯᠠᠵᠤ᠂ ᠭᠦᠮᠦᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠭᠦᠮᠦᠨ ᠪᠦᠭᠦᠨ ᠭᠦᠷᠳᠡᠮᠵᠢ ᠲᠠᠢ ᠪᠠᠶᠢᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠢ ᠪᠠᠷᠢᠮᠳᠠᠯᠠᠨ᠂ ᠭᠤᠤᠯᠳᠠᠯᠭ᠎ᠠ ᠶᠢ ᠳᠤᠪᠤᠶᠢᠯᠭᠠᠵᠤ᠂ ᠳᠦᠷᠢᠮ ᠢ ᠲᠡᠭᠦᠯᠳᠡᠷᠵᠢᠭᠦᠯᠵᠦ᠂ ᠵᠢᠱᠢᠯᠳᠠ ᠶᠢ ᠬᠦᠲᠦᠯᠵᠦ᠂ ᠪᠠᠯᠴᠢᠷ ᠲᠤᠨᠢ ᠪᠤᠶᠢᠵᠢᠭᠤᠯᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠦᠮᠦᠵᠢᠯ ᠲᠠᠢ᠂ ᠬᠦᠲᠡᠯᠮᠦᠷᠢᠯᠡᠪᠡᠯ ᠬᠦᠯᠦᠰᠦ ᠤᠯᠭᠤᠮᠵᠢ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠦᠲᠡᠯᠪᠡᠯ ᠬᠦᠷᠲᠡᠬᠦ ᠠᠰᠠᠷᠠᠮᠵᠢ ᠲᠠᠢ᠂ ᠰᠠᠭᠤᠬᠤ ᠠᠴᠠ ᠤᠷᠤᠨ ᠰᠠᠭᠤᠴᠠ ᠲᠠᠢ᠂ ᠪᠠᠭᠤᠷᠠᠶᠢᠴᠤᠤᠯ ᠨᠢ ᠬᠦᠷᠲᠡᠬᠦ ᠲᠤᠰᠠᠯᠠᠮᠵᠢ ᠲᠠᠢ ᠪᠠᠶᠢᠬᠤ ᠶᠢ ᠳᠠᠰᠤᠷᠠᠯᠳᠠ ᠦᠭᠡᠢ ᠰᠢᠨ᠎ᠠ ᠠᠭᠢᠯᠳᠠ ᠲᠠᠢ ᠪᠤᠯᠭᠠᠬᠤ ᠬᠡᠷᠡᠭᠲᠡᠢ᠃ ᠠᠷᠠᠳ ᠳᠦᠮᠠᠨ ᠤ ᠬᠠᠮᠤᠭ ᠠᠴᠠ ᠢᠯᠡᠭᠦᠦ ᠬᠠᠯᠠᠮᠵᠢᠯᠠᠳᠠᠭ ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠳᠤᠰᠠ ᠶᠢᠨ ᠠᠰᠠᠭᠤᠳᠠᠯ ᠢ ᠠᠳᠬᠤᠵᠤ᠂ ᠰᠤᠷᠭᠠᠨ ᠭᠦᠮᠦᠵᠢᠯ ᠎ ᠤᠨ ᠦᠢᠯᠡᠰ ᠢ ᠤᠷᠢᠳᠠᠪᠠᠷ ᠬᠦᠭᠵᠢᠭᠦᠯᠵᠦ᠂ ᠠᠵᠢᠯ ᠤᠯᠭᠤᠯᠳᠠ ᠶᠢᠨ ᠶᠠᠰᠤ ᠴᠢᠨᠠᠷ ᠪᠠ ᠠᠷᠠᠳ ᠳᠦᠮᠠᠨ ᠤ ᠤᠷᠤᠯᠭ᠎ᠠ ᠶᠢᠨ ᠳᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠪᠠᠳᠤᠯᠠᠪᠤᠷᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠠᠬᠤ ᠶᠢ ᠭᠦᠨᠵᠡᠭᠡᠢ ᠠᠬᠢᠭᠤᠯᠵᠤ᠂ ᠡᠷᠡᠭᠦᠯ ᠡᠩᠬᠡ ᠦᠪᠦᠷ ᠮᠤᠩᠭᠤᠯ ᠢ ᠪᠠᠶᠢᠭᠤᠯᠵᠤ᠂ ᠬᠠᠮᠳᠤᠪᠠᠷ ᠪᠠᠶᠢᠭᠤᠯᠤᠨ ᠬᠠᠮᠳᠤᠪᠠᠷ ᠵᠠᠰᠠᠵᠤ ᠬᠠᠮᠳᠤᠪᠠᠷ ᠬᠦᠷᠲᠡᠬᠦ ᠨᠡᠶᠢᠭᠡᠮ ᠤᠨ ᠵᠠᠰᠠᠯᠳᠠ ᠶᠢᠨ ᠪᠠᠶᠢᠷᠢᠰᠢᠯ ᠢ ᠪᠠᠶᠢᠭᠤᠯᠵᠤ᠂ ᠡᠭᠡ ᠤᠯᠤᠰ ᠤᠨ ᠤᠮᠠᠷᠠᠳᠦ ᠭᠢᠯᠢ ᠶᠢᠨ ᠠᠮᠤᠷ ᠳᠦᠪᠰᠢᠨ ᠳᠤᠭᠳᠠᠭᠤᠨ ᠤ ᠬᠠᠯᠬᠠᠪᠴᠢ ᠶᠢ ᠪᠠᠲᠤ ᠴᠤᠭᠴᠠᠯᠠᠨ᠂ ᠡᠯ᠎ᠠ ᠦᠨᠳᠦᠰᠦᠳᠠᠨ ᠤ ᠠᠷᠠᠳ ᠳᠦᠮᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠳᠦ ᠲᠦᠷᠦᠭᠳᠡᠯ᠂ ᠠᠮᠤᠷ ᠳᠦᠪᠰᠢᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃      ︵ᠲᠠᠪᠤ︶ ᠦᠵᠡᠰᠬᠦᠯᠡᠩᠲᠦ ᠰᠠᠶᠢᠬᠠᠨ ᠦᠪᠦᠷ ᠮᠤᠩᠭᠤᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠳᠡᠢ᠃ ᠠᠷᠪᠢᠯᠠᠬᠤ ᠶᠢ ᠲᠡᠷᠢᠬᠦᠨ ᠳᠤ ᠪᠠᠶᠢᠯᠭᠠᠬᠤ᠂ ᠬᠠᠮᠠᠭᠠᠯᠠᠬᠤ ᠶᠢ ᠲᠡᠷᠢᠬᠦᠨ ᠳᠤ ᠪᠠᠶᠢᠯᠭᠠᠬᠤ᠂ ᠠᠶᠠᠨᠳᠠᠭᠠᠨ ᠎ ᠤ ᠰᠡᠷᠬᠦᠯᠳᠡ ᠪᠠᠷ ᠭᠤᠤᠯ ᠪᠤᠯᠭᠠᠬᠤ ᠴᠢᠭᠯᠡᠯᠳᠡ ᠶᠢ ᠪᠠᠷᠢᠮᠲᠠᠯᠠᠵᠦ᠂ ᠡᠨᠧᠷᠬᠢ ᠶᠢ ᠠᠷᠪᠢᠯᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠤᠷᠤᠨ ᠵᠠᠢ ᠶᠢᠨ ᠪᠠᠶᠢᠷᠢᠰᠢᠯ᠂ ᠠᠵᠦ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠬᠡᠯᠪᠡᠷᠢ᠂ ᠠᠮᠢᠲᠤᠷᠠᠯ ᠤᠨ ᠬᠡᠯᠪᠡᠷᠢ ᠶᠢ ᠪᠤᠢ ᠪᠤᠯᠭᠠᠬᠤ ᠶᠢ ᠲᠦᠷᠭᠡᠳᠭᠡᠵᠦ᠂ ᠮᠠᠨ ᠤ ᠤᠯᠤᠰ ᠤᠨ ᠤᠮᠠᠷᠠᠲᠦ ᠶᠢᠨ ᠴᠢᠬᠤᠯᠠ ᠪᠦᠬᠦᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠬᠡᠷᠡᠭᠳᠡᠢ᠃ ᠪᠤᠬᠢᠷᠲᠤᠯ ᠦᠬᠡᠢ ᠲᠤᠤᠷ᠎ᠠ ᠨᠡᠬᠦᠷᠡᠰᠦᠳᠦ᠋ᠷᠦᠭᠴᠢᠲᠦ ᠪᠠᠭ᠎ᠠ ᠡᠷᠬᠢᠯᠳᠡᠲᠦ ᠬᠦᠭᠵᠢᠯᠳᠡ ᠶᠢᠨ ᠠᠵᠦ ᠠᠬᠤᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠵᠦ᠂ ᠡᠨᠧᠷᠬᠢ ᠶᠢᠨ ᠦᠢᠯᠡᠳᠪᠦᠷᠢᠯᠡᠯ ᠪᠠ ᠭᠡᠷᠡᠭᠯᠡᠭᠡᠨ ᠤ ᠬᠤᠪᠢᠰᠬᠠᠯ ᠢ ᠠᠬᠢᠭᠤᠯᠵᠦ᠂ ᠤᠯᠠᠮᠵᠢᠯᠠᠯᠲᠦ ᠠᠵᠦ ᠦᠢᠯᠡᠰ ᠤᠨ ᠪᠤᠬᠢᠷᠲᠤᠯ ᠦᠬᠡᠢ ᠦᠬᠡᠷᠡᠴᠢᠯᠡᠯᠳᠡ ᠶᠢ ᠠᠬᠢᠭᠤᠯᠵᠦ᠂ ᠪᠤᠬᠢᠷᠲᠤᠯ ᠦᠬᠡᠢ ᠬᠦᠭᠵᠢᠯᠳᠡ ᠶᠢᠨ ᠲᠦᠪᠰᠢᠨ ᠢ ᠲᠡᠭᠡᠭᠰᠢᠯᠡᠬᠦᠯᠬᠦ ᠬᠡᠷᠡᠭᠳᠡᠢ᠃ ᠠᠮᠢ ᠠᠬᠤᠢ ᠶᠢᠨ ᠰᠢᠰᠲ᠋ᠧᠮᠵᠢ ᠶᠢᠨ ᠬᠠᠮᠠᠭᠠᠯᠠᠯᠳᠠ ᠶᠢᠨ ᠡᠷᠴᠢᠮ ᠢ ᠴᠢᠩᠭᠠᠷᠠᠭᠤᠯᠵᠤ᠂ ᠠᠭᠤᠯᠠ ᠤᠰᠤ ᠤᠢ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠤᠨ ᠰᠢᠰᠲ᠋ᠧᠮᠵᠢ ᠶᠢᠨ ᠵᠠᠰᠠᠯᠲᠠ ᠶᠢ ᠨᠢᠬᠡᠲᠦᠯᠳᠡᠢ ᠲᠦᠯᠦᠪᠵᠢᠬᠦᠯᠦᠨ᠂ ᠴᠢᠬᠤᠯᠠ ᠪᠦᠬᠦᠢ ᠠᠮᠢ ᠠᠬᠤᠢ ᠶᠢᠨ ᠰᠢᠰᠲ᠋ᠧᠮᠵᠢ ᠶᠢ ᠬᠠᠮᠠᠭᠠᠯᠠᠬᠤ ᠪᠠ ᠰᠡᠷᠬᠦᠬᠡᠬᠦ ᠴᠢᠬᠤᠯᠠ ᠶᠡᠭᠡ ᠢᠨᠵᠧᠨᠧᠷᠢᠩ ᠢ ᠭᠡᠷᠡᠭᠵᠢᠬᠦᠯᠬᠦ ᠬᠡᠷᠡᠭᠳᠡᠢ᠃ ᠠᠮᠢ ᠠᠬᠤᠢ ᠬᠡᠪᠡᠷᠡᠭ ᠭᠠᠵᠠᠷ ᠤᠷᠤᠨ ᠤ ᠬᠠᠮᠠᠭᠠᠯᠠᠯᠲᠠ ᠪᠠ ᠵᠠᠰᠠᠯᠲᠠ ᠶᠢ ᠴᠢᠩᠭᠠᠳᠬᠠᠵᠦ᠂ ᠨᠤᠭᠤ ᠭᠠᠵᠠᠷ ᠢ ᠬᠠᠮᠠᠭᠠᠯᠠᠬᠤ ᠪᠠ ᠰᠡᠷᠬᠦᠬᠡᠬᠦ ᠶᠢ ᠴᠢᠩᠭᠠᠳᠬᠠᠵᠦ᠂ ᠠᠮᠢ ᠠᠬᠤᠢ ᠶᠢᠨ ᠰᠢᠰᠲ᠋ᠧᠮᠵᠢ ᠶᠢᠨ ᠶᠠᠰᠦ ᠴᠢᠨᠠᠷ ᠪᠠ ᠲᠤᠭᠲᠠᠭᠤᠨ ᠴᠢᠨᠠᠷ ᠢ ᠲᠡᠭᠡᠭᠰᠢᠯᠡᠬᠦᠯᠵᠦ᠂ ᠠᠮᠢ ᠠᠬᠤᠢ ᠶᠢᠨ ᠦᠢᠯᠡᠴᠢᠯᠡᠭᠡᠨ ᠤ ᠴᠢᠲᠠᠪᠬᠢ ᠶᠢ ᠦᠷᠬᠦᠯᠵᠢᠯᠡᠨ ᠨᠡᠮᠡᠭᠳᠡᠬᠦᠯᠬᠦ ᠬᠡᠷᠡᠭᠳᠡᠢ᠃ ᠭᠤᠤᠯ ᠴᠢᠲᠠᠪᠬᠢᠲᠦ ᠤᠷᠤᠨ ᠤ ᠲᠦᠯᠦᠪᠵᠢᠬᠦᠯᠬᠡ ᠶᠢ ᠨᠠᠶᠢᠳᠠᠪᠤᠷᠢᠵᠢᠭᠤᠯᠵᠤ᠂ ᠵᠠᠬ᠎ᠠ ᠲᠡᠯᠭᠡᠬᠦᠷᠴᠢᠯᠡᠭᠰᠡᠨ᠂ ᠤᠯᠠᠨ ᠡᠰᠢᠴᠢᠯᠡᠭᠰᠡᠨ ᠠᠮᠢ ᠠᠬᠤᠢ ᠶᠢᠨ ᠨᠦᠬᠦᠪᠦᠷᠢ ᠶᠢᠨ ᠲᠤᠭᠲᠠᠴᠠ ᠶᠢ ᠪᠠᠶᠢᠭᠤᠯᠬᠤ ᠬᠡᠷᠡᠭᠳᠡᠢ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠢᠳᠡᠬᠡᠮᠵᠢ ᠶᠢᠨ ᠦᠨᠡᠯᠡᠯᠳᠡ᠂ ᠮᠡᠳᠡᠭᠡ ᠵᠠᠩᠬᠢ ᠶᠢ ᠠᠯᠪᠠᠲᠠᠯᠭ᠎ᠠ ᠶᠢᠨ ᠴᠢᠨᠠᠷᠲᠠᠢ ᠪᠠᠷ ᠵᠠᠳᠠᠷᠠᠭᠤᠯᠬᠤ᠂ ᠴᠢᠩᠭ᠎ᠠ ᠰᠢᠳᠭᠡᠵᠦ ᠬᠦᠨᠲᠦ ᠪᠠᠷ ᠲᠤᠷᠠᠭᠠᠬᠤ ᠵᠡᠷᠭᠡ ᠲᠦᠷᠢᠮ ᠢ ᠪᠦᠷᠢᠨᠰᠢᠬᠦᠯᠵᠦ᠂ ᠬᠢᠵᠠᠭᠠᠷᠯᠠᠬᠤ ᠪᠠ ᠵᠤᠷᠢᠭᠵᠢᠭᠤᠯᠬᠤ ᠶᠢ ᠵᠡᠷᠭᠡᠪᠡᠷ ᠬᠡᠷᠡᠭᠵᠢᠬᠦᠯᠬᠦ ᠠᠮᠢ ᠠᠬᠤᠢ ᠶᠢᠨ ᠪᠤᠯᠪᠠᠰᠦᠨ ᠤ ᠲᠦᠷᠢᠮ ᠤᠨ ᠰᠢᠰᠲ᠋ᠧᠮᠵᠢ ᠶᠢ ᠲᠦᠷᠬᠡᠳᠭᠡᠨ ᠪᠠᠶᠢᠭᠤᠯᠬᠤ ᠬᠡᠷᠡᠭᠳᠡᠢ᠃ ᠠᠮᠢ ᠠᠬᠤᠢ ᠶᠢᠨ ᠤᠷᠴᠢᠨ ᠲᠤᠭᠤᠷᠢᠨ ᠤ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠦᠬᠡᠷᠡᠴᠢᠯᠡᠵᠦ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠠᠴᠠ ᠡᠮᠦᠨᠡᠬᠢ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠢᠨᠠᠨ ᠪᠤᠲᠤᠯᠲᠠ ᠶᠢ ᠦᠷᠨᠢᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠬᠰᠠᠨ ᠬᠠᠷᠢᠭᠤᠴᠠᠯᠭ᠎ᠠ ᠶᠢ ᠨᠠᠰᠦᠨ ᠲᠤᠷᠰᠢᠳᠠ ᠨᠡᠭᠡᠮᠵᠢᠯᠡᠬᠦ ᠲᠦᠷᠢᠮ ᠢ ᠲᠡᠬᠦᠯᠳᠡᠷᠵᠢᠬᠦᠯᠬᠦ ᠬᠡᠷᠡᠭᠳᠡᠢ᠃      ᠵᠢᠷᠭᠤᠭ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠦᠭᠵᠢᠭᠦᠯᠬᠦ ᠶᠢ ᠠᠬᠢᠭᠤᠯᠬᠤ ᠬᠡᠷᠡᠭᠲᠡᠢ      ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠎ ᠶᠢᠨ ᠪᠠᠶᠢᠭᠤᠯᠤᠯᠲᠠ᠂ ᠦᠵᠠᠯ ᠰᠠᠨᠠᠭᠠᠨ ᠤ ᠪᠠᠶᠢᠭᠤᠯᠤᠯᠲᠠ᠂ ᠵᠤᠬᠢᠶᠠᠨ ᠪᠠᠶᠢᠭᠤᠯᠤᠯᠲᠠ ᠶᠢᠨ ᠴᠤᠬᠴᠠᠯᠠᠯᠳᠠ᠂ ᠰᠤᠷᠳᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠲᠦᠷᠢᠮ ᠎ ᠤᠨ ᠪᠠᠶᠢᠭᠤᠯᠤᠯᠲᠠ ᠶᠢ ᠲᠡᠬᠦᠨ ᠤ ᠲᠤᠮᠳᠠ ᠨᠡᠪᠲᠡᠷᠡᠭᠦᠯᠵᠦ᠂ ᠢᠯᠵᠢᠷᠠᠯ ᠢ ᠡᠰᠡᠷᠬᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠶᠠᠰᠦ ᠴᠢᠨᠠᠷ ᠢ ᠲᠠᠰᠤᠷᠠᠯᠲᠠ ᠦᠭᠡᠢ ᠲᠡᠬᠡᠭᠰᠢᠯᠡᠬᠦᠯᠬᠦ ᠬᠡᠷᠡᠭᠳᠡᠢ᠃      ︵ᠨᠢᠬᠡ︶ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠦᠯᠳᠡᠢ ᠵᠢᠯᠤᠭᠤᠳᠤᠯᠤᠨ᠂ ᠲᠠᠷᠢᠬᠦᠨ ᠎ ᠳᠤ ᠲᠠᠯᠪᠢᠬᠤ ᠶᠢ ᠪᠠᠷᠢᠮᠲᠠᠯᠠᠬᠤ ᠬᠡᠷᠡᠭᠳᠡᠢ᠃ ︽ᠲᠦᠷᠪᠡᠨ ᠤᠬᠠᠮᠰᠠᠷ︾᠎ ᠢ ᠴᠢᠩᠭᠠᠳᠬᠠᠵᠤ᠂ ᠨᠠᠮ ᠤᠨ ᠤᠯᠤᠰ ᠲᠦᠷᠦ ᠶᠢᠨ ᠱᠤᠭᠤᠮ ᠢ ᠭᠤᠶᠢᠪᠢᠰᠢ ᠦᠬᠡᠢ ᠬᠡᠷᠡᠭᠵᠢᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠤᠯᠤᠨ ᠤᠯᠤᠰ ᠲᠦᠷᠦ ᠶᠢᠨ ᠶᠤᠰᠤ ᠲᠦᠷᠢᠮ ᠢ ᠴᠢᠩᠳᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠳᠡᠢ᠃ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠦᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠳᠡ ᠪᠤᠯᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠬᠡᠷᠡᠭᠵᠢᠬᠦᠯᠬᠦ ᠬᠡᠷᠡᠭᠳᠡᠢ᠃ ᠨᠠᠮ ᠤᠨ ᠲᠦᠷᠢᠮ ᠪᠤᠯᠤᠨ ᠨᠠᠮ ᠤᠨ ᠲᠤᠳᠤᠭᠠᠳᠤᠬᠢ ᠤᠯᠤᠰ ᠲᠦᠷᠦ ᠎ ᠶᠢᠨ ᠠᠮᠢᠳᠦᠷᠠᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠵᠤ᠂ ᠠᠷᠠᠳᠴᠢᠯᠠᠯ ᠲᠦᠪᠯᠡᠷᠡᠯ ᠤᠨ ᠲᠦᠷᠢᠮ ᠢ ᠪᠠᠷᠢᠮᠳᠠᠯᠠᠨ ᠲᠡᠭᠦᠯᠳᠡᠷᠵᠢᠭᠦᠯᠵᠦ᠂ ᠴᠢᠬᠤᠯᠠ ᠶᠡᠭᠡ ᠠᠰᠠᠭᠤᠳᠠᠯ ᠲᠡᠭᠡᠷ᠎ᠡ ᠲᠡᠭᠡᠭᠰᠢ ᠮᠡᠳᠡᠬᠦᠯᠦᠨ ᠵᠢᠭᠠᠪᠤᠷᠢ ᠠᠪᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠨᠠᠮ ᠤᠨ ᠲᠤᠳᠤᠭᠠᠳᠤᠬᠢ ᠤᠯᠤᠰ ᠲᠦᠷᠦ ᠰᠤᠶᠤᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠪᠤᠷ ᠴᠢᠬᠡᠴᠢ ᠰᠤᠷᠳᠠᠯ ᠲᠦᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠬᠡᠷᠡᠭᠳᠡᠢ᠃ ᠨᠠᠮᠴᠢ ᠴᠢᠨᠡᠷ ᠤᠨ ᠪᠤᠯᠪᠠᠰᠤᠷᠠᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠡᠬᠦᠷᠬᠡᠯᠡᠯ ᠢᠶᠠᠨ ᠴᠢᠩᠭᠠᠳᠬᠠᠨ᠂ ᠤᠯᠤᠰ ᠲᠦᠷᠦ ᠶᠢᠨ ᠤᠬᠠᠮᠰᠠᠷᠡᠯ ᠪᠠ ᠤᠯᠤᠰ ᠲᠦᠷᠦ ᠶᠢᠨ ᠴᠢᠳᠡᠪᠦᠷᠢ ᠪᠠᠨ ᠲᠡᠭᠡᠭᠰᠢᠯᠡᠬᠦᠯᠬᠦ ᠬᠡᠷᠡᠭᠳᠡᠢ᠃      ︵ᠬᠤᠶᠠᠷ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠨᠠᠮ ᠤᠨ ᠺᠠᠳ᠋ᠷ ᠢ ᠵᠡᠪᠰᠡᠭᠯᠡᠬᠦ ᠬᠡᠷᠡᠭᠳᠡᠢ᠃ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠦᠮᠦᠵᠢᠯ ᠢ ᠬᠦᠨᠵᠡᠬᠡᠢ ᠦᠷᠨᠢᠬᠦᠯᠵᠦ᠂ ᠦᠷᠬᠡᠨ ᠤᠯᠠᠨ ᠨᠠᠮ ᠤᠨ ᠬᠡᠰᠢᠬᠦᠨ ᠢ ᠬᠦᠳᠦᠯᠦᠨ ᠵᠢᠯᠤᠭᠤᠳᠴᠦ ᠬᠦᠰᠡᠯᠡᠩ ᠢᠳᠡᠬᠡᠯ ᠪᠢᠰᠢᠷᠡᠯ ᠢ ᠪᠠᠳᠤᠳᠬᠠᠨ᠂ ᠨᠠᠮ ᠤᠨ ᠵᠤᠷᠢᠯᠳᠠ ᠶᠢ ᠪᠠᠲᠤ ᠴᠡᠬᠡᠵᠢᠯᠡᠵᠦ᠂ ︽ᠲᠦᠷᠪᠡᠨ ᠢᠳᠡᠬᠡᠯ︾᠎ ᠢ ᠨᠡᠮᠡᠭᠳᠡᠬᠦᠯᠬᠦ ᠬᠡᠷᠡᠭᠳᠡᠢ᠃ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠬᠦᠯᠬᠦ ᠶᠢ ᠠᠬᠢᠭᠤᠯᠵᠦ᠂ ︽ᠤᠭ ᠰᠠᠨᠠᠭ᠎ᠠ ᠪᠠᠨ ᠦᠯᠦ ᠮᠠᠷᠳᠠᠵᠦ᠂ ᠡᠬᠦᠷᠬᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ︾ ᠭᠤᠤᠯ ᠰᠡᠳᠦᠪᠲᠦ ᠬᠦᠮᠦᠵᠢᠯ ᠢ ᠦᠨᠡᠨ ᠪᠠᠳᠤᠳᠠᠢ ᠦᠷᠨᠢᠬᠦᠯᠬᠦ ᠬᠡᠷᠡᠭᠳᠡᠢ᠃ ᠤᠨᠤᠯ ᠢ ᠪᠤᠳᠠᠳᠠᠢ ᠲᠠᠢ ᠤᠶᠠᠯᠳᠤᠭᠤᠯᠬᠤ ᠶᠢ ᠪᠠᠷᠢᠮᠳᠠᠯᠠᠵᠦ᠂ ᠰᠤᠷᠤᠯᠴᠠᠭᠰᠠᠨ ᠦᠷ᠎ᠡ ᠪᠦᠳᠦᠮᠵᠢ ᠪᠠᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠠᠵᠢᠯ ᠦᠢᠯᠡᠰ ᠤᠨ ᠬᠦᠭᠵᠢᠯᠳᠡ ᠶᠢ ᠠᠬᠢᠭᠤᠯᠬᠤ ᠠᠮᠢᠳᠤᠯᠢᠭ ᠦᠢᠯᠡᠳᠦᠯᠬᠡ ᠪᠤᠯᠭᠠᠨ ᠬᠤᠪᠢᠷᠠᠭᠤᠯᠬᠤ ᠬᠡᠷᠡᠭᠳᠡᠢ᠃      ︵ᠭᠤᠷᠪᠠ︶ ᠦᠨᠳᠦᠷ ᠬᠡᠪ ᠪᠤᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠳᠡᠢ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠪᠠ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠡᠯ᠎ᠡ ᠱᠠᠳᠤᠨ ᠤ ᠤᠳᠤᠷᠢᠳᠬᠤ ᠪᠠᠭ ᠲᠤ ᠰᠢᠯᠢᠳᠡᠭ ᠰᠠᠶᠢᠨ ᠢ ᠨᠢ ᠰᠤᠩᠭᠤᠨ ᠲᠤᠬᠢᠷᠠᠭᠤᠯᠬᠤ ᠬᠡᠷᠡᠭᠳᠡᠢ᠃ ᠲᠤᠰᠬᠠᠢ ᠮᠡᠷᠭᠡᠵᠢᠯ ᠤᠨ ᠴᠢᠳᠠᠪᠤᠷᠢ᠂ ᠲᠤᠰᠬᠠᠢ ᠮᠡᠷᠭᠡᠵᠢᠯ ᠤᠨ ᠵᠤᠷᠢᠭ ᠰᠠᠨᠠᠭ᠎ᠠ ᠶᠢ ᠪᠤᠢ ᠪᠤᠯᠭᠠᠬᠤ ᠶᠢ ᠴᠢᠬᠤᠯᠠᠴᠢᠯᠠᠵᠦ᠂ ᠰᠤᠷᠤᠯᠴᠠᠬᠤ ᠴᠢᠳᠠᠪᠤᠷᠢ᠂ ᠤᠯᠤᠰ ᠲᠦᠷᠦ ᠶᠢᠨ ᠤᠳᠤᠷᠢᠳᠬᠤ ᠴᠢᠳᠠᠪᠤᠷᠢ᠂ ᠦᠭᠡᠷᠡᠴᠢᠯᠡᠯᠳᠡ ᠬᠢᠵᠦ ᠰᠢᠨ᠎ᠡ ᠶᠢ ᠡᠭᠦᠳᠭᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ ᠴᠢᠳᠡᠪᠤᠷᠢ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ᠂ ᠤᠯᠠᠨ ᠲᠦᠮᠡᠨ ᠳᠤ ᠠᠵᠢᠯ ᠬᠢᠬᠦ ᠴᠢᠳᠠᠪᠤᠷᠢ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠳᠠᠪᠤᠷᠢ᠂ ᠲᠦᠭᠰᠢᠭᠦᠷᠢ ᠶᠢ ᠡᠵᠡᠮᠳᠡᠬᠦ ᠴᠢᠳᠡᠪᠤᠷᠢ ᠪᠠᠨ ᠲᠡᠭᠡᠭᠰᠢᠯᠡᠭᠦᠯᠬᠦ ᠬᠡᠷᠡᠭᠳᠡᠢ᠃ ᠵᠠᠯᠠᠭᠤ ᠺᠠᠳ᠋ᠷ ᠢ ᠶᠡᠬᠡᠪᠡᠷ ᠢᠯᠡᠷᠡᠭᠦᠯᠦᠨ ᠨᠦᠬᠡᠴᠡᠯᠡᠵᠦ᠂ ᠦᠨᠳᠦᠰᠦᠨ ᠱᠠᠳᠤᠨ ᠤ ᠨᠢᠭᠡᠳᠦᠭᠡᠷ ᠹᠷᠤᠨᠲ ᠪᠠ ᠬᠦᠴᠢᠷᠳᠡᠯᠳᠡᠢ ᠬᠠᠳᠠᠭᠤᠵᠢᠯᠳᠠᠢ ᠭᠠᠵᠠᠷ ᠤᠷᠤᠨ ᠳᠤ ᠵᠠᠯᠠᠭᠤ ᠺᠠᠳ᠋ᠷᠴᠤᠳ ᠢ ᠲᠠᠪᠳᠠᠨ ᠪᠤᠯᠪᠠᠰᠤᠷᠠᠭᠤᠯᠬᠤ ᠶᠢ ᠴᠢᠬᠤᠯᠠᠴᠢᠯᠠᠬᠤ ᠬᠡᠷᠡᠭᠳᠡᠢ᠃ ᠡᠮᠡᠭᠳᠡᠢ ᠺᠠᠳ᠋ᠷ᠂ ᠴᠦᠭᠡᠨ ᠲᠤᠭᠠᠲᠤ ᠦᠨᠳᠦᠰᠦᠳᠡᠨ ᠤ ᠺᠠᠳ᠋ᠷ ᠪᠤᠯᠤᠨ ᠨᠠᠮ ᠤᠨ ᠭᠠᠳᠠᠨᠠᠬᠢ ᠺᠠᠳ᠋ᠷ ᠢ ᠬᠦᠮᠦᠵᠢᠬᠦᠯᠦᠨ ᠰᠢᠯᠢᠨ ᠲᠡᠪᠰᠢᠭᠦᠯᠬᠦ ᠠᠵᠢᠯ ᠢ ᠨᠢᠭᠡᠳᠦᠯᠳᠡᠢ ᠲᠦᠯᠦᠪᠵᠢᠬᠦᠯᠦᠨ ᠰᠠᠶᠢᠲᠤᠷ ᠬᠢᠬᠦ ᠬᠡᠷᠡᠭᠳᠡᠢ᠃ ᠠᠵᠢᠯ ᠠᠴᠠ ᠪᠠᠨ ᠲᠠᠷᠬᠠᠯᠠᠬᠳᠠᠬᠰᠠᠨ ᠪᠠ ᠠᠵᠢᠯ ᠠᠴᠠ ᠪᠠᠨ ᠠᠮᠠᠷᠠᠬᠰᠠᠨ ᠺᠠᠳ᠋ᠷᠴᠤᠳ ᠤᠨ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠳᠡᠢ᠃ ᠺᠠᠳ᠋ᠷᠴᠤᠳ ᠢ ᠬᠢᠨᠠᠨ ᠰᠢᠯᠭᠠᠵᠤ ᠦᠨᠡᠯᠡᠬᠦ ᠲᠤᠬᠳᠠᠴᠠ ᠶᠢ ᠲᠡᠭᠦᠯᠳᠡᠷᠵᠢᠭᠦᠯᠦᠨ᠂ ᠵᠤᠷᠢᠭᠵᠢᠭᠤᠯᠬᠤ ᠲᠤᠬᠳᠠᠴᠠ ᠪᠠ ᠠᠯᠳᠠᠭ᠎ᠠ ᠶᠢ ᠠᠭᠤᠴᠢᠯᠠᠵᠦ ᠠᠯᠳᠠᠭ᠎ᠠ ᠶᠢ ᠵᠠᠯᠠᠷᠠᠭᠤᠯᠬᠤ ᠲᠤᠬᠳᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠳᠡᠢ᠃ ᠨᠠᠮ ᠠᠴᠠ ᠴᠢᠳᠠᠪᠤᠷᠢᠳᠡᠨ ᠢ ᠬᠠᠮᠢᠶᠠᠷᠬᠤ ᠵᠠᠷᠴᠢᠮ ᠢ ᠪᠠᠷᠢᠮᠳᠠᠯᠠᠨ᠂ ᠴᠢᠳᠠᠪᠤᠷᠢᠳᠠᠨ ᠢᠶᠠᠷ ᠤᠷᠤᠨ ᠢᠶᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠪᠡ ︽ᠲᠠᠯ᠎ᠠ ᠨᠤᠳᠤᠭ ᠤᠨ ᠰᠤᠳᠤᠨ ᠴᠢᠳᠠᠪᠤᠷᠢᠳᠠᠨ︾᠎ ᠤ ᠢᠨᠵᠧᠨᠧᠷᠢᠩ ᠢ ᠬᠡᠷᠡᠭᠵᠢᠭᠦᠯᠵᠦ᠂ ᠴᠢᠳᠠᠪᠤᠷᠢᠳᠠᠨ ᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠬᠦ ᠬᠡᠷᠡᠭᠳᠡᠢ᠃      ︵ᠲᠦᠷᠪᠡ︶ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢ ᠪᠦᠬᠦ ᠲᠡᠯ᠎ᠠ ᠪᠠᠷ ᠴᠢᠩᠭᠠᠳᠬᠠᠬᠤ ᠬᠡᠷᠡᠭᠳᠡᠢ᠃ ᠵᠤᠬᠢᠶᠠᠨ ᠪᠠᠶᠢᠭᠤᠯᠬᠤ ᠬᠦᠴᠦᠨ ᠢ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠨ᠂ ᠤᠯᠤᠰ ᠲᠦᠷᠦ ᠶᠢᠨ ᠴᠢᠳᠡᠪᠬᠢ ᠶᠢ ᠳᠤᠪᠤᠶᠢᠯᠭᠠᠨ᠂ ᠦᠨᠳᠦᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠳᠡ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠳᠡᠢ᠃ ᠨᠠᠮ ᠤᠨ ᠠᠯᠢᠪᠡ ᠠᠵᠢᠯ ᠨᠠᠮ ᠤᠨ ᠡᠭᠦᠷ ᠲᠤ ᠬᠦᠷᠬᠦ ᠢᠯᠡ ᠲᠤᠳᠤ ᠤᠳᠤᠷᠢᠳᠤᠮᠵᠢ ᠶᠢ ᠪᠤᠢ ᠪᠤᠯᠭᠠᠨ᠂ ︽ᠭᠤᠷᠪᠡᠨ ᠬᠤᠷᠡᠯ ᠨᠢᠬᠡ ᠬᠢᠴᠢᠶᠡᠯ︾᠎ ᠤᠨ ᠲᠦᠷᠢᠮ ᠢ ᠪᠠᠷᠢᠮᠳᠠᠯᠠᠨ᠂ ᠨᠠᠮ ᠤᠨ ᠡᠬᠦᠷ ᠤᠨ ᠡᠬᠦᠷᠬᠡ ᠬᠠᠷᠢᠭᠤᠴᠠᠯᠭ᠎ᠠ ᠪᠠᠨ ᠯᠠᠪᠳᠠᠭᠤᠨ ᠬᠢᠨᠠᠮᠠᠭᠠᠢ ᠬᠦᠢᠴᠡᠳᠭᠡᠬᠦ ᠶᠢ ᠠᠬᠢᠭᠤᠯᠵᠦ᠂ ᠨᠠᠮ ᠤᠨ ᠬᠡᠰᠢᠬᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠬᠦᠳᠦᠯᠦᠨ ᠵᠢᠯᠤᠭᠤᠳᠬᠤ ᠬᠡᠷᠡᠭᠳᠡᠢ᠃ ︽ᠤᠮᠠᠷᠠᠳᠦ ᠶᠢᠨ ᠬᠤᠰᠢᠭᠤᠴᠢ︾ ᠢᠨᠵᠧᠨᠧᠷᠢᠩ ᠪᠤᠯᠤᠨ ᠦᠵᠡᠯ ᠰᠠᠨᠠᠭ᠎ᠠ ᠪᠠᠷ ᠬᠢᠯᠢ ᠪᠠᠨ ᠴᠤᠭᠴᠠᠯᠠᠬᠤ᠂ ᠵᠤᠬᠢᠶᠠᠨ ᠪᠠᠶᠢᠭᠤᠯᠤᠯᠲᠠ ᠪᠠᠷ ᠬᠢᠯᠢ ᠪᠠᠨ ᠪᠠᠬᠢᠵᠢᠬᠦᠯᠬᠦ᠂ ᠠᠷᠠᠳ ᠢ ᠪᠠᠶᠠᠵᠢᠭᠤᠯᠬᠤ ᠪᠠᠷ ᠬᠢᠯᠢ ᠪᠠᠨ ᠮᠠᠨᠳᠤᠭᠤᠯᠬᠤ᠂ ᠬᠠᠪᠰᠤᠷᠤᠨ ᠲᠡᠳᠬᠦᠬᠦ ᠪᠠᠷ ᠬᠢᠯᠢ ᠪᠠᠨ ᠬᠦᠴᠦᠷᠭᠡᠭᠵᠢᠬᠦᠯᠬᠦ᠂ ᠬᠠᠮᠳᠤᠪᠠᠷ ᠪᠠᠶᠢᠭᠤᠯᠬᠤ ᠪᠠᠷ ᠬᠢᠯᠢ ᠪᠠᠨ ᠲᠤᠭᠳᠠᠭᠤᠨ ᠪᠠᠶᠢᠯᠭᠠᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠬᠦ ᠬᠡᠷᠡᠭᠳᠡᠢ᠃ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠠ ᠪᠠ ᠠᠵᠢᠯᠯᠠᠭᠠᠨ ᠤ ᠬᠡᠯᠪᠡᠷᠢ ᠶᠢᠨ ᠰᠢᠨ᠎ᠠ ᠶᠢ ᠡᠬᠦᠳᠴᠦ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠲᠠᠭᠠᠭᠤᠯᠤᠬᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠳᠡᠢ᠃ ᠨᠠᠮ ᠤᠨ ᠳᠤᠳᠤᠭᠠᠳᠦ ᠶᠢᠨ ᠦᠨᠳᠦᠰᠤᠨ ᠱᠠᠳᠤᠨ ᠤ ᠠᠷᠠᠳᠴᠢᠯᠡᠯ ᠢ ᠦᠷᠭᠡᠳᠭᠡᠨ᠂ ᠨᠠᠮ ᠤᠨ ᠠᠵᠢᠯ ᠢ ᠢᠯᠡ ᠪᠤᠯᠭᠠᠬᠤ ᠶᠢ ᠠᠬᠢᠭᠤᠯᠬᠤ ᠬᠡᠷᠡᠭᠳᠡᠢ᠃ ᠨᠠᠮ ᠤᠨ ᠳᠤᠳᠤᠭᠠᠳᠦ ᠶᠢᠨ ᠵᠤᠷᠢᠭᠵᠢᠭᠤᠯᠤᠨ ᠤᠷᠮᠠᠰᠢᠭᠤᠯᠬᠤ ᠬᠠᠯᠠᠮᠵᠢᠯᠠᠨ ᠳᠡᠳᠬᠦᠬᠦ ᠶᠢ ᠴᠢᠩᠭᠠᠳᠬᠠᠬᠤ ᠬᠡᠷᠡᠭᠳᠡᠢ᠃ ᠨᠠᠮ ᠤᠨ ᠬᠡᠰᠢᠬᠦᠨ ᠤ ᠬᠦᠭᠵᠢᠯᠳᠡ ᠶᠢᠨ ᠶᠠᠰᠦ ᠴᠢᠨᠡᠷ ᠢ ᠲᠡᠭᠡᠭᠰᠢᠯᠡᠬᠦᠯᠦᠨ᠂ ᠨᠠᠮ ᠤᠨ ᠬᠡᠰᠢᠬᠦᠨ ᠤ ᠬᠦᠮᠦᠵᠢᠯ ᠬᠠᠮᠢᠶᠠᠷᠤᠯᠳᠠ ᠶᠢ ᠴᠢᠩᠭᠠᠳᠬᠠᠬᠤ ᠬᠡᠷᠡᠭᠳᠡᠢ᠃      ︵ᠲᠠᠪᠤ︶ ᠰᠤᠷᠳᠠᠯ ᠢ ᠴᠡᠭᠴᠡᠯᠡᠨ ᠰᠠᠬᠢᠯᠭ᠎ᠠ ᠪᠠᠳᠦ ᠶᠢ ᠴᠢᠩᠳᠠᠯᠠᠬᠤ ᠶᠢ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠳᠡᠢ᠃ ᠤᠯᠠᠨ ᠳᠦᠮᠡᠨ ᠤ ᠠᠵᠢᠯ ᠤᠨ ᠠᠷᠭ᠎ᠠ ᠬᠡᠯᠪᠡᠷᠢ ᠶᠢ ᠦᠬᠡᠷᠡᠴᠢᠯᠡᠨ ᠰᠠᠶᠢᠵᠢᠷᠠᠭᠤᠯᠬᠤ ᠪᠠ ᠰᠢᠨ᠎ᠡ ᠶᠢ ᠡᠬᠦᠳᠴᠦ᠂ ᠪᠠᠶᠢᠴᠠᠭᠠᠨ ᠰᠤᠳᠤᠯᠤᠯᠳᠠ ᠬᠢᠬᠦ ᠭᠡᠪ ᠰᠤᠷᠳᠠᠯ ᠢ ᠶᠡᠬᠡᠪᠡᠷ ᠦᠷᠨᠢᠬᠦᠯᠵᠦ᠂ ᠨᠠᠮ ᠪᠠ ᠠᠷᠠᠳ ᠳᠦᠮᠡᠨ ᠤ ᠴᠢᠰᠤ ᠮᠢᠬᠠᠨ ᠤ ᠬᠠᠷᠢᠴᠠᠭ᠎ᠠ ᠶᠢ ᠢᠮᠠᠭᠳᠠ ᠪᠠᠲᠤᠯᠠᠬᠤ ᠬᠡᠷᠡᠭᠳᠡᠢ᠃ ᠨᠠᠮ ᠤᠨ ᠳᠦᠪ ᠬᠤᠷᠢᠶ᠎ᠠ ᠶᠢᠨ ᠨᠠᠢᠮᠠᠨ ᠳᠤᠭᠳᠠᠭᠠᠯ ᠤᠨ ᠵᠤᠷᠢᠭ ᠰᠠᠨᠠᠭ᠎ᠠ ᠪᠠ ᠪᠤᠳᠠᠳᠠᠢ ᠭᠡᠷᠡᠭᠵᠢᠬᠦᠯᠬᠦ ᠨᠠᠷᠢᠨ ᠲᠦᠷᠢᠮ ᠢ ᠬᠦᠨᠵᠡᠭᠡᠢ ᠲᠤᠤᠱᠯᠠᠭᠤᠯᠵᠦ᠂ ᠦᠷᠬᠦᠯᠵᠢᠯᠡᠨ ︽ᠳᠦᠷᠪᠡᠨ ᠰᠤᠷᠳᠠᠯ︾᠎ ᠢ ᠴᠡᠭᠴᠡᠯᠡᠵᠦ᠂ ᠠᠵᠢᠯ ᠢᠶᠠᠨ ᠦᠯᠦ ᠬᠢᠬᠦ᠂ ᠳᠤᠷ᠎ᠠ ᠪᠠᠷ ᠬᠢᠬᠦ ᠵᠡᠷᠭᠡ ᠤᠯᠠᠨ ᠳᠦᠮᠡᠨ ᠤ ᠳᠤᠰᠬᠠᠯ ᠴᠢᠩᠭ᠎ᠠ ᠪᠠᠶᠢᠭ᠎ᠠ ᠳᠤᠪᠤᠶᠢᠮ᠎ᠠ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ ᠰᠤᠷᠳᠠᠯ ᠎ ᠤᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠳᠦᠮᠵᠢᠳᠡᠢ ᠳᠤᠭᠳᠠᠴᠠ ᠶᠢ ᠪᠠᠶᠢᠭᠤᠯᠬᠤ ᠬᠡᠷᠡᠭᠳᠡᠢ᠃ ᠰᠠᠬᠢᠯᠭ᠎ᠠ ᠪᠠᠲᠤ ᠶᠢ ᠬᠠᠮᠤᠭ ᠤᠨ ᠡᠮᠦᠨ᠎ᠠ ᠳᠠᠯᠪᠢᠵᠦ᠂ ᠤᠯᠤᠰ ᠳᠦᠷᠦ ᠶᠢᠨ ᠰᠠᠬᠢᠯᠭ᠎ᠠ ᠪᠠᠲᠤ ᠪᠠ ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠭᠤᠤᠯᠳᠠᠯᠭ᠎ᠠ ᠲᠠᠢ ᠴᠢᠩᠭᠠᠳᠬᠠᠵᠦ᠂ ᠡᠬᠦᠨ ᠤ ᠤᠯᠠᠮ ᠢᠶᠠᠷ ᠠᠷᠢᠭᠤᠨ ᠴᠢᠭᠡᠴᠢ ᠶᠢᠨ ᠰᠠᠬᠢᠯᠭ᠎ᠠ ᠪᠠᠲᠤ᠂ ᠤᠯᠠᠨ ᠳᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠎ ᠤᠨ ᠰᠠᠬᠢᠯᠭ᠎ᠠ ᠪᠠᠲᠤ ᠶᠢ ᠴᠢᠩᠭᠠᠳᠬᠠᠬᠤ ᠶᠢ ᠳᠠᠶᠢᠴᠢᠯᠠᠬᠤ ᠬᠡᠷᠡᠭᠳᠡᠢ᠃ ᠡᠮᠦᠨᠡᠬᠢ ᠶᠢ ᠵᠠᠯᠬᠠᠭᠠᠵᠤ ᠬᠤᠶᠢᠨᠠᠬᠢ ᠳᠤ ᠴᠡᠭᠡᠷᠯᠡᠬᠦᠯᠬᠦ᠂ ᠡᠪᠡᠳᠴᠢᠨ ᠢ ᠨᠢ ᠵᠠᠰᠠᠵᠦ ᠡᠳᠡᠭᠡᠷᠡᠭᠦᠯᠦᠨ ᠠᠪᠬᠤ ᠶᠢ ᠪᠠᠷᠢᠮᠳᠠᠯᠠᠨ᠂ ᠡᠷᠳᠡ ᠠᠳᠬᠤᠬᠤ ᠪᠠᠭ᠎ᠠ ᠶᠠᠪᠤᠳᠠᠯ ᠠᠴᠠ ᠠᠳᠬᠤᠬᠤ᠂ ᠶᠠᠯᠢᠮ ᠦᠬᠡᠢ ᠪᠠᠶᠢᠬᠤ ᠲᠤᠨᠢ ᠰᠢᠢᠳᠪᠦᠷᠢᠯᠡᠬᠦ ᠶᠢ ᠴᠢᠬᠤᠯᠠᠴᠢᠯᠠᠵᠤ᠂ ᠬᠢᠨᠠᠯᠳᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠬᠦᠯᠬᠦ ︽ᠳᠦᠷᠪᠡᠨ ᠵᠦᠢᠯ ᠤᠨ ᠭᠡᠯᠪᠡᠷᠢ︾᠎ ᠶᠢ ᠰᠠᠶᠢᠲᠤᠷ ᠬᠡᠷᠡᠭᠯᠡᠬᠦ ᠬᠡᠷᠡᠭᠳᠡᠢ᠃ ᠰᠠᠬᠢᠯᠭ᠎ᠠ ᠪᠠᠲᠤ ᠶᠢᠨ ᠬᠦᠮᠦᠵᠢᠯ ᠢ ᠴᠢᠩᠭᠠᠳᠬᠠᠵᠦ᠂ ᠰᠠᠬᠢᠯᠭ᠎ᠠ ᠪᠠᠲᠤ ᠶᠢ ᠭᠡᠷᠡᠭᠵᠢᠬᠦᠯᠬᠦ ᠡᠷᠴᠢᠮ ᠢᠶᠠᠨ ᠴᠢᠩᠭᠠᠷᠠᠭᠤᠯᠵᠦ᠂ ᠨᠠᠮ ᠤᠨ ᠬᠡᠰᠢᠬᠦᠨ ᠺᠠᠳ᠋ᠷᠴᠤᠳ ᠢ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢ ᠬᠢᠴᠢᠶᠡᠮᠵᠢ ᠲᠠᠢ ᠪᠠᠶᠢᠬᠤ᠂ ᠬᠤᠷᠢᠭ᠎ᠠ ᠱᠤᠭᠤᠮ ᠢ ᠰᠠᠬᠢᠬᠤ ᠪᠤᠯᠭᠠᠵᠤ᠂ ᠬᠢᠨᠠᠯᠳᠠ ᠬᠦᠯᠢᠶᠡᠰᠦᠯᠡᠯ ᠲᠠᠢ ᠤᠷᠴᠢᠨ ᠲᠤᠭᠤᠷᠢᠨ ᠳᠤ ᠠᠵᠢᠯᠯᠠᠵᠤ ᠠᠮᠢᠳᠤᠷᠠᠬᠤ ᠲᠠᠳᠬᠠᠯ ᠲᠠᠢ ᠪᠤᠯᠭᠠᠬᠤ ᠬᠡᠷᠡᠭᠳᠡᠢ᠃      ︵ᠵᠢᠷᠭᠤᠭ᠎ᠠ︶ ᠢᠯᠵᠢᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠬᠡᠷᠡᠭᠳᠡᠢ᠃ ᠦᠡᠭᠭᠡᠨ ᠲᠠᠯ᠎ᠡ ᠪᠠ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠵᠤ᠂ ᠬᠤᠷᠢᠭᠠᠲᠤ ᠤᠷᠤᠨ ᠦᠭᠡᠢ᠂ ᠨᠢᠭᠡ ᠶᠢ ᠴᠤ ᠤᠷᠬᠢᠭᠳᠠᠭᠤᠯᠬᠤ ᠦᠭᠡᠢ᠂ ᠤᠭᠲᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠦ᠂ ᠬᠤᠷᠢᠬᠯᠠᠨ ᠵᠤᠭᠰᠤᠭᠠᠬᠤ ᠶᠢ ᠴᠢᠬᠤᠯᠠᠴᠢᠯᠠᠵᠤ᠂ ᠲᠠᠷᠤᠯᠳᠠ ᠦᠭᠬᠦ ᠶᠢ ᠴᠢᠩᠭᠠᠳᠬᠠᠵᠤ᠂ ᠠᠶᠤᠯᠭᠠᠨ ᠰᠦᠷᠳᠡᠬᠦᠯᠬᠦ ᠶᠢ ᠪᠠᠶᠢᠩᠭᠤᠵᠢᠭᠤᠯᠬᠤ ᠶᠢ ᠪᠠᠷᠢᠮᠲᠠᠯᠠᠵᠦ᠂ ᠢᠯᠵᠢᠷᠠᠬᠦ ᠠᠴᠠ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠦ ᠶᠢ ᠪᠤᠳᠤᠬᠤ ᠦᠭᠡᠢ ᠪᠠᠶᠢᠭᠤᠯᠤᠮᠵᠢ ᠲᠤᠬᠲᠠᠴᠠ ᠶᠢ ᠪᠦᠷᠢᠯᠳᠦᠭᠦᠯᠬᠦ ᠬᠡᠷᠡᠭᠳᠡᠢ᠃ ᠤᠯᠤᠰ ᠲᠦᠷᠦ ᠶᠢᠨ ᠲᠤᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶᠎ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠲᠦᠷᠢᠮ ᠢ ᠲᠡᠭᠦᠯᠳᠡᠷᠵᠢᠭᠦᠯᠵᠦ᠂ ᠤᠯᠠᠨ ᠲᠦᠮᠡᠨ ᠤ ᠲᠡᠷᠭᠡᠳᠡᠬᠢ ᠢᠯᠵᠢᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠬᠦᠴᠦᠯᠡᠴᠡ ᠶᠢ ᠴᠢᠩᠭᠠᠳᠬᠠᠬᠤ ᠬᠡᠷᠡᠭᠳᠡᠢ᠃ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠤᠷᠰᠢᠯᠲᠠ ᠶᠢᠨ ᠴᠢᠭ᠋ ᠢ ᠪᠠᠳᠤᠳᠠᠢ ᠠᠬᠢᠭᠤᠯᠬᠤ ᠬᠡᠷᠡᠭᠳᠡᠢ᠃ ᠨᠠᠮ ᠤᠨ ᠲᠤᠳᠤᠭᠠᠲᠦ ᠳᠤ ᠬᠢᠨᠠᠯᠲᠠ ᠲᠠᠯᠪᠢᠬᠤ ᠪᠠᠶᠢᠭᠤᠯᠤᠮᠵᠢ ᠲᠤᠬᠲᠠᠴᠠ ᠶᠢ ᠲᠠᠭᠦᠯᠳᠡᠷᠵᠢᠭᠦᠯᠵᠦ᠂ ᠡᠷᠬᠡ ᠶᠢ ᠬᠡᠷᠡᠭᠯᠡᠬᠦ ᠬᠢᠵᠠᠭᠠᠷᠯᠠᠯ ᠪᠠ ᠬᠢᠨᠠᠯᠲᠠ ᠲᠠᠯᠪᠢᠯᠳᠠ ᠶᠢ ᠴᠢᠩᠭᠠᠳᠬᠠᠬᠤ ᠬᠡᠷᠡᠭᠳᠡᠢ᠃ ᠬᠢᠨᠠᠯᠲᠠ ᠲᠠᠯᠪᠢᠬᠤ ᠠᠷᠭ᠎ᠠ ᠵᠠᠮ ᠢ ᠦᠷᠭᠡᠳᠭᠡᠨ᠂ ᠬᠢᠨᠠᠯᠲᠠ ᠲᠠᠯᠪᠢᠬᠤ ᠨᠡᠶᠢᠯᠡᠯ ᠬᠦᠴᠦᠨ ᠢ ᠨᠡᠮᠡᠭᠳᠡᠭᠦᠯᠵᠦ᠂ ᠨᠠᠮ ᠤᠨ ᠲᠤᠳᠤᠭᠠᠲᠦ ᠳᠤ ᠬᠢᠨᠠᠯᠲᠠ ᠲᠠᠯᠪᠢᠬᠤ ᠬᠢᠭᠡᠳ ᠨᠠᠮ ᠤᠨ ᠭᠠᠳᠠᠨᠠᠬᠢ ᠬᠢᠨᠠᠯᠲᠠ ᠲᠠᠪᠢᠬᠤ ᠶᠢ ᠤᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠳᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠪᠦᠬᠦ ᠤᠷᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠪᠠ ᠦᠷᠭᠡᠨ ᠤᠯᠠᠨ ᠨᠠᠮ ᠤᠨ ᠬᠡᠰᠢᠬᠦᠨ ᠺᠠᠳ᠋ᠷ ᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠭᠳᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠨᠳᠠᠷᠠᠰᠢ ᠦᠭᠡᠢ ᠵᠤᠷᠢᠭ ᠰᠠᠨᠠᠭᠠᠨ ᠤ ᠲᠦᠷᠰᠦ ᠪᠠᠶᠢᠳᠠᠯ ᠪᠠ ᠴᠤᠴᠠᠯᠳᠠ ᠦᠭᠡᠢ ᠲᠡᠮᠡᠴᠡᠬᠦ ᠲᠦᠷᠢ ᠪᠠᠶᠢᠳᠠᠯ ᠢᠶᠠᠷ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠮᠦᠴᠡ ᠲᠠᠢ ᠤᠷᠤᠯᠳᠤᠨ ᠦᠷᠯᠦᠭᠡ ᠦᠳᠡᠰᠢ ᠶᠢ ᠲᠡᠮᠡᠴᠡᠬᠦ ᠵᠤᠷᠢᠭ ᠰᠠᠨᠠᠭ᠎ᠠ ᠪᠠᠷ ᠵᠤᠷᠢᠭᠳᠠᠢ ᠪᠠᠷ ᠦᠭᠡᠷᠡᠴᠢᠯᠡᠯᠳᠡ ᠬᠢᠵᠦ ᠰᠢᠨ᠎ᠡ ᠶᠢ ᠡᠬᠦᠳᠴᠦ᠂ ᠵᠤᠷᠢᠭᠳᠠᠢ ᠪᠠᠷ ᠬᠦᠴᠢᠷ ᠪᠡᠷᠭᠡ ᠶᠢ ᠢᠯᠠᠨ ᠳᠠᠪᠠᠵᠤ᠂ ᠵᠤᠷᠢᠭᠳᠠᠢ ᠪᠠᠷ ᠡᠬᠦᠷᠭᠡᠯᠡᠨ ᠠᠮᠵᠢᠯᠳᠠ ᠪᠦᠳᠦᠮᠵᠢ ᠭᠠᠷᠭᠠᠵᠤ᠂ ᠢᠮᠠᠭᠳᠠ ᠪᠦᠬᠦ ᠤᠷᠤᠨ ᠤ ᠦᠨᠳᠦᠰᠦᠳᠡᠨ ᠨᠦᠭᠦᠳ ᠎ ᠤᠨ ᠠᠷᠠᠳ ᠲᠦᠮᠡᠨ ᠲᠠᠢ ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ᠂ ᠴᠢᠨᠡᠭᠡᠯᠢᠭ ᠨᠡᠶᠢᠭᠡᠮ ᠢ ᠪᠦᠬᠦ ᠲᠡᠯ᠎ᠠ ᠪᠠᠷ ᠪᠡᠶᠡᠯᠡᠬᠦᠯᠬᠦ᠂ ᠤᠳᠤᠬᠢᠴᠢᠯᠠᠭᠰᠠᠨ ᠦᠪᠦᠷ ᠮᠤᠩᠭᠤᠯ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠨ ᠢ ᠡᠬᠢᠯᠡᠬᠦᠯᠬᠦ᠂ ᠡᠭᠡ ᠤᠯᠤᠰ ᠤᠨ ᠤᠮᠠᠷᠠᠲᠤ ᠶᠢᠨ ᠡᠨᠡᠬᠦ ᠦᠵᠡᠮᠵᠢ ᠶᠢᠨ ᠤᠷᠤᠨ ᠢ ᠨᠡᠩ ᠦᠵᠡᠰᠬᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠶᠢᠨ ᠲᠦᠯᠦᠭᠡ ᠴᠦᠬᠦᠷᠡᠰᠢ ᠦᠭᠡᠢ ᠲᠡᠮᠡᠴᠡᠰᠦᠭᠡᠢ ᠬᠡᠵᠦ ᠤᠷᠢᠶᠠᠯᠠᠵᠤ ᠪᠠᠶᠢᠨ᠎ᠠ︕
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号