ᠪᠦ᠋ ᠰᠢᠶᠤᠤ ᠯᠢᠨ ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠳᠠᠶᠢᠯᠪᠤᠷᠢᠯᠠᠵᠠᠢ
ᠨᠡᠶᠢᠲᠡᠯᠡᠭᠰᠡᠨ ᠴᠠᠭ᠄
2017/11/16
     11 ᠳ᠋ᠦ᠋ᠭᠡᠷ ᠰᠠᠷ᠎ᠠ ᠶᠢᠨ 15᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠳᠠᠶᠢᠯᠪᠤᠷᠢᠯᠠᠵᠠᠢ᠃      ᠪᠦ᠋ ᠰᠢᠶᠤᠤ ᠯᠢᠨ ᠲᠦᠪ ᠤᠨ ︽ᠳᠤᠯᠤᠭ᠎ᠠ ᠶᠢ ᠲᠤᠳᠤᠷᠬᠠᠢ ᠶᠠᠷᠢᠬᠤ︾ ᠱᠠᠭᠠᠷᠳᠠᠯᠭ᠎ᠠ ᠶᠢᠨ ᠲᠤᠭᠤᠷᠢᠨ ᠳᠤ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠢᠰᠲ᠋ᠧᠮ ᠲᠠᠢ ᠳᠠᠶᠢᠯᠪᠤᠷᠢᠯᠠᠪᠠ᠃ ᠪᠦ᠋ ᠰᠢᠶᠤᠤ ᠯᠢᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠪᠤᠯ ᠤᠳᠤᠬᠠᠨ ᠪᠠ ᠬᠤᠶᠢᠰᠢᠳᠠ ᠶᠢᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠂ ᠤᠤᠯ ᠵᠤᠬᠢᠶᠠᠯ ᠢ ᠨᠢ ᠤᠩᠰᠢᠨ ᠤᠤᠯ ᠵᠤᠬᠢᠶᠠᠯ ᠢ ᠨᠢ ᠰᠤᠷᠤᠯᠴᠠᠵᠤ᠂ ᠵᠢᠮ᠎ᠡ ᠶᠤᠰᠤ ᠶᠢ ᠨᠢ ᠤᠢᠢᠯᠠᠭᠠᠨ ᠪᠤᠳᠠᠳᠠᠢ ᠲᠠᠢ ᠪᠠᠨ ᠤᠶᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠡ ᠪᠠᠷ᠂ ᠤᠨᠤᠪᠴᠢᠳᠠᠢ ᠪᠠᠷ᠂ ᠰᠢᠰᠲ᠋ᠧᠮ ᠲᠠᠢ ᠪᠠᠷ ᠤᠢᠢᠯᠠᠭᠠᠵᠤ᠂ ᠦᠨᠡᠨᠬᠦ ᠰᠤᠷᠤᠯᠴᠠᠨ ᠮᠡᠳᠡᠵᠤ ᠨᠡᠪᠳᠡᠷᠡᠳᠡᠯ᠎ᠡ ᠤᠢᠢᠯᠠᠭᠠᠬᠤ ᠬᠡᠷᠡᠭᠳᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠢᠢᠯᠠᠭᠠᠬᠤ ᠶᠢ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠠᠨ ᠪᠤᠯᠭᠠᠬᠤ ᠬᠡᠷᠡᠭᠳᠠᠢ᠃ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠪᠤᠳᠠᠳᠠᠶᠢᠵᠢᠭᠤᠯᠬᠤ︾ ᠱᠠᠭᠠᠷᠳᠠᠯᠭ᠎ᠠ ᠶᠤᠰᠤᠭᠠᠷ ᠠᠰᠠᠭᠤᠳᠠᠯ ᠢᠶᠠᠷ ᠤᠳᠤᠷᠢᠳᠤᠮᠵᠢ ᠪᠤᠯᠭᠠᠨ ᠪᠠᠶᠢᠴᠠᠭᠠᠨ ᠰᠤᠳᠤᠯᠬᠤ ᠠᠵᠢᠯ ᠢᠶᠠᠨ ᠬᠦᠢᠴᠡᠳ ᠮᠦᠷᠳᠡᠭᠡᠨ ᠬᠦᠨᠵᠡᠭᠡᠢ ᠬᠢᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠳᠤ ᠴᠢᠨᠠᠷ ᠪᠠ ᠤᠨᠤᠪᠴᠢᠳᠤ ᠴᠢᠨᠠᠷ ᠢ ᠲᠤᠪᠤᠶᠢᠯᠭᠠᠬᠤ ᠬᠡᠷᠡᠭᠳᠠᠢ᠃ ᠡᠷᠬᠡᠪᠰᠢ ︽ᠲᠦᠷᠪᠡᠨ ᠤᠬᠠᠮᠰᠠᠷ︾᠎ ᠢ ᠴᠢᠩᠭᠠᠳᠬᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠤᠯᠤᠨ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠬᠠᠮᠠᠭᠠᠯᠠᠵᠤ᠂ ᠦᠵᠡᠯ ᠰᠠᠨᠠᠭ᠎ᠠ᠂ ᠤᠯᠤᠰ ᠲᠦᠷᠦ ᠪᠠ ᠦᠢᠯᠡ ᠠᠵᠢᠯᠯᠠᠭ᠎ᠠ ᠎ ᠶᠢᠨ ᠲᠠᠯ᠎ᠠ ᠪᠠᠷ ᠶᠡᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠳᠠᠢ ᠪᠠᠶᠢᠬᠤ ᠬᠡᠷᠡᠭᠳᠠᠢ ᠭᠡᠵᠤ ᠵᠢᠭᠠᠵᠤ ᠭᠠᠷᠭᠠᠪᠠ᠃      ᠪᠦ᠋ ᠰᠢᠶᠤᠤ ᠯᠢᠨ ᠵᠢᠭᠠᠭᠰᠠᠨ ᠨᠢ᠂ ᠠᠯᠠᠱᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠠᠴᠠ ᠪᠠᠨ ᠨᠠᠰᠢ ᠦᠪᠡᠷᠳᠡᠭᠡᠨ ᠵᠠᠰᠠᠬᠤ ᠤᠷᠤᠨ᠂ ᠠᠯᠠᠱᠠ ᠶᠢᠨ ᠬᠦᠭᠵᠢᠯᠳᠡ ᠳᠤ ᠦᠯᠡᠮᠵᠢᠬᠡᠨ ᠬᠡᠷᠡᠭᠯᠡᠭᠡᠨ ᠤ ᠪᠠ ᠮᠡᠷᠭᠡᠵᠢᠯ ᠤᠨ ᠴᠢᠳᠠᠪᠤᠷᠢᠳᠠᠨ ᠢ ᠬᠦᠮᠦᠵᠢᠭᠦᠯᠤᠨ ᠦᠭᠴᠠᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠬᠳᠠᠭᠠᠬᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ᠂ ᠢᠯᠠᠩᠭᠤᠶ᠎ᠠ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠭᠵᠢᠯᠳᠡ ᠶᠢᠨ ᠲᠤᠬᠠᠢ ᠪᠠᠶᠢᠷᠢᠯᠠᠭᠤᠯᠤᠯᠳᠠ ᠨᠢ ᠳᠡᠭᠡᠳᠦ ᠰᠤᠷᠭᠠᠭᠤᠯᠢ ᠶᠢᠨ ᠠᠵᠢᠯ ᠳᠤ ᠨᠡᠩ ᠦᠨᠳᠦᠷ ᠱᠠᠭᠠᠷᠳᠠᠯᠭ᠎ᠠ ᠲᠤᠷᠠᠳᠴᠤ᠂ ᠯᠤᠳᠤ ᠶᠡᠭᠡ ᠬᠦᠭᠵᠢᠯᠳᠡ ᠶᠢᠨ ᠠᠵᠠ ᠲᠤᠬᠢᠶᠠᠯ ᠬᠠᠩᠭᠠᠪᠠ᠃ ᠰᠢᠨ᠎ᠡ ᠴᠠᠭ ᠦᠶ᠎ᠡ ᠳᠤ ᠪᠢᠳᠡ ᠡᠷᠬᠡᠪᠰᠢ ᠰᠢᠨ᠎ᠡ ᠲᠦᠷᠰᠦ ᠪᠠᠶᠢᠳᠠᠯ ᠲᠠᠢ ᠪᠠᠶᠢᠬᠤ ᠬᠡᠷᠡᠭᠳᠠᠢ᠂ ᠨᠡᠩ ᠴᠤ ᠰᠢᠨ᠎ᠡ ᠵᠢᠳᠭᠦᠯ ᠲᠠᠢ ᠪᠠᠶᠢᠬᠤ ᠬᠡᠷᠡᠭᠳᠠᠢ᠃ ᠳᠡᠭᠡᠳᠦ ᠰᠤᠷᠭᠠᠭᠤᠯᠢ ᠶᠢᠨ ᠬᠢᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠰᠤᠷᠭᠠᠭᠤᠯᠢ ᠶᠢᠨ ᠦᠭᠡᠷᠡᠴᠢᠯᠡᠯᠳᠡ ᠬᠦᠭᠵᠢᠯᠳᠡ ᠶᠢᠨ ᠪᠤᠳᠠᠳᠠᠢ ᠪᠠᠶᠢᠳᠠᠯ ᠪᠤᠯᠤᠨ ᠨᠠᠮ ᠤᠨ ᠪᠠᠶᠢᠭᠤᠯᠤᠯᠳᠠ ᠶᠢᠨ ᠪᠤᠳᠠᠳᠠᠢ ᠪᠠᠶᠢᠳᠠᠯ ᠳᠠᠭᠠᠨ ᠰᠠᠭᠤᠷᠢᠯᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠴᠦᠷᠬᠡᠭ ᠶᠡᠭᠡ ᠬᠦᠳᠡᠯᠭᠡᠬᠦ ᠬᠦᠴᠦᠨ ᠪᠤᠯᠭᠠᠨ ᠤᠯᠡᠷᠷᠢᠭᠤᠯᠵᠤ᠂ ᠵᠢᠭᠠᠨ ᠰᠤᠷᠭᠠᠯᠳᠠ ᠪᠠ ᠡᠷᠳᠡᠮ ᠰᠢᠨᠵᠢᠯᠡᠭᠡᠨ ᠵᠡᠷᠭᠡ ᠡᠯ᠎ᠡ ᠬᠦᠷᠢᠶ᠎ᠡ ᠴᠠᠷᠠᠭ᠎ᠠ ᠶᠢᠨ ᠡᠯᠪᠡᠭ ᠲᠠᠯᠪᠡᠭ ᠠᠮᠵᠢᠯᠳᠠ ᠪᠦᠳᠦᠭᠡᠯ ᠪᠤᠯᠭᠠᠨ ᠤᠯᠡᠷᠷᠢᠭᠤᠯᠵᠤ᠂ ᠰᠤᠷᠭᠠᠭᠤᠯᠢ ᠶᠢᠨ ᠡᠯ᠎ᠡ ᠳᠠᠯ᠎ᠠ ᠶᠢᠨ ᠠᠵᠢᠯ ᠦᠢᠯᠡᠰ ᠪᠦᠬᠦ ᠳᠠᠯ᠎ᠠ ᠪᠠᠷ ᠲᠠᠪᠰᠢᠬᠰᠠᠨ ᠴᠤ᠋ ᠰᠢᠨ᠎ᠡ ᠪᠠᠶᠢᠳᠠᠯ ᠢ ᠡᠭᠦᠳᠰᠤᠭᠡᠢ ᠭᠡᠪᠠ᠃      ᠲᠤᠰ ᠡᠳᠤᠷ ᠤᠨ ᠦᠳᠡ ᠶᠢᠨ ᠬᠤᠶᠢᠨ᠎ᠡ᠂ ᠪᠦ᠋ ᠰᠢᠶᠤᠤ ᠯᠢᠨ ᠤᠷᠢᠳ ᠬᠤᠵᠢᠳ ᠠᠯᠠᠱᠠ ᠶᠢᠨ ᠡᠯᠡᠰᠦᠨ ᠤ ᠠᠵᠤ ᠦᠢᠯᠡᠰ ᠤᠨ ᠡᠷᠡᠭᠦᠯ ᠮᠡᠨᠳᠤ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ᠂ ᠳᠤᠮᠳᠠᠳᠤ ᠤᠯᠤᠰ ᠤᠨ ᠶᠡᠭᠡ ᠡᠯᠡᠰᠦᠨ ᠤ ᠬᠠᠴᠢᠨ ᠴᠢᠯᠠᠭᠤ ᠶᠢᠨ ᠮᠦᠽᠸᠢ᠂ ᠠᠯᠠᠱᠠ ᠶᠢᠨ ᠠᠵᠢᠯ ᠤᠯᠭᠤᠬᠤ ᠠᠳᠠᠯ ᠦᠢᠯᠡᠰ ᠴᠤᠭᠴᠠᠯᠠᠬᠤ ᠰᠠᠭᠤᠷᠢᠨ ᠭᠠᠵᠠᠷ ᠲᠤ ᠬᠦᠷᠴᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号