ᠥᠪᠥᠷ ᠮᠣᠩᠭᠤᠯ 2019 ᠤᠨ ᠤ ᠵᠢᠯ ᠤᠨ ᠡᠴᠦᠰ ᠠᠴᠠ ᠡᠮᠦᠨ᠎ᠡ ᠭᠠᠴᠠᠭᠠᠨ ᠤ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠴᠢᠭ᠋ ᠢ ᠨᠡᠶᠢᠳᠡᠮ ᠪᠠᠶᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/11/16
      ᠥᠪᠥᠷ ᠮᠣᠩᠭᠤᠯ 2019 ᠤᠨ ᠤ ᠵᠢᠯ ᠤᠨ ᠡᠴᠦᠰ ᠠᠴᠠ ᠡᠮᠦᠨ᠎ᠡ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠪᠤᠶᠤ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠳᠤ ᠨᠠᠶᠢᠳᠠᠨ᠂ ᠪᠦᠬᠦ ᠣᠷᠣᠨ ᠳᠤ ᠭᠠᠴᠠᠭᠠᠨ ᠤ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠴᠢᠭ᠋ ᠢ ᠨᠡᠶᠢᠳᠡᠮ ᠪᠠᠶᠢᠭᠤᠯᠬᠤ ᠶᠢ  ᠦᠨᠡᠨ ᠬᠦ ᠪᠠᠲᠤᠯᠠᠬᠤ ᠪᠠᠷ ᠪᠠᠶᠢᠨ᠎ᠠ᠃ 2020 ᠣᠨ ᠠᠴᠠ ᠡᠮᠦᠨ᠎ᠡ᠂ ᠪᠥᠬᠦ ᠣᠷᠣᠨ ᠳᠤ ᠬᠤᠳᠠ ᠬᠥᠳᠡᠭᠡ ᠶᠢ ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠣᠷ ᠤᠨ ᠰᠢᠰᠲ᠋ᠧᠮᠵᠢ ᠶᠢ ᠪᠠᠶᠢᠭᠤᠯᠬᠤ ᠪᠠᠷ ᠪᠠᠶᠢᠨ᠎ᠠ᠃      ᠥᠪᠥᠷ ᠮᠣᠩᠭᠤᠯ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠵᠤ᠂ ᠬᠠᠤᠯᠢ ᠴᠠᠭᠠᠵᠠ ᠶᠢᠨ ᠵᠥᠪᠯᠡᠭᠴᠢ ᠪᠤᠯᠤᠨ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠰᠢᠰᠲ᠋ᠧᠮᠵᠢ ᠶᠢ ᠪᠠᠶᠢᠭᠤᠯᠵᠤ ᠪᠤᠢ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠨᠡᠶᠢᠳᠡᠮ ᠪᠠᠶᠢᠭᠤᠯᠵᠠᠢ᠃ ᠬᠥᠳᠡᠭᠡ ᠲᠣᠰᠬᠤᠨ ︵ᠨᠡᠶᠢᠭᠡᠮ ᠲᠣᠭᠤᠷᠢᠭ︶᠎ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠢᠳᠡᠪᠬᠢᠲᠡᠶ ᠰᠦᠪᠡᠭᠴᠢᠯᠡᠨ ᠪᠠᠶᠢᠭᠤᠯᠵᠤ᠂  ︽ᠲᠣᠰᠬᠤᠨ ︵ᠨᠡᠶᠢᠭᠡᠮ ᠲᠣᠭᠤᠷᠢᠭ︶ ᠪᠦᠷᠢ ᠨᠢᠭᠡ ᠵᠥᠪᠯᠡᠭᠴᠢ ᠲᠠᠢ ᠪᠠᠶᠢᠯᠭᠠᠬᠤ︾᠎ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠤᠳᠤᠬᠠᠨ ᠳᠤ᠂ ᠥᠪᠥᠷ ᠮᠣᠩᠭᠤᠯ ᠠᠯᠪᠠᠨ ᠲᠤᠰᠢᠶᠠᠯ ᠲᠠᠢ᠂ ᠺᠣᠮᠫᠠᠨᠢ ᠶᠢᠨ ᠬᠠᠤᠯᠢᠴᠢ ᠶᠢ 253 ᠨᠡᠷ᠎ᠡ ᠲᠤᠬᠢᠷᠠᠭᠤᠯᠵᠤ᠂ ᠬᠠᠤᠯᠢᠴᠢ ᠨᠢ 3120 ᠨᠢᠭᠡᠴᠡ ᠳᠤ ᠡᠯ᠎ᠡ ᠱᠠᠲᠤᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠢ ᠬᠠᠷᠢᠭᠤᠴᠠᠵᠤ᠂ 7569 ᠨᠢᠭᠡᠴᠡ ᠳᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶᠎ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠢ ᠬᠠᠷᠢᠭᠤᠴᠠᠵᠤ᠂ ᠪᠦᠷᠬᠦᠴᠡ ᠶᠢᠨ ᠨᠤᠷᠮ᠎ᠠ ᠨᠢ 72%᠎ ᠲᠤ ᠬᠦᠷᠪᠡ᠃      ᠥᠪᠥᠷ ᠮᠣᠩᠭᠤᠯ ᠪᠠᠰᠠ ︽ᠬᠤᠲᠠ ᠪᠠᠯᠭᠠᠰᠤᠨ ᠳᠤ ᠬᠠᠭᠠᠰ ᠴᠠᠭ︾᠂ ︽ᠬᠥᠳᠡᠭᠡ ᠲᠣᠰᠬᠤᠨ ᠳᠤ ᠨᠢᠭᠡ ᠴᠠᠭ︾᠂ ︽ᠮᠠᠯᠵᠢᠬᠤ ᠣᠷᠣᠨ ᠳᠤ ᠬᠠᠭᠠᠰ ᠡᠳᠦᠷ︾᠎ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠰᠠᠯᠠᠮᠵᠢ ᠦᠵᠡᠭᠦᠯᠬᠦ ᠲᠤᠭᠤᠷᠢᠭ ᠢ ᠬᠦᠴᠦ ᠲᠠᠯᠪᠢᠨ ᠪᠠᠶᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠲᠠᠯ᠎ᠠ ᠪᠠᠷ ᠠᠷᠠᠳ ᠲᠤ ᠳᠥᠭᠦᠮ ᠦᠵᠡᠭᠦᠯᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠵᠡᠭᠡᠯᠢ ᠭᠤᠳᠤᠮᠵᠢ ᠪᠠᠷ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠣᠩᠬᠤ ᠶᠢ 103᠂ ᠠᠵᠢᠯᠯᠠᠬᠤ ᠦᠷᠲᠡᠭᠡ ᠶᠢ 2455᠂ ᠬᠠᠷᠢᠯᠴᠠᠬᠤ ᠴᠢᠭ᠋ ᠢ 10939 ᠪᠠᠶᠢᠭᠤᠯᠵᠤ᠂ ᠠᠵᠢᠯᠯᠠᠬᠤ ᠦᠷᠳᠡᠭᠡ ᠪᠣᠯᠤᠨ ᠬᠠᠷᠢᠯᠴᠠᠬᠤ ᠴᠢᠭ᠋ ᠤᠨ ᠪᠦᠷᠬᠦᠴᠡ ᠶᠢᠨ ᠨᠤᠷᠮ᠎ᠠ ᠨᠢ ᠲᠤᠰ ᠲᠤᠰ 100% ᠪᠠ 91%᠎ ᠳᠤ ᠬᠦᠷᠴᠦ᠂ ᠭᠤᠶᠤᠴᠢᠯᠠᠬᠤ ᠶᠢ ᠲᠦᠳᠡᠴᠢᠯᠡᠭᠰᠡᠨ᠂ ᠬᠢᠨᠠᠨ ᠵᠥᠪᠰᠢᠶᠡᠷᠡᠬᠦ ᠶᠢ ᠳᠦᠭᠦᠮᠴᠢᠯᠡᠭᠰᠡᠨ᠂ ᠦᠢᠯᠡᠴᠢᠯᠡᠬᠦ ᠶᠢ ᠪᠦᠬᠦ ᠶᠠᠪᠤᠴᠠᠯᠠᠭᠰᠠᠨ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠠᠵᠢᠯ ᠢ ᠪᠡᠶᠡᠯᠡᠬᠦᠯᠪᠡ᠃ ᠠᠵᠤ ᠠᠬᠤᠶ ᠨᠢ ᠬᠦᠴᠢᠷᠳᠡᠯᠲᠠᠢ ᠠᠷᠠᠳ ᠢᠷᠭᠡᠨ ᠪᠤᠯᠤᠨ ᠣᠨᠴᠠᠭᠠᠶ ᠬᠡᠷᠡᠭ ᠤᠨ ᠲᠤᠬᠠᠶ ᠶᠢᠨ ᠬᠥᠮᠦᠨ᠂ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠳᠡᠭ ᠯᠡ ᠶᠤᠮ ᠪᠣᠯ ᠴᠥᠮ ᠵᠥᠪᠯᠡᠯᠭᠡ ᠥᠭᠬᠦ᠂ ᠣᠷᠣᠯᠠᠬᠤ᠂ ᠡᠷᠡᠭᠦᠦ ᠶᠢᠨ ᠬᠡᠷᠡᠭ ᠤᠨ ᠦᠮᠦᠭᠯᠡᠬᠦ ᠵᠡᠷᠭᠡ ᠬᠠᠤᠯᠢ ᠴᠠᠭᠠᠵᠠ ᠶᠢᠨ ᠦᠨ᠎ᠡ ᠲᠥᠯᠥᠪᠦᠷᠢ ᠦᠭᠡᠢ ᠦᠢᠯᠡᠴᠢᠯᠡᠭᠡ ᠶᠢ ᠬᠦᠷᠲᠡᠵᠤ ᠪᠤᠯᠬᠤ ᠪᠤᠯᠵᠠᠢ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠥᠷᠭᠡᠨ ᠤᠯᠠᠨ ᠲᠦᠮᠡᠨ ᠤ ᠮᠣᠩᠭᠤᠯ ᠬᠢᠲᠠᠳ ᠬᠤᠤᠰ ᠬᠡᠯᠡᠨ ᠤ ᠬᠠᠤᠯᠢ ᠴᠠᠭᠠᠵᠠ ᠶᠢᠨ ᠴᠢᠨᠠᠷ ᠰᠠᠶᠢᠲᠠᠢ ᠦᠢᠯᠡᠴᠢᠯᠡᠭᠡ ᠶᠢ ᠬᠡᠷᠡᠭᠰᠡᠬᠦ ᠲᠤᠯᠭᠠᠮ᠎ᠠ ᠬᠡᠷᠡᠭᠴᠡᠭᠡ ᠶᠢ ᠬᠠᠨᠭ᠍ᠭᠠᠬᠤ ᠶᠢᠨ ᠲᠤᠯᠠᠳᠠ᠂ ᠥᠪᠥᠷ ᠮᠣᠩᠭᠤᠯ ᠬᠤᠣᠰ ᠬᠡᠯᠡᠨ ᠤ ᠴᠢᠳᠠᠪᠤᠷᠢᠲᠠᠨ ᠢ ᠬᠠᠨᠭ᠍ᠭᠠᠬᠤ ᠪᠠᠨ ᠴᠢᠩᠭᠠᠷᠠᠭᠤᠯᠵᠤ᠂ ᠲᠠᠪᠤᠨ ᠵᠢᠯ ᠤᠨ ᠬᠤᠭᠤᠴᠠᠭ᠎ᠠ ᠲᠤᠲᠤᠷ᠎ᠠ᠂ ᠮᠣᠩᠭᠤᠯ ᠬᠢᠲᠠᠳ ᠬᠤᠤᠰ ᠬᠡᠯᠡᠨ ᠤ 500 ᠰᠢᠯᠢᠳᠡᠭ ᠬᠠᠤᠯᠢᠴᠢ᠂ ᠮᠣᠩᠭᠤᠯ ᠬᠢᠲᠠᠳ ᠬᠤᠤᠰ ᠬᠡᠯᠡᠨ ᠤ 500 ᠬᠠᠤᠯᠢᠴᠢ ᠶᠢᠨ ᠪᠡᠯᠡᠳᠬᠡᠯ ᠴᠢᠳᠠᠪᠤᠷᠢᠲᠠᠨ ᠢ ᠬᠦᠮᠦᠵᠢᠬᠦᠯᠦᠨ ᠲᠡᠳᠭᠦᠭᠦ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号