1 — 10 ᠳ᠋ᠤᠭᠠᠷ ᠰᠠᠷ᠎ᠠ ᠳᠤ᠂ ᠮᠠᠨᠵᠤᠤᠷ ᠬᠤᠲᠠ ᠶᠢᠨ ᠵᠠᠬ᠎ᠠ ᠶᠢᠨ ᠠᠷᠠᠯᠵᠢᠶᠠᠨ ᠤ ᠲᠤᠭᠤᠷᠢᠭ ᠤᠨ | ᠭᠠᠶᠢᠯᠢ ᠬᠡᠯᠲᠦᠷᠢᠭᠦᠯᠬᠦ ᠠᠷᠠᠯᠵᠢᠶᠠᠨ ᠤ ᠲᠤᠭᠤᠷᠢᠭ ᠣᠷᠣᠰ ᠯᠤᠭ᠎ᠠ 2.26 ᠲᠦᠮᠡᠨ ᠲᠣᠨ ᠲᠠᠸᠠᠷ ᠠᠷᠠᠯᠵᠢᠶᠠᠯᠠᠵᠤ᠂ | ᠠᠷᠠᠯᠵᠢᠶᠠᠯᠠᠭᠰᠠᠨ ᠲᠤᠭ᠎ᠠ 1.42 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠤᠨ ᠳᠣᠲᠣᠷ᠎ᠠ 2 ᠳ᠋ᠦᠩᠰᠢᠭᠤᠷ | ᠲᠥᠭᠦᠷᠢᠭ ᠠᠴᠠ ᠳᠠᠪᠠᠭ᠋ᠤ ᠪᠣᠯᠤᠮᠵᠢ ᠲᠠᠢ ᠪᠠᠶᠢᠨ᠎ᠠ᠃ ᠦᠢᠷ᠎ᠠ ᠳᠤ᠂ ᠵᠠᠬ᠎ᠠ ᠶᠢᠨ ᠠᠷᠠᠯᠵᠢᠶᠠᠨ ᠤ ᠭᠠᠶᠢᠯᠢ | ᠬᠡᠯᠲᠦᠷᠢᠭᠦᠯᠬᠦ ᠲᠤᠭᠤᠷᠢᠭ ᠲᠤ ᠠᠩᠬ᠎ᠠ ᠤᠳᠠᠭ᠎ᠠ ᠣᠷᠣᠭᠤᠯᠤᠭᠰᠠᠨ 40 ᠲᠣᠨ ᠬᠥᠯᠳᠡᠭᠦᠦ ᠰᠣᠷᠭᠤᠭ | ᠤᠰᠤᠨ ᠭᠠᠷᠤᠯᠲᠠ᠂ 20 ᠲᠣᠨ ᠨᠠᠷᠠᠰᠤᠨ ᠰᠠᠮᠤᠷ ᠵᠡᠷᠭᠡ ᠨᠢ ᠵᠠᠬ᠎ᠠ ᠶᠢᠨ ᠠᠷᠠᠯᠵᠢᠶᠠᠨ ᠤ ᠲᠤᠭᠤᠷᠢᠭ ᠤᠨ | ᠲᠠᠸᠠᠷ ᠤᠨ ᠲᠦᠷᠦᠯ ᠵᠦᠢᠯ ᠢ ᠤᠯᠠᠮ ᠪᠠᠶᠠᠯᠢᠭᠵᠢᠭᠤᠯᠣᠭᠰᠠᠨ ᠪᠠᠶᠢᠨ᠎ᠠ᠃ ᠡᠨᠡ ᠵᠢᠯ ᠠᠴᠠ ᠨᠠᠰᠢ᠂ ᠮᠠᠨᠵᠤᠤᠷ | ᠬᠤᠲᠠ ᠶᠢᠨ ᠵᠠᠬ᠎ᠠ ᠶᠢᠨ ᠠᠷᠠᠯᠵᠢᠶᠠᠨ ᠤ ᠲᠤᠭᠤᠷᠢᠭ ᠨᠢ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠪᠠᠨ | ᠢᠳᠡᠪᠬᠢᠲᠡᠶ ᠪᠠᠷ ᠥᠷᠭᠡᠳᠬᠡᠵᠦ᠂ ᠣᠯᠠᠨ ᠭᠠᠵᠠᠷ ᠬᠦᠷᠴᠦ ᠤᠬᠠᠭᠤᠯᠣᠨ ᠲᠠᠨᠢᠯᠴᠠᠭᠤᠯᠵᠤ᠂ ᠲᠣᠪᠣᠶᠢᠮ᠎ᠠ ᠠᠮᠵᠢᠯᠲᠠ | ᠤᠯᠪᠠ᠃ ᠥᠨᠥ᠂ ᠭᠠᠶᠢᠯᠢ ᠬᠡᠯᠲᠦᠷᠢᠭᠦᠯᠬᠦ ᠠᠷᠠᠯᠵᠢᠶᠠᠨ ᠤ ᠲᠤᠭᠤᠷᠢᠭ ᠨᠢ ᠭᠤᠯᠢᠷ᠂ ᠢᠳᠡᠰᠢᠨ ᠲᠤᠰᠦ᠂ ᠲᠢᠷᠠᠮᠢᠰᠦ᠋ | ᠵᠡᠷᠭᠡ ᠲᠠᠸᠠᠷ ᠢᠶᠠᠷ ᠭᠤᠣᠯ ᠪᠣᠯᠭᠠᠭᠰᠠᠨ 278 ᠶᠡᠭᠡ ᠲᠥᠷᠥᠯ ᠤᠨ 1000 ᠭᠠᠷᠤᠶ ᠵᠦᠢᠯ ᠤᠨ ᠣᠷᠣᠰ ᠤᠨ | ᠲᠠᠸᠠᠷ ᠢ ᠣᠷᠣᠭᠤᠯᠪᠠ᠃ |