ᠮᠠᠨᠵᠤᠤᠷ ᠬᠤᠲᠠ ᠶᠢᠨ ᠵᠠᠬ᠎ᠠ ᠶᠢᠨ ᠠᠷᠠᠯᠵᠢᠶᠠᠨ ᠤ ᠲᠤᠭᠤᠷᠢᠭ ᠤᠨ ᠭᠠᠶᠢᠯᠢ ᠬᠡᠯᠲᠦᠷᠢᠭᠦᠯᠬᠦ ᠲᠠᠩᠬᠢᠮ ᠤᠨ ᠠᠷᠠᠯᠵᠢᠶ᠎ᠠ ᠡᠨᠡ ᠵᠢᠯ 2 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠮᠵᠢ ᠲᠠᠢ ᠪᠠᠶᠢᠨ᠎ᠠ
ᠨᠡᠶᠢᠲᠡᠯᠡᠭᠰᠡᠨ ᠴᠠᠭ᠄
2017/11/17
      1 — 10  ᠳ᠋ᠤᠭᠠᠷ ᠰᠠᠷ᠎ᠠ ᠳᠤ᠂ ᠮᠠᠨᠵᠤᠤᠷ ᠬᠤᠲᠠ ᠶᠢᠨ ᠵᠠᠬ᠎ᠠ ᠶᠢᠨ ᠠᠷᠠᠯᠵᠢᠶᠠᠨ ᠤ ᠲᠤᠭᠤᠷᠢᠭ ᠤᠨ ᠭᠠᠶᠢᠯᠢ ᠬᠡᠯᠲᠦᠷᠢᠭᠦᠯᠬᠦ ᠠᠷᠠᠯᠵᠢᠶᠠᠨ ᠤ ᠲᠤᠭᠤᠷᠢᠭ ᠣᠷᠣᠰ ᠯᠤᠭ᠎ᠠ 2.26 ᠲᠦᠮᠡᠨ ᠲᠣᠨ ᠲᠠᠸᠠᠷ ᠠᠷᠠᠯᠵᠢᠶᠠᠯᠠᠵᠤ᠂ ᠠᠷᠠᠯᠵᠢᠶᠠᠯᠠᠭᠰᠠᠨ ᠲᠤᠭ᠎ᠠ 1.42 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠤᠨ ᠳᠣᠲᠣᠷ᠎ᠠ 2 ᠳ᠋ᠦᠩᠰᠢᠭᠤᠷ ᠲᠥᠭᠦᠷᠢᠭ ᠠᠴᠠ ᠳᠠᠪᠠᠭ᠋ᠤ ᠪᠣᠯᠤᠮᠵᠢ ᠲᠠᠢ ᠪᠠᠶᠢᠨ᠎ᠠ᠃ ᠦᠢᠷ᠎ᠠ ᠳᠤ᠂ ᠵᠠᠬ᠎ᠠ ᠶᠢᠨ ᠠᠷᠠᠯᠵᠢᠶᠠᠨ ᠤ ᠭᠠᠶᠢᠯᠢ ᠬᠡᠯᠲᠦᠷᠢᠭᠦᠯᠬᠦ ᠲᠤᠭᠤᠷᠢᠭ ᠲᠤ ᠠᠩᠬ᠎ᠠ ᠤᠳᠠᠭ᠎ᠠ ᠣᠷᠣᠭᠤᠯᠤᠭᠰᠠᠨ 40 ᠲᠣᠨ ᠬᠥᠯᠳᠡᠭᠦᠦ ᠰᠣᠷᠭᠤᠭ ᠤᠰᠤᠨ ᠭᠠᠷᠤᠯᠲᠠ᠂ 20 ᠲᠣᠨ ᠨᠠᠷᠠᠰᠤᠨ ᠰᠠᠮᠤᠷ ᠵᠡᠷᠭᠡ ᠨᠢ ᠵᠠᠬ᠎ᠠ ᠶᠢᠨ ᠠᠷᠠᠯᠵᠢᠶᠠᠨ ᠤ ᠲᠤᠭᠤᠷᠢᠭ ᠤᠨ ᠲᠠᠸᠠᠷ ᠤᠨ ᠲᠦᠷᠦᠯ ᠵᠦᠢᠯ ᠢ ᠤᠯᠠᠮ ᠪᠠᠶᠠᠯᠢᠭᠵᠢᠭᠤᠯᠣᠭᠰᠠᠨ ᠪᠠᠶᠢᠨ᠎ᠠ᠃ ᠡᠨᠡ ᠵᠢᠯ ᠠᠴᠠ ᠨᠠᠰᠢ᠂ ᠮᠠᠨᠵᠤᠤᠷ ᠬᠤᠲᠠ ᠶᠢᠨ ᠵᠠᠬ᠎ᠠ ᠶᠢᠨ ᠠᠷᠠᠯᠵᠢᠶᠠᠨ ᠤ ᠲᠤᠭᠤᠷᠢᠭ ᠨᠢ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠪᠠᠨ ᠢᠳᠡᠪᠬᠢᠲᠡᠶ ᠪᠠᠷ ᠥᠷᠭᠡᠳᠬᠡᠵᠦ᠂ ᠣᠯᠠᠨ ᠭᠠᠵᠠᠷ ᠬᠦᠷᠴᠦ ᠤᠬᠠᠭᠤᠯᠣᠨ ᠲᠠᠨᠢᠯᠴᠠᠭᠤᠯᠵᠤ᠂ ᠲᠣᠪᠣᠶᠢᠮ᠎ᠠ ᠠᠮᠵᠢᠯᠲᠠ ᠤᠯᠪᠠ᠃ ᠥᠨᠥ᠂ ᠭᠠᠶᠢᠯᠢ ᠬᠡᠯᠲᠦᠷᠢᠭᠦᠯᠬᠦ ᠠᠷᠠᠯᠵᠢᠶᠠᠨ ᠤ ᠲᠤᠭᠤᠷᠢᠭ ᠨᠢ ᠭᠤᠯᠢᠷ᠂ ᠢᠳᠡᠰᠢᠨ ᠲᠤᠰᠦ᠂ ᠲᠢᠷᠠᠮᠢᠰᠦ᠋ ᠵᠡᠷᠭᠡ ᠲᠠᠸᠠᠷ ᠢᠶᠠᠷ ᠭᠤᠣᠯ ᠪᠣᠯᠭᠠᠭᠰᠠᠨ 278 ᠶᠡᠭᠡ ᠲᠥᠷᠥᠯ ᠤᠨ 1000 ᠭᠠᠷᠤᠶ ᠵᠦᠢᠯ ᠤᠨ ᠣᠷᠣᠰ ᠤᠨ ᠲᠠᠸᠠᠷ ᠢ ᠣᠷᠣᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号