| | | 10 ᠳ᠋ᠤᠭᠠᠷ ᠰᠠᠷ᠎ᠠ ᠶᠢᠨ 31 ᠤ ᠡᠳᠦᠷ᠂ 2017 ᠤᠨ ᠤ ᠦᠪᠦᠷ ᠮᠤᠩᠭᠤᠯ ᠤᠨ ᠮᠦᠰᠦ ᠴᠠᠰᠤᠨ ᠤ | ᠵᠢᠭᠤᠯᠴᠢᠯᠠᠯ ᠤᠨ ᠤᠯᠠᠷᠢᠯ ᠤᠨ ᠵᠦᠪᠯᠡᠯᠴᠡᠬᠦ ᠲᠠᠨᠢᠯᠴᠠᠭᠤᠯᠬᠤ ᠬᠤᠷᠠᠯ ᠷᠠᠰᠢᠶᠠᠨ ᠬᠤᠳᠠ ᠳᠤ ᠶᠠᠪᠤᠭᠳᠠᠪᠠ᠂ | ᠭᠤᠸᠠᠩᠳᠦ᠋ᠩ᠂ ᠬᠠᠷᠠᠮᠦ᠋ᠷᠡᠨ ᠵᠡᠷᠬᠡ ᠭᠠᠵᠠᠷ ᠤᠷᠤᠨ ᠤ ᠵᠢᠭᠤᠯᠴᠢᠯᠠᠯ ᠤᠨ ᠰᠠᠯᠠᠭ᠎ᠠ ᠮᠦᠴᠢᠷ ᠤᠨ ᠲᠦᠯᠦᠭᠡᠯᠡᠭᠴᠢ | ᠪᠠ ᠤᠷᠤᠨ ᠤ ᠲᠤᠳᠤᠨ᠎ᠠ ᠭᠠᠳᠠᠨᠠᠬᠢ 100 ᠰᠢᠬᠠᠮ ᠵᠢᠭᠤᠯᠴᠢᠯᠠᠯ ᠤᠨ ᠪᠡᠯᠡ ᠤᠷᠤᠭᠤᠯᠤᠯᠳᠠ ᠶᠢᠨ ᠠᠵᠦ | ᠠᠬᠤᠶᠢᠯᠠᠯ᠂ ᠵᠢᠭᠤᠯᠴᠢᠯᠠᠯ ᠤᠨ ᠬᠤᠷᠢᠶ᠎ᠠ᠂ ᠰᠤᠨᠢᠨ ᠮᠡᠳᠡᠭᠡ ᠶᠢᠨ ᠵᠠᠭᠤᠴᠢᠯᠠᠭᠤᠷ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠬᠤᠷᠠᠯ ᠳᠤ ᠤᠷᠤᠯᠴᠠᠬᠰᠠᠨ ᠪᠠᠶᠢᠨ᠎ᠠ᠃ | ᠬᠤᠷᠠᠯ ᠲᠡᠭᠡᠷ᠎ᠠ᠂ ᠦᠪᠡᠷᠳᠡᠬᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠬᠦᠯᠦᠯᠳᠡ ᠶᠢᠨ ᠵᠦᠪᠯᠡᠯ ᠤᠨ | ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠦᠪᠦᠷ ᠮᠤᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ | ᠪᠠᠶᠠᠯᠢᠬ ᠪᠠ ᠮᠦᠰᠦ ᠴᠠᠰᠤᠨ ᠤ ᠵᠢᠭᠤᠯᠴᠢᠯᠠᠯ ᠤᠨ ᠬᠦᠭᠵᠢᠯᠳᠡ ᠶᠢᠨ ᠢᠷᠡᠭᠡᠳᠦᠢ ᠶᠢᠨ ᠲᠤᠬᠠᠢ ᠲᠠᠨᠢᠯᠴᠠᠭᠤᠯᠵᠦ᠂ | ᠷᠠᠰᠢᠶᠠᠨ ᠬᠤᠳᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠠ ᠬᠦᠯᠦᠨ ᠪᠤᠶᠢᠷ ᠬᠤᠳᠠ᠂ ᠮᠠᠨᠵᠤᠤᠷ ᠬᠤᠳᠠ ᠶᠢᠨ | ᠵᠢᠭᠤᠯᠴᠢᠯᠠᠯ ᠤᠨ ᠬᠦᠭᠵᠢᠬᠦᠯᠦᠯᠳᠡ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠲᠤᠰᠪᠤᠷᠢ ᠲᠤᠬᠠᠢ ᠶᠢᠨ | ᠭᠠᠵᠠᠷ ᠤᠷᠤᠨ ᠤ ᠪᠠᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠬ᠂ ᠵᠢᠭᠤᠯᠴᠢᠯᠠᠯ ᠤᠨ ᠱᠤᠭᠤᠮ᠂ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠵᠡᠷᠬᠡ ᠠᠭᠤᠯᠭ᠎ᠠ ᠶᠢᠨ ᠲᠤᠬᠠᠢ ᠲᠠᠨᠢᠯᠴᠠᠭᠤᠯᠵᠦ᠂ ᠦᠪᠦᠷ ᠮᠤᠩᠭᠤᠯ ᠤᠨ | ᠰᠢᠨ᠎ᠠ ᠡᠷᠡᠨ ᠵᠠᠭᠤᠨ ᠺᠠᠩ ᠾᠦᠢ ᠤᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠬᠢᠨ ︽ᠮᠠᠨ ᠤ ᠳᠤ | ᠮᠤᠷᠢᠯᠠᠨ ᠢᠷᠡᠭᠡᠷᠡᠢ︾ ᠬᠡᠬᠦ ᠵᠢᠭᠤᠯᠴᠢᠯᠠᠯ ᠤᠨ ᠨᠡᠶᠢᠲᠡ ᠶᠢᠨ ᠠᠰᠠᠷᠠᠮᠵᠢ ᠶᠢᠨ ᠶᠠᠳᠠᠭᠤ ᠶᠢ ᠲᠡᠳᠬᠦᠬᠦ | ᠦᠢᠯᠡᠳᠬᠦᠨ ᠢᠶᠠᠨ ᠲᠠᠨᠢᠯᠴᠠᠭᠤᠯᠤᠬᠰᠠᠨ ᠪᠠᠶᠢᠨ᠎ᠠ᠃ | ᠲᠤᠰ ᠬᠤᠷᠠᠯ ᠢ ᠦᠪᠡᠷᠳᠡᠬᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠬᠦᠯᠦᠯᠳᠡ ᠶᠢᠨ ᠵᠦᠪᠯᠡᠯ᠂ | ᠬᠢᠩᠭᠠᠨ ᠠᠶᠢᠮᠠᠭ ᠤᠨ ᠵᠠᠬᠢᠷᠭ᠎ᠠ ᠭᠤᠤᠯᠯᠠᠨ ᠡᠷᠬᠢᠯᠡᠵᠦ᠂ ᠷᠠᠰᠢᠶᠠᠨ ᠬᠤᠳᠠ ᠶᠢᠨ ᠵᠠᠰᠠᠬ ᠤᠨ ᠤᠷᠳᠤᠨ᠂ ᠦᠪᠦᠷ | ᠮᠤᠩᠭᠤᠯ ᠤᠨ ᠰᠢᠨ᠎ᠠ ᠡᠷᠡᠨ ᠵᠠᠭᠤᠨ ᠺᠠᠩ ᠾᠦᠢ ᠤᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠬᠢᠵᠠᠭᠠᠷᠳᠤ | ᠬᠠᠷᠢᠭᠤᠴᠠᠯᠭᠠᠳᠤ ᠺᠤᠮᠫᠠᠨᠢ ᠲᠠᠭᠠᠭᠠᠵᠦ ᠡᠷᠬᠢᠯᠡᠵᠡᠢ᠃ |