ᠥᠪᠥᠷ ᠮᠣᠩᠭᠤᠯ ᠤᠨ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠶᠢᠨ ᠪᠠᠷᠢᠮᠵᠢᠶᠠᠨ ᠳᠤ ᠬᠦᠷᠦᠭᠰᠡᠨ ᠭᠠᠳᠠᠭᠰᠢᠯᠠᠭᠤᠯᠤᠯᠲᠠ ᠶᠢᠨ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ 3.4% ᠳᠡᠭᠡᠭᠰᠢᠯᠡᠪᠡ
ᠨᠡᠶᠢᠲᠡᠯᠡᠭᠰᠡᠨ ᠴᠠᠭ᠄
2017/11/20
    2016 ᠣᠨ ᠤ 10 ᠳ᠋ᠤᠭᠠᠷ ᠰᠠᠷ᠎ᠠ ᠠᠴᠠ ᠡᠬᠢᠯᠡᠨ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠷᠤᠮᠵᠢᠭᠤᠯᠤᠭᠰᠠᠨ ᠬᠠᠮᠢᠶᠠᠷᠤᠯᠲᠠ ᠶᠢ ᠬᠢᠨᠠᠨ ᠰᠢᠯᠭᠠᠬᠤ ᠠᠷᠭ᠎ᠠ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠡᠵᠡᠩᠨᠡᠯᠲᠡ ᠶᠢᠨ ᠨᠢᠭᠡᠴᠡ ᠶᠢᠨ ᠵᠢᠷᠤᠮᠵᠢᠭᠤᠯᠤᠭᠰᠠᠨ ᠬᠠᠮᠢᠶᠠᠷᠤᠯᠲᠠ ᠶᠢ ᠬᠢᠨᠠᠨ ᠰᠢᠯᠭᠠᠬᠤ ᠠᠷᠭ᠎ᠠ︾ ᠶᠢ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠡᠵᠡᠩᠨᠡᠯᠲᠡ ᠶᠢᠨ ᠨᠢᠭᠡᠴᠡ ᠶᠢ ᠬᠢᠨᠠᠨ ᠰᠢᠯᠭᠠᠬᠤ ᠦᠨᠳᠦᠰᠦᠯᠡᠯ ᠪᠣᠯᠭᠠᠬᠤ ᠪᠠᠷ ᠲᠣᠭᠲᠠᠭᠠᠵᠠᠢ᠃ ᠡᠯ᠎ᠡ ᠭᠠᠵᠠᠷ ᠤᠨ ᠥᠭᠡᠷᠡᠴᠢᠯᠡᠨ ᠰᠠᠶᠢᠵᠢᠷᠠᠭᠤᠯᠵᠤ ᠪᠠᠶᠢᠭ᠎ᠠ ᠠᠬᠢᠴᠠ ᠶᠢᠨ ᠪᠠᠶᠢᠳᠠᠯ ᠢ ᠡᠵᠡᠮᠰᠢᠨ᠂ ᠥᠭᠡᠷᠡᠴᠢᠯᠡᠨ ᠰᠠᠶᠢᠵᠢᠷᠠᠭᠤᠯᠬᠤ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠨᠢ ᠰᠢᠮᠳᠠᠭᠤᠯᠬᠤ ᠶᠢᠨ ᠲᠤᠰᠠᠳᠠ᠂ ᠡᠨᠡ ᠵᠢᠯ ᠤᠨ 5 ᠳ᠋ᠤᠭᠠᠷ ᠰᠠᠷ᠎ᠠ ᠳᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ 12 ᠠᠶᠢᠮᠠᠭ ᠬᠤᠲᠠ ᠳᠤ ︽ᠭᠤᠷᠪᠠᠨ ᠳᠣᠣᠷ᠎ᠠ ᠪᠠᠶᠢᠬᠤ︾ ᠠᠰᠠᠭᠤᠳᠠᠯ ᠨᠡᠯᠢᠶᠡᠳ ᠬᠦᠨᠳᠦ ᠨᠣᠴᠢᠲᠠᠶ ᠣᠷᠣᠰᠢᠵᠤ ᠪᠠᠶᠢᠭ᠎ᠠ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠳᠤ ᠲᠤᠬᠠᠶ ᠶᠢᠨ ᠭᠠᠵᠠᠷ ᠲᠤᠨᠢ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠤᠨ ᠰᠢᠯᠲᠠᠭᠠᠨ ᠵᠢᠴᠢ ᠠᠪᠴᠤ ᠪᠠᠶᠢᠭ᠎ᠠ ᠠᠷᠭ᠎ᠠ ᠬᠡᠮᠵᠢᠶ᠎ᠡ ᠶᠢ ᠨᠢ ᠤᠯᠠᠮ ᠨᠢᠭᠡ ᠠᠯᠬᠤᠮ ᠣᠶᠢᠯᠠᠭᠠᠵᠤ᠂ ᠦᠢᠯᠡᠳᠪᠦᠷᠢ ᠳᠤᠨᠢ ᠵᠣᠬᠢᠴᠠᠭᠤᠯᠤᠨ ᠠᠷᠭ᠎ᠠ ᠠᠪᠴᠤ᠂ ᠥᠭᠡᠷᠡᠴᠢᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ ᠡᠯ᠎ᠡ ᠭᠠᠵᠠᠷ ᠴᠦ ᠢᠳᠡᠪᠬᠢᠲᠡᠶ ᠬᠥᠳᠡᠯᠦᠯᠴᠡᠵᠦ᠂ ᠪᠣᠬᠢᠷ ᠤᠰᠤᠨ ᠤ ᠬᠤᠭᠤᠯᠠᠶ ᠶᠢᠨ ᠲᠣᠣᠷ ᠢ ᠪᠦᠷᠢᠨᠰᠢᠭᠦᠯᠬᠦ᠂ ᠪᠠᠷᠢᠮᠵᠢᠶ᠎ᠠ ᠪᠠᠨ ᠳᠡᠭᠡᠭᠰᠢᠯᠡᠭᠦᠯᠦᠨ ᠥᠭᠡᠷᠡᠴᠢᠯᠡᠨ ᠰᠠᠶᠢᠵᠢᠷᠠᠭᠤᠯᠬᠤ᠂ ᠳᠠᠬᠢᠯᠳᠠ ᠤᠰᠤ ᠶᠢᠨ ᠪᠡᠯᠡᠳᠬᠡᠮᠵᠢ ᠪᠦᠲᠦᠭᠡᠨ ᠪᠠᠶᠢᠭᠤᠯᠬᠤ ᠵᠡᠷᠭᠡ ᠠᠯᠢ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠥᠭᠡᠷᠡᠴᠢᠯᠡᠨ ᠰᠠᠶᠢᠵᠢᠷᠠᠭᠤᠯᠬᠤ ᠠᠵᠢᠯ ᠨᠢ ᠢᠯᠡᠳᠲᠡ ᠦᠷ᠎ᠡ ᠪᠦᠲᠦᠮᠵᠢ ᠣᠯᠵᠠᠶ᠃ ᠪᠦᠷᠢᠨ ᠪᠤᠰᠤ ᠪᠦᠷᠢᠳᠬᠡᠯ ᠢᠶᠠᠷ᠂ ᠣᠳᠣᠬᠠᠨ ᠳᠤ 2017 ᠣᠨ ᠤ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠦᠨ ᠥᠭᠡᠷᠡᠴᠢᠯᠡᠨ ᠰᠠᠶᠢᠵᠢᠷᠠᠭᠤᠯᠬᠤ ᠳᠤ ᠣᠷᠣᠭᠤᠯᠤᠭᠰᠠᠨ ᠲᠥᠷᠥᠯ ᠵᠦᠢᠯ 12᠂ ᠰᠢᠨ᠎ᠡ ᠪᠠᠷ ᠪᠠᠶᠢᠭᠤᠯᠤᠭᠰᠠᠨ ᠲᠠᠬᠢᠯᠳᠠ ᠤᠰᠤᠨ ᠤ ᠲᠥᠷᠥᠯ ᠵᠦᠢᠯ 35 ᠪᠠᠶᠢᠵᠤ᠂ ᠵᠢᠱᠢᠯᠲᠡ ᠪᠠᠷ ᠪᠣᠬᠢᠷ ᠤᠰᠤᠨ ᠤ ᠬᠤᠭᠤᠯᠠᠶ ᠶᠢᠨ ᠲᠣᠣᠷ ᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠰᠠᠶᠢᠵᠢᠷᠠᠭᠤᠯᠤᠭᠰᠠᠨ ᠣᠷᠳᠣ ᠶᠢᠨ ᠬᠡᠮᠵᠢᠶ᠎ᠡ ᠨᠢ ᠪᠠᠷᠤᠭ 1114 ᠺᠢᠯᠤᠮᠧᠲᠷ ᠪᠤᠢ᠃      2017 ᠣᠨ ᠤ ᠳᠡᠭᠡᠷ᠎ᠡ ᠬᠠᠭᠠᠰ ᠵᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠦᠯᠵᠢᠶᠡᠨ ᠳᠡᠭᠡᠷ᠎ᠡ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠵᠠᠳᠠᠯᠤᠯᠲᠠ ᠶᠢ ᠦᠨᠳᠦᠰᠦᠯᠡᠪᠡᠯ᠂ 2017 ᠣᠨ ᠤ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠬᠤᠳᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠦᠢᠯᠡᠳᠪᠦᠷᠢ ᠶᠢᠨ ᠵᠢᠷᠤᠵᠤ ᠲᠥᠯᠥᠪᠯᠡᠭᠰᠡᠨ ᠪᠣᠬᠢᠷ ᠤᠰᠤ ᠰᠢᠶᠳᠪᠦᠷᠢᠯᠡᠬᠦ ᠴᠢᠳᠠᠪᠤᠷᠢ ᠨᠢ 53075 ᠲᠦᠮᠡᠨ ᠲᠣᠨ᠂ ᠪᠣᠬᠢᠷ ᠤᠰᠤᠨ ᠤ ᠶᠡᠷᠦᠩᠬᠡᠶ ᠭᠠᠳᠠᠭᠰᠢᠯᠠᠭᠤᠯᠤᠯᠲᠠ ᠶᠢᠨ ᠬᠡᠮᠵᠢᠶ᠎ᠡ ᠨᠢ 31702 ᠲᠦᠮᠡᠨ ᠲᠣᠨ᠂ ᠪᠣᠬᠢᠷ ᠤᠰᠤ ᠶᠢᠨ ᠪᠠᠷᠢᠮᠵᠢᠶᠠᠨ ᠳᠤ ᠬᠦᠷᠦᠭᠰᠡᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠨᠢ 31084 ᠲᠦᠮᠡᠨ ᠲᠣᠨ᠂ ᠪᠠᠷᠢᠮᠵᠢᠶᠠᠨ ᠳᠤ ᠬᠦᠷᠦᠭᠰᠡᠨ ᠭᠠᠳᠠᠭᠰᠢᠯᠠᠭᠤᠯᠤᠯᠲᠠ ᠶᠢᠨ ᠨᠣᠷᠮ᠎ᠠ ᠨᠢ 98.05% ᠳᠤ ᠬᠦᠷᠴᠦ᠂ 2016 ᠣᠨ ᠤ ᠠᠳᠠᠯᠢ ᠬᠤᠭᠤᠴᠠᠭᠠᠨ ᠤ ᠬᠢ ᠠᠴᠠ 3.4 ᠵᠠᠭᠤᠨ ᠤ ᠴᠡᠭ ᠳᠡᠭᠡᠭᠰᠢᠯᠡᠵᠡᠢ︔ ᠳᠤᠮᠳᠠᠴᠢ ᠳᠠᠭᠠᠭᠠᠴᠠ ᠶᠢᠨ ᠨᠣᠷᠮ᠎ᠠ ᠨᠢ 71.5% ᠪᠠᠶᠢᠵᠤ᠂ 2016 ᠣᠨ ᠤ ᠠᠳᠠᠯᠢ ᠬᠤᠭᠤᠴᠠᠭᠠᠨ ᠤ ᠬᠢ ᠠᠴᠠ 9.38 ᠵᠠᠭᠤᠨ ᠤ ᠴᠡᠭ ᠳᠡᠭᠡᠭᠰᠢᠯᠡᠵᠡᠢ︔ ᠲᠡᠬᠢᠯᠳᠠ ᠤᠰᠤ ᠶᠢ ᠠᠰᠢᠭᠯᠠᠬᠤ ᠪᠡᠯᠡᠳᠬᠡᠮᠵᠢ 45 ᠰᠠᠭᠤᠷᠢ ᠪᠠᠶᠢᠵᠤ᠂ ᠪᠥᠬᠦ ᠣᠷᠣᠨ ᠤ ᠬᠤᠳᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ 40% ᠶᠢ ᠡᠵᠡᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号