11 ᠳ᠋ᠤᠭᠡᠷ ᠰᠠᠷ᠎ᠠ ᠶᠢᠨ 20 ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠨᠤᠯ ᠤᠨ ᠶᠠᠷᠢᠯᠴᠠᠬᠤ ᠬᠤᠷᠠᠯ | ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ | ᠬᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃ | ᠶᠠᠷᠢᠯᠴᠠᠬᠤ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠰᠢᠨᠵᠢᠯᠡᠭᠦ ᠤᠬᠠᠭᠠᠨ ᠤ | ᠤᠨᠤᠯ ᠤᠨ ᠡᠳᠡᠭᠡᠳ ᠤᠨ ᠴᠠᠷᠠᠭ᠎ᠠ ᠲᠤᠰᠬᠠᠢ ᠮᠡᠷᠭᠡᠵᠢᠯᠳᠡᠨ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢᠨ ᠲᠤᠭᠤᠷᠢᠨ ᠳᠤ ᠰᠤᠷᠤᠯᠴᠠᠬᠰᠠᠨ ᠤᠯᠤᠯᠳᠠ ᠲᠦᠷᠦᠭᠳᠡᠯ ᠢᠶᠠᠨ ᠰᠤᠯᠢᠯᠴᠠᠵᠤ᠂ ᠦᠵᠡᠯᠳᠡ | ᠲᠠᠨᠢᠯᠳᠠ ᠪᠠᠨ ᠠᠭᠤᠵᠢᠷᠠᠳᠠᠯ᠎ᠠ ᠶᠠᠷᠢᠯᠴᠠᠪᠠ᠃ | ᠬᠤᠷᠠᠯ ᠠᠴᠠ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠨᠢ ᠨᠠᠮ ᠪᠤᠯᠤᠨ ᠤᠯᠤᠰ ᠤᠨ ᠲᠡᠤᠭᠡᠨ ᠳᠡᠭᠡᠷ᠎ᠡ | ᠴᠠᠭ ᠦᠶ᠎ᠡ ᠵᠠᠭᠠᠭᠯᠠᠭᠰᠠᠨ ᠪᠠ ᠬᠦᠰᠢᠭᠡ ᠳᠤᠷᠠᠰᠬᠠᠯ ᠤᠨ ᠠᠴᠢ ᠬᠤᠯᠪᠤᠭᠳᠠᠯ ᠲᠠᠢ᠃ ᠨᠡᠶᠢᠭᠡᠮ ᠤᠨ ᠰᠢᠨᠵᠢᠯᠡᠭᠦ | ᠤᠬᠠᠭᠠᠨ ᠤ ᠤᠨᠤᠯ ᠤᠨ ᠡᠳᠡᠭᠡᠳ ᠤᠨ ᠴᠠᠷᠠᠭ᠎ᠠ ᠪᠤᠯ ᠨᠠᠮ ᠤᠨ ᠤᠨᠤᠯ ᠤᠨ ᠠᠵᠢᠯ ᠤᠨ ᠬᠤᠰᠢᠭᠤᠴᠢ ᠠᠩᠬᠢ | ᠪᠦᠭᠡᠳ ᠭᠤᠤᠯ ᠬᠦᠴᠦᠨ ᠪᠤᠯᠤᠨ᠎ᠠ᠃ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠦᠨᠡᠨᠭᠦ ᠡᠭᠦᠷᠭᠡᠯᠡᠨ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠤᠬᠳᠠᠯ ᠢ ᠬᠦᠨᠵᠡᠭᠡᠢ ᠲᠠᠨᠢᠵᠤ᠂ ᠲᠡᠭᠡᠳᠦ | ᠬᠡᠮᠵᠢᠶᠠᠨ ᠤ ᠤᠯᠤᠰ ᠲᠦᠷᠦ ᠶᠢᠨ ᠤᠬᠠᠮᠰᠠᠷ ᠢᠶᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠰᠤᠷᠤᠯᠴᠠᠨ ᠰᠤᠳᠤᠯᠵᠤ ᠲᠤᠲᠤᠷᠬᠠᠶᠢᠯᠠᠨ ᠲᠠᠶᠢᠯᠪᠤᠷᠢᠯᠠᠬᠤ ᠪᠠᠨ ᠴᠢᠩᠭᠠᠳᠬᠠᠵᠤ᠂ ᠦᠢᠯᠡᠳᠦᠯᠭᠡ ᠶᠢᠨ | ᠰᠠᠭᠤᠷᠢᠨ ᠳᠠᠬᠢ ᠤᠨᠤᠯ ᠤᠨ ᠰᠢᠨ᠎ᠠ ᠡᠬᠦᠳᠤᠯᠳᠠ ᠶᠢ ᠵᠤᠷᠢᠬᠳᠠᠢ ᠪᠠᠷ ᠠᠬᠢᠭᠤᠯᠵᠤ᠂ ᠨᠠᠮ ᠤᠨ ᠤᠨᠤᠯ ᠤᠨ ᠰᠢᠨ᠎ᠠ | ᠡᠬᠦᠳᠤᠯᠳᠠ ᠶᠢ ᠲᠠᠰᠤᠷᠠᠯᠳᠠ ᠦᠭᠡᠢ ᠠᠬᠢᠭᠤᠯᠬᠤ ᠪᠠᠷ ᠬᠦᠴᠤᠯᠡᠬᠦ ᠬᠡᠷᠡᠭᠳᠡᠢ ᠬᠡᠵᠤ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠳᠤᠯᠤᠨ | ᠲᠠᠶᠢᠯᠪᠤᠷᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡ ᠲᠤᠳᠤᠷᠬᠠᠢ ᠭᠤᠤᠯ ᠰᠡᠳᠦᠪ᠂ ᠰᠢ ᠶᠢᠨ | ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠬᠰᠠᠨ ᠴᠢᠬᠤᠯᠠ ᠶᠡᠭᠡ | ᠤᠯᠤᠰ ᠲᠦᠷᠦ ᠶᠢᠨ ᠨᠤᠳᠠᠯᠠᠯᠳᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠪᠤᠯᠤᠨ | ᠤᠯᠤᠰ ᠤᠨ ᠠᠵᠢᠯ ᠦᠢᠯᠡᠰ ᠤᠨ ᠲᠡᠤᠭᠡᠳᠦ ᠴᠢᠨᠠᠷᠳᠠᠢ ᠬᠤᠪᠢᠰᠤᠯᠳᠠ᠂ ᠮᠠᠨ ᠤ ᠤᠯᠤᠰ ᠤᠨ ᠨᠡᠶᠢᠭᠡᠮ ᠤᠨ ᠭᠤᠤᠯ | ᠵᠦᠷᠢᠴᠡᠯ ᠤᠨ ᠬᠤᠪᠢᠷᠠᠯᠳᠠ᠂ ︽ᠬᠤᠤᠰ ᠵᠠᠭᠤᠨ ᠵᠢᠯ︾ ᠤᠨ ᠲᠡᠮᠡᠴᠡᠭᠦ ᠬᠠᠷᠠᠯᠳᠠ᠂ ᠰᠢᠨ᠎ᠠ ᠴᠠᠭ ᠦᠶ᠎ᠠ ᠶᠢᠨ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠶᠡᠭᠡ | ᠪᠠᠶᠢᠷᠢᠯᠠᠭᠤᠯᠤᠯᠲᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ | ᠪᠤᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠬᠦᠨᠵᠡᠭᠡᠢ ᠰᠤᠳᠤᠯᠤᠨ ᠲᠠᠶᠢᠯᠪᠤᠷᠢᠯᠠᠬᠤ ᠬᠡᠷᠡᠭᠳᠡᠢ᠃ ᠰᠢ ᠶᠢᠨ | ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭᠠᠨ ᠤ ᠰᠦᠭ ᠰᠦᠨᠡᠰᠦ ᠪᠤᠯᠤᠨ᠎ᠠ᠃ | ᠨᠡᠶᠢᠭᠡᠮ ᠤᠨ ᠰᠢᠨᠵᠢᠯᠡᠭᠦ ᠤᠬᠠᠭᠠᠨ ᠤ ᠤᠨᠤᠯ ᠤᠨ ᠬᠦᠷᠢᠶᠡᠨ ᠤ ᠬᠢᠨ ᠡᠷᠬᠡᠪᠰᠢ ᠨᠠᠮ ᠤᠨ ᠤᠨᠤᠯ ᠤᠨ ᠰᠢᠨ᠎ᠠ | ᠡᠬᠦᠳᠤᠯᠳᠠ ᠶᠢᠨ ᠠᠬᠢᠴᠠ ᠶᠢ ᠲᠠᠭᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠮᠦᠰ ᠤᠨ ᠰᠡᠳᠬᠢᠯ ᠳᠤ ᠬᠠᠳᠠᠩᠰᠢᠭᠤᠯᠬᠤ ᠪᠠᠷ | ᠦᠨᠳᠦᠰᠦᠨ ᠡᠭᠦᠷᠭᠡ ᠪᠤᠯᠭᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠳᠤᠯᠤᠨ ᠲᠠᠶᠢᠯᠪᠤᠷᠢᠯᠠᠬᠤ ᠪᠠᠷ ᠮᠠᠰᠢ ᠴᠢᠬᠤᠯᠠ | ᠮᠦᠷᠳᠡᠭᠡᠨ ᠮᠠᠰᠢ ᠲᠤᠯᠭᠠᠮ᠎ᠠ ᠰᠡᠳᠦᠪ ᠪᠤᠯᠭᠠᠵᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠳᠤᠯᠤᠨ ᠲᠠᠶᠢᠯᠪᠤᠷᠢᠯᠠᠬᠤ | ᠬᠡᠷᠡᠭᠳᠡᠢ ᠬᠡᠵᠤ ᠴᠢᠬᠤᠯᠠᠴᠢᠯᠠᠪᠠ᠃ | ᠬᠤᠷᠠᠯ ᠠᠴᠠ᠂ ᠪᠦᠬᠦ ᠤᠷᠤᠨ ᠤ ᠦᠷᠭᠡᠨ ᠤᠯᠠᠨ ᠨᠡᠶᠢᠭᠡᠮ ᠤᠨ ᠰᠢᠨᠵᠢᠯᠡᠭᠦ ᠤᠬᠠᠭᠠᠨ ᠤ ᠤᠨᠤᠯ ᠤᠨ | ᠠᠵᠢᠯᠳᠠᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠺᠠᠳ᠋ᠷ ᠤᠯᠠᠨ ᠲᠦᠮᠨᠨ ᠤ ᠬᠠᠮᠤᠭ ᠠᠴᠠ | ᠬᠠᠯᠠᠮᠵᠢᠯᠠᠵᠤ ᠬᠠᠮᠤᠭ ᠠᠴᠠ ᠰᠢᠢᠳᠪᠦᠷᠢᠯᠡᠭᠦᠯᠭᠦ ᠪᠠᠷ ᠱᠠᠭᠠᠷᠳᠠᠵᠤ ᠪᠦᠬᠦᠢ ᠠᠰᠠᠭᠤᠳᠠᠯ ᠢ ᠰᠠᠶᠢᠲᠤᠷ ᠰᠤᠳᠤᠯᠤᠨ | ᠬᠠᠷᠢᠭᠤᠯᠬᠤ ᠪᠠᠷ ᠴᠢᠬᠤᠯᠠ ᠪᠠᠷᠢᠮᠵᠢᠶ᠎ᠠ ᠪᠤᠯᠭᠠᠬᠤ ᠬᠡᠷᠡᠭᠳᠡᠢ︔ ᠬᠡᠷᠡᠭᠯᠡᠭᠦ ᠶᠢᠨ ᠲᠦᠯᠦᠭᠡ ᠰᠤᠳᠤᠯᠬᠤ ᠶᠢ | ᠪᠠᠷᠢᠮᠳᠠᠯᠠᠵᠤ᠂ ᠤᠨᠤᠯ ᠤᠨ ᠦᠷ᠎ᠠ ᠪᠦᠳᠦᠭᠡᠯ ᠢ ᠠᠵᠢᠯ ᠢᠶᠠᠨ ᠠᠬᠢᠭᠤᠯᠬᠤ ᠪᠤᠳᠠᠳᠤ ᠠᠵᠢᠯᠯᠠᠭ᠎ᠠ ᠪᠤᠯᠭᠠᠨ | ᠤᠯᠠᠷᠢᠭᠤᠯᠵᠤ᠂ ᠤᠯᠤᠰ ᠲᠦᠷᠦ ᠶᠢᠨ ᠠᠮᠵᠢᠯᠳᠠ ᠶᠢᠨ ᠠᠮᠢᠵᠢᠷᠠᠯ ᠤᠨ ᠬᠦᠴᠦᠨ ᠢ ᠦᠨᠡᠨᠬᠦ ᠴᠢᠩᠭᠠᠷᠠᠭᠤᠯᠬᠤ | ᠬᠡᠷᠡᠭᠳᠡᠢ ᠬᠡᠵᠤ ᠱᠠᠭᠠᠷᠳᠠᠵᠠᠢ᠃ |