ᠪᠠᠶᠠᠨᠨᠠᠭᠤᠷ ᠬᠤᠲᠠ ᠰᠤᠷᠭᠠᠭᠤᠯᠢ ᠶᠢᠨ ᠭᠠᠳᠠᠨᠠᠬᠢ ᠰᠤᠷᠤᠭᠴᠢᠳ ᠤᠨ ᠵᠢᠵᠢᠭ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2017/11/22
      ᠣᠶᠢᠷ᠎ᠠ ᠳᠤ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠪᠠᠶᠠᠨᠨᠠᠭᠤᠷ ᠬᠤᠲᠠ ᠶᠢᠨ ᠰᠤᠷᠤᠭᠴᠢᠳ ᠤᠨ ︿ᠵᠢᠵᠢᠭ ᠬᠤᠭᠤᠯᠠᠨ ᠭᠡᠷ﹀᠎ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾᠎ ᠶᠢ ᠨᠡᠶᠢᠲᠡᠯᠡᠪᠡ᠃ ᠳᠤᠰ ︽ᠠᠷᠭ᠎ᠠ︾᠎ ᠳᠤ ᠰᠤᠷᠭᠠᠭᠤᠯᠢ ᠶᠢᠨ ᠭᠠᠳᠠᠨᠠᠬᠢ ᠰᠤᠷᠤᠭᠴᠢᠳ ᠤᠨ ᠵᠢᠵᠢᠭ ᠬᠤᠭᠤᠯᠠᠨ ᠭᠡᠷ ᠪᠤᠯ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠭᠡᠷ ᠤᠨ ᠠᠬᠠᠮᠠᠳ ᠲᠤ ᠲᠦᠭᠦᠮ ᠦᠵᠡᠬᠦᠯᠬᠦ ᠶᠢᠨ ᠲᠦᠯᠦᠭᠡ ᠰᠤᠷᠭᠠᠭᠤᠯᠢ ᠶᠢᠨ ᠭᠠᠳᠠᠨ᠎ᠠ ᠪᠠᠶᠢᠭᠤᠯᠤᠭᠰᠠᠨ ᠪᠦᠭᠡᠳ ᠵᠢᠭᠠᠨ ᠰᠤᠷᠭᠠᠬᠤ ᠪᠤᠰᠤ ᠴᠠᠭ ᠲᠤ ᠰᠤᠷᠤᠭᠴᠢᠳ ᠲᠤ ᠬᠤᠭᠤᠯᠠ ᠤᠮᠳᠠᠭᠠᠨ ᠤ ᠦᠢᠯᠡᠴᠢᠯᠡᠭᠡ ᠬᠠᠩᠭᠠᠬᠤ ᠡᠵᠡᠩᠨᠡᠯᠲᠡ ᠶᠢᠨ ᠴᠢᠨᠠᠷᠲᠠᠶ ᠪᠠᠶᠢᠭᠤᠯᠤᠮᠵᠢ ᠪᠣᠯᠤᠨ᠎ᠠ ᠭᠡᠳᠡᠭ ᠤᠬᠠᠭᠳᠠᠬᠤᠨ ᠢ ᠲᠤᠲᠤᠷᠬᠠᠶᠢᠯᠠᠪᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠤᠲᠤᠷᠬᠠᠶᠢᠯᠠᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ︽ᠠᠷᠭ᠎ᠠ︾᠎ ᠶᠢᠨ ᠬᠤᠯᠪᠤᠭᠳᠠᠯ ᠪᠦᠬᠦᠢ ᠲᠣᠭᠲᠠᠭᠠᠯ ᠶᠤᠰᠤᠭᠠᠷ᠂ ᠲᠤᠰ ᠭᠠᠵᠠᠷ ᠣᠷᠣᠨ ᠤ ᠪᠠᠨ  ᠰᠤᠷᠤᠭᠴᠢᠳ ᠤᠨ ︽ᠵᠢᠵᠢᠭ ᠬᠤᠭᠤᠯᠠᠨ ᠭᠡᠷ︾᠎ ᠤᠨ ᠳᠠᠩᠰᠠᠯᠠᠭᠤᠯᠬᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠬᠦ ᠬᠡᠷᠡᠭᠲᠠᠢ᠂ ᠰᠤᠷᠤᠭᠴᠢᠳ ᠤᠨ ︽ᠵᠢᠵᠢᠭ ᠬᠤᠭᠤᠯᠠᠨ ᠭᠡᠷ︾᠎ ᠢ ᠨᠡᠭᠡᠭᠡᠨ ᠡᠵᠡᠩᠨᠡᠭᠴᠢ ᠨᠢ ᠢᠳᠡᠭᠡᠨ ᠤ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠰᠤᠷᠭᠠᠭᠤᠯᠢ ᠵᠡᠷᠭᠡ ᠰᠠᠯᠠᠭ᠎ᠠ ᠮᠥᠴᠢᠷ᠂ ᠨᠢᠭᠡᠴᠡ ᠶᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠪᠠᠨ ᠳᠣᠲᠣᠷᠠᠬᠢ ︽ᠵᠢᠵᠢᠭ ᠬᠤᠭᠤᠯᠠᠨ ᠭᠡᠷ︾᠎ ᠢ ᠪᠦᠬᠦ ᠲᠠᠯ᠎ᠠ ᠪᠠᠷ ᠪᠠᠶᠢᠴᠠᠭᠠᠵᠤ᠂ ᠰᠠᠭᠤᠷᠢ ᠲᠤᠭ᠎ᠠ ᠶᠢ ᠲᠤᠲᠤᠷᠬᠠᠢ ᠤᠶᠢᠯᠠᠭᠠᠨ᠂ ᠪᠦᠷᠢᠳᠭᠡᠨ ᠳᠠᠩᠰᠠᠯᠠᠵᠤ᠂ ᠲᠤᠬᠠᠶ ᠶᠢᠨ ᠭᠠᠵᠠᠷ ᠤᠨ ᠎ ᠪᠠᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠦᠨᠳᠦᠰᠦᠨ ᠮᠡᠳᠡᠭᠡ ᠵᠠᠩᠭᠢ ᠶᠢ ᠬᠠᠩᠭᠠᠬᠤ ᠬᠡᠷᠡᠭᠲᠡᠶ᠃ ᠬᠠᠷᠢᠶ᠎ᠠ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠰᠤᠷᠤᠭᠴᠢᠳ ᠤᠨ ︽ᠵᠢᠵᠢᠭ ᠬᠤᠭᠤᠯᠠᠨ ᠭᠡᠷ︾᠎ ᠤᠨ ᠬᠤᠭᠤᠯᠠ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠳᠤ ᠪᠦᠷᠢᠳᠭᠡᠨ ᠳᠠᠩᠰᠠᠯᠠᠵᠤ ᠬᠠᠮᠢᠶᠠᠷᠬᠤ ᠪᠠ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠬᠢᠬᠦ ᠬᠡᠷᠡᠭᠲᠡᠶ᠃ ᠡᠭᠦᠨ ᠠᠴᠠ ᠭᠠᠳᠠᠨ᠎ᠠ᠂ ︽ᠠᠷᠭ᠎ᠠ︾᠎ ᠳᠤ ︽ᠵᠢᠵᠢᠭ ᠬᠤᠭᠤᠯᠠᠨ ᠭᠡᠷ︾ ᠡᠷᠬᠢᠯᠡᠬᠦ ᠦᠨᠳᠦᠰᠦᠨ ᠨᠥᠬᠦᠴᠡᠯ ᠬᠢᠭᠡᠳ ᠳᠠᠩᠰᠠᠯᠠᠨ ᠬᠠᠮᠢᠶᠠᠷᠬᠤ ᠳᠤ ᠬᠠᠷᠢᠴᠠᠩᠭᠤᠢ ᠪᠦᠬᠦᠢ ᠳᠦᠷᠢᠮ ᠲᠣᠭᠲᠠᠭᠠᠯ ᠭᠠᠷᠭᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号