11 ᠳ᠋ᠤᠭᠡᠷ ᠰᠠᠷ᠎ᠠ ᠶᠢᠨ 22 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠪᠤᠭᠤᠳᠤ ᠬᠤᠳᠠ ᠳᠤ | ᠪᠠᠶᠢᠴᠠᠭᠠᠨ ᠰᠤᠳᠤᠯᠤᠯᠳᠠ ᠬᠢᠪᠠ᠃ ᠲᠡᠷᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠶᠤᠨ ᠤᠬᠠᠭᠠᠨ ᠪᠤᠯᠤᠨ ᠬᠦᠴᠦᠨ ᠴᠢᠳᠠᠯ ᠢᠶᠠᠨ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠠᠴᠠ ᠲᠤᠬᠳᠠᠭᠠᠬᠰᠠᠨ ᠡᠯ᠎ᠠ ᠵᠦᠢᠯ ᠤᠨ ᠡᠭᠦᠷᠭᠡ ᠲᠡᠭᠡᠷ᠎ᠠ ᠲᠦᠪᠯᠡᠷᠡᠭᠦᠯᠵᠤ᠂ | ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠪᠠᠷ ᠬᠦᠳᠦᠯᠦᠨ ᠲᠠᠭᠠᠭᠤᠯᠬᠤ ᠪᠠᠨ ᠴᠢᠩᠳᠠᠯᠠᠵᠤ᠂ | ᠬᠦᠭᠵᠢᠯᠳᠡ ᠶᠢᠨ ᠠᠷᠭ᠎ᠠ ᠬᠡᠯᠪᠡᠷᠢ ᠪᠠᠨ ᠲᠦᠷᠭᠡᠳᠭᠡᠨ ᠬᠤᠪᠢᠷᠠᠭᠤᠯᠵᠤ᠂ ᠠᠵᠤ ᠠᠬᠤᠢ ᠶᠢᠨ ᠦᠷᠭᠦᠯᠵᠢᠯᠡᠨ | ᠡᠷᠡᠭᠦᠯ ᠢᠶᠠᠷ ᠬᠦᠭᠵᠢᠭᠦ ᠶᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃ | | | | 11 ᠳ᠋ᠤᠭᠡᠷ ᠰᠠᠷ᠎ᠠ ᠶᠢᠨ 22 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠦᠷ ᠮᠤᠩᠭᠤᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠲᠤ ᠤᠶᠤᠲᠠᠳ ᠤᠨ | ᠳᠠᠳᠤᠯᠭ᠎ᠠ ᠰᠤᠷᠢᠯᠲᠠ ᠶᠢᠨ ᠪᠤᠯᠪᠠᠰᠤᠷᠠᠯ ᠤᠨ ᠰᠠᠭᠤᠷᠢᠨ ᠭᠠᠵᠠᠷ ᠤᠨ ᠰᠤᠷᠤᠭᠴᠢᠳ ᠲᠠᠢ ᠶᠠᠷᠢᠯᠴᠠᠪᠠ᠃ | ᠦᠪᠦᠷ ᠮᠤᠩᠭᠤᠯ ᠤᠨ ᠰᠢᠨᠵᠢᠯᠡᠭᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠪᠤᠯ ᠲᠡᠮᠦᠷᠯᠢᠭ | ᠬᠠᠶᠢᠯᠤᠭᠤᠯᠬᠤ᠂ ᠠᠭᠤᠷᠬᠠᠢ ᠶᠢᠨ ᠦᠢᠯᠡᠰ᠂ ᠨᠡᠭᠦᠷᠡᠰᠦ᠂ ᠬᠤᠪᠤᠷ ᠰᠢᠷᠤᠢ ᠪᠠᠷ ᠤᠨᠴᠠᠯᠢᠭ ᠪᠤᠯᠭᠠᠬᠰᠠᠨ ᠤᠯᠠᠨ | ᠰᠢᠨᠵᠢᠯᠡᠭᠡᠨ ᠤ ᠴᠢᠨᠠᠷᠳᠠᠢ ᠶᠡᠭᠡ ᠰᠤᠷᠭᠠᠭᠤᠯᠢ ᠪᠤᠯᠤᠨ᠎ᠠ᠃ ᠦᠪᠦᠷ ᠮᠤᠩᠭᠤᠯ ᠤᠨ ᠰᠢᠨᠵᠢᠯᠡᠭᠦ ᠤᠬᠠᠭᠠᠨ | ᠮᠡᠷᠭᠡᠵᠢᠯ ᠤᠨ ᠶᠡᠭᠡ ᠰᠤᠷᠭᠠᠭᠤᠯᠢ ᠶᠢᠨ ᠤᠶᠤᠳᠠᠳ ᠤᠨ ᠠᠲᠠᠯ ᠦᠢᠯᠡᠰ ᠴᠤᠭᠴᠠᠯᠠᠬᠤ ᠨᠡᠪᠴᠢᠬᠦᠯᠦᠬᠦᠷ ᠤᠨ | ᠰᠠᠭᠤᠷᠢᠨ ᠭᠠᠵᠠᠷ᠂ ᠲᠠᠳᠤᠯᠭ᠎ᠠ ᠰᠤᠷᠢᠯᠳᠠ ᠶᠢᠨ ᠰᠠᠭᠤᠷᠢᠨ ᠭᠠᠵᠠᠷ ᠲᠤ᠂ ᠪᠦ᠋ ᠰᠢᠶᠤᠤ ᠯᠢᠨ ᠰᠤᠷᠤᠬᠴᠢᠳ ᠲᠠᠢ | ᠲᠤᠳᠤᠨᠤ ᠪᠠᠷ ᠶᠠᠷᠢᠯᠴᠠᠵᠤ᠂ ᠲᠡᠳᠡᠨ ᠢ ᠲᠤᠰᠬᠠᠢ ᠮᠡᠷᠭᠡᠵᠢᠯ ᠤᠨ ᠮᠡᠳᠡᠯᠭᠡ ᠪᠠᠨ ᠰᠠᠶᠢᠲᠤᠷ ᠰᠤᠷᠤᠯᠴᠠᠨ᠂ ᠠᠲᠠᠯ | ᠦᠢᠯᠡᠰ ᠴᠤᠭᠴᠠᠯᠠᠬᠤ ᠤᠬᠠᠮᠰᠠᠷ ᠢᠶᠠᠨ ᠴᠢᠩᠭᠠᠷᠠᠭᠤᠯᠤᠭᠠᠷᠠᠢ ᠬᠡᠵᠤ ᠵᠤᠷᠢᠬᠵᠢᠭᠤᠯᠪᠠ᠃ ᠦᠪᠦᠷ ᠮᠤᠩᠭᠤᠯ ᠤᠨ | ᠰᠢᠨᠵᠢᠯᠡᠭᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠮᠤᠵᠢ ᠶᠠᠮᠤᠨ ᠬᠠᠮᠳᠤᠪᠡᠷ ᠪᠠᠶᠢᠭᠤᠯᠬᠤ ᠤᠯᠤᠰ ᠤᠨ | ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠤᠨ ᠪᠤᠶᠢᠵᠢᠭᠤᠯᠬᠤ ᠰᠠᠭᠤᠷᠢᠨ ᠭᠠᠵᠠᠷ ᠪᠤᠯᠤᠨ ᠪᠠᠶ᠋ᠬᠠᠤᠪᠤᠭ᠎ᠠ ᠶᠢᠨ | ᠲᠠᠭᠠᠯᠳᠠ ᠠᠭᠤᠷᠬᠠᠢ ᠶᠢᠨ ᠬᠠᠶᠠᠬᠳᠠᠮᠠᠯ ᠪᠤᠳᠠᠰ ᠤᠨ ᠡᠬᠢ ᠪᠠᠶᠠᠯᠢᠬ ᠢ ᠶᠡᠷᠦᠩᠭᠡᠶᠢᠯᠡᠨ ᠠᠰᠢᠬᠯᠠᠬᠤ ᠤᠯᠤᠰ ᠪᠠ | ᠤᠷᠤᠨ ᠨᠤᠳᠤᠭ ᠤᠨ ᠬᠠᠮᠳᠤᠷᠠᠬᠰᠠᠨ ᠢᠨᠵᠧᠨᠧᠷᠢᠩ ᠤᠨ ᠰᠤᠳᠤᠯᠭᠠᠨ ᠤ ᠲᠦᠪ ᠲᠤ᠂ ᠪᠦ᠋ ᠰᠢᠶᠤᠤ ᠯᠢᠨ ᠲᠤᠨᠤᠭ | ᠲᠦᠭᠦᠭᠡᠷᠦᠮᠵᠢ ᠶᠢᠨ ᠲᠤᠬᠢᠷᠠᠭᠤᠯᠤᠯᠳᠠ᠂ ᠰᠢᠨᠵᠢᠯᠡᠭᠦ ᠤᠬᠠᠭᠠᠨ ᠮᠡᠷᠭᠡᠵᠢᠯ ᠤᠨ ᠰᠤᠳᠤᠯᠤᠯᠳᠠ ᠨᠡᠬᠡᠭᠡᠯᠳᠡ | ᠠᠰᠢᠬᠯᠠᠯᠳᠠ ᠵᠡᠷᠭᠡ ᠪᠠᠶᠢᠳᠠᠯ ᠢ ᠨᠢᠮᠪᠠᠢ ᠪᠠᠶᠢᠴᠠᠭᠠᠨ ᠦᠵᠡᠪᠡ᠃ ᠪᠦ᠋ ᠰᠢᠶᠤᠤ ᠯᠢᠨ᠂ ᠦᠢᠯᠡᠳᠪᠦᠷᠢᠯᠡᠯ ᠰᠤᠷᠭᠠᠭᠤᠯᠢ | ᠰᠤᠳᠤᠯᠤᠯ ᠤᠨ ᠬᠦᠨᠵᠡᠭᠡᠢ ᠠᠭᠤᠰᠤᠯᠴᠠᠯ ᠢ ᠠᠬᠢᠭᠤᠯᠵᠤ᠂ ᠵᠠᠩᠬᠢᠯᠠᠭ᠎ᠠ ᠶᠢᠨ ᠭᠤᠤᠯᠯᠠᠬᠤ ᠮᠡᠷᠭᠡᠵᠢᠯ ᠤᠨ | ᠰᠢᠪᠲᠤᠯᠤᠯᠲᠠ ᠶᠢᠨ ᠲᠠᠯ᠎ᠠ ᠪᠠᠷ ᠨᠢᠭᠡ ᠪᠦᠯᠦᠭ ᠴᠢᠨᠠᠷ ᠰᠠᠶᠢᠲᠠᠢ ᠰᠤᠳᠤᠯᠭᠠᠨ ᠤ ᠦᠷ᠎ᠠ ᠪᠦᠳᠦᠭᠡᠯ ᠭᠠᠷᠭᠠᠵᠤ᠂ | ᠲᠤᠳᠤᠭᠠᠳᠤ ᠠᠭᠤᠯᠤᠬᠳᠠᠬᠤᠨ ᠤ ᠮᠠᠶ᠋ᠢᠭ ᠤᠨ ᠬᠦᠭᠵᠢᠯᠳᠡ ᠶᠢ ᠪᠡᠶᠡᠯᠡᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃ | | | | 11 ᠳ᠋ᠤᠭᠡᠷ ᠰᠠᠷ᠎ᠠ ᠶᠢᠨ 22 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠪᠤᠭᠤᠳᠤ ᠶᠢᠨ ᠪᠤᠯᠤᠳ ᠲᠡᠮᠦᠷ ︵ | ᠪᠦᠯᠦᠭᠯᠡᠯ︶ ᠤᠨ ᠺᠤᠮᠫᠠᠨᠢ ᠶᠢᠨ ᠬᠤᠪᠤᠷ ᠰᠢᠷᠤᠢ ᠶᠢᠨ ᠪᠤᠯᠤᠳ ᠬᠠᠪᠳᠠᠰᠤᠨ ᠮᠠᠲ᠋ᠧᠷᠢᠶᠠᠯ ᠤᠨ ᠦᠢᠯᠡᠳᠪᠦᠷᠢ ᠶᠢᠨ | ᠬᠦᠢᠲᠡᠨ ᠬᠡᠪᠰᠢᠬᠦᠯᠭᠡ ᠶᠢᠨ ᠦᠢᠯᠡᠳᠪᠦᠷᠢᠯᠡᠯ ᠤᠨ ᠱᠤᠭᠤᠮ ᠢ ᠪᠠᠶᠢᠴᠠᠭᠠᠨ ᠰᠤᠳᠤᠯᠪᠠ᠃ | ᠪᠤᠭᠤᠳᠤ ᠶᠢᠨ ᠪᠤᠯᠤᠳ ᠲᠡᠮᠦᠷ ︵ᠪᠦᠯᠦᠭᠯᠡᠯ︶ ᠤᠨ ᠬᠢᠵᠠᠭᠠᠷᠳᠦ ᠬᠠᠷᠢᠭᠤᠴᠠᠯᠭᠠᠳᠦ ᠺᠤᠮᠫᠠᠨᠢ ᠳᠤ᠂ ᠪᠦ᠋ | ᠰᠢᠶᠤᠤ ᠯᠢᠨ ᠦᠪᠦᠷ ᠮᠤᠩᠭᠤᠯ ᠤᠨ ᠪᠤᠯᠤᠳ ᠲᠡᠮᠦᠷ ᠤᠨ ᠭᠤᠤᠯ ᠰᠡᠳᠦᠪᠳᠦ ᠴᠡᠴᠡᠷᠯᠢᠭ ᠤᠨ ᠪᠦᠳᠦᠭᠡᠨ | ᠪᠠᠶᠢᠭᠤᠯᠤᠯᠲᠠ ᠶᠢᠨ ᠪᠠᠶᠢᠳᠠᠯ ᠵᠢᠴᠢ ᠪᠤᠭᠤᠳᠤ ᠶᠢᠨ ᠪᠤᠯᠤᠳ ᠲᠡᠮᠦᠷ ᠤᠨ ᠬᠤᠪᠤᠷ ᠰᠢᠷᠤᠢ ᠶᠢᠨ ᠪᠤᠯᠤᠳ | ᠪᠤᠯᠪᠠᠰᠤᠷᠠᠭᠤᠯᠬᠤ ᠲᠡᠮᠦᠷ ᠬᠠᠶᠢᠯᠤᠭᠤᠯᠬᠤ ᠦᠢᠯᠡᠳᠪᠦᠷᠢ ᠶᠢᠨ 7᠂ 8 ᠳ᠋ᠤᠭᠠᠷ ᠨᠤᠮᠧᠷᠳᠦ ᠬᠠᠶᠢᠯᠤᠭᠤᠯᠬᠤ | ᠵᠤᠤᠬ᠎ᠠ ᠶᠢᠨ ᠭᠤᠤᠯ ᠡᠵᠡᠮᠳᠡᠭᠦ ᠲᠠᠰᠤᠭ᠂ ᠬᠤᠪᠤᠷ ᠰᠢᠷᠤᠢ ᠶᠢᠨ ᠪᠤᠯᠤᠳ ᠬᠠᠪᠲᠠᠰᠤᠨ ᠮᠠᠲ᠋ᠧᠷᠢᠶᠠᠯ ᠤᠨ | ᠦᠢᠯᠡᠳᠪᠦᠷᠢ ᠶᠢᠨ ᠬᠦᠢᠲᠡᠨ ᠬᠡᠪᠰᠢᠬᠦᠯᠭᠡ ᠶᠢᠨ ᠦᠢᠯᠡᠳᠪᠦᠷᠢᠯᠡᠯ ᠤᠨ ᠱᠤᠭᠤᠮ ᠪᠠ ᠳ᠋ᠢᠶᠠᠮᠧᠲᠷ ᠨᠢ 159 | ᠮᠢᠯᠢᠮᠧᠲᠷ ᠪᠦᠬᠦᠢ ᠵᠠᠭᠠᠳᠠᠰᠤ ᠦᠭᠡᠢ ᠪᠤᠯᠤᠳ ᠬᠤᠭᠤᠯᠠᠢ ᠶᠢᠨ ᠦᠢᠯᠡᠳᠪᠦᠷᠢᠯᠡᠯ ᠤᠨ ᠱᠤᠭᠤᠮ ᠢ ᠪᠤᠳᠠᠳᠠᠢ | ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠦᠢᠯᠡᠳᠪᠦᠷᠢᠯᠡᠯ ᠤᠨ ᠤᠷᠠᠯᠠᠯ ᠤᠨ ᠶᠠᠪᠤᠴᠠ᠂ ᠦᠢᠯᠡᠳᠭᠦᠨ ᠤ ᠲᠦᠷᠦᠯ | ᠵᠦᠢᠯ᠂ ᠵᠠᠬ᠎ᠠ ᠲᠡᠯᠭᠡᠭᠦᠷ ᠤᠨ ᠪᠤᠷᠤᠯᠠᠭᠤᠯᠭ᠎ᠠ ᠶᠢᠨ ᠵᠠᠮ ᠵᠢᠴᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ᠂ | ᠦᠭᠡᠷᠡᠴᠢᠯᠡᠯᠳᠡ ᠬᠢᠵᠤ ᠰᠢᠨ᠎ᠠ ᠶᠢ ᠡᠭᠦᠳᠦᠭᠰᠡᠨ᠂ ᠪᠦᠳᠦᠴᠡ ᠶᠢᠨ ᠲᠤᠬᠢᠷᠠᠭᠤᠯᠤᠯᠳᠠ ᠵᠡᠷᠭᠡ ᠪᠠᠶᠢᠳᠠᠯ ᠢ ᠨᠢ ᠨᠠᠷᠢᠨ | ᠤᠶᠢᠯᠠᠭᠠᠪᠠ᠃ ᠪᠦ᠋ ᠰᠢᠶᠤᠤ ᠯᠢᠨ᠂ ᠶᠠᠰᠦ ᠴᠢᠨᠠᠷ ᠢ ᠲᠡᠷᠢᠭᠦᠨ ᠳᠤ ᠲᠠᠯᠪᠢᠬᠤ᠂ ᠦᠷ᠎ᠠ ᠠᠰᠢᠭ ᠢ ᠲᠡᠷᠢᠭᠦᠨ ᠳᠤ | ᠲᠠᠯᠪᠢᠬᠤ ᠶᠢ ᠪᠠᠷᠢᠮᠳᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ | ᠰᠢᠵᠢᠮ ᠪᠤᠯᠭᠠᠨ᠂ ᠠᠵᠤ ᠠᠬᠤᠶᠢᠯᠠᠯ ᠤᠨ ᠰᠢᠨ᠎ᠠ ᠶᠢ ᠡᠭᠦᠳᠭᠦ ᠴᠢᠳᠠᠪᠤᠷᠢ ᠪᠤᠯᠤᠨ ᠦᠷᠢᠰᠦᠯᠳᠦᠭᠦ ᠬᠦᠴᠦᠨ ᠢᠶᠠᠨ | ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ ᠬᠡᠵᠤ ᠴᠢᠬᠤᠯᠠᠴᠢᠯᠠᠵᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠪᠤᠭᠤᠳᠤ ᠬᠤᠳᠠ ᠶᠢᠨ | ᠨᠠᠮ ᠤᠨ ᠬᠤᠷᠢᠶ᠎ᠠ ᠶᠢᠨ ᠱᠦᠵᠢ ᠵᠠᠩ ᠶᠤᠸᠠᠨ ᠵᠦᠩ ᠵᠢᠴᠢ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ | ᠰᠠᠯᠠᠭ᠎ᠠ ᠮᠦᠴᠢᠷ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠳᠠᠨ ᠨᠦᠬᠦᠳ ᠬᠠᠮᠳᠤ ᠪᠠᠶᠢᠴᠠᠭᠠᠨ | ᠰᠤᠳᠤᠯᠪᠠ᠃ |